ᠣᠷᠳᠣᠰ ᠬᠤᠲᠠ᠄ ︽ᠬᠤᠲᠠ ᠶᠢ ᠳᠤᠯᠠᠭᠠᠴᠠᠭᠤᠯᠬᠤ ᠂ ᠠᠷᠠᠳ ᠢ ᠳᠤᠯᠠᠭᠠᠴᠠᠭᠤᠯᠬᠤ ᠂ ᠰᠡᠳᠬᠢᠯ ᠢ ᠳᠤᠯᠠᠭᠠᠴᠠᠭᠤᠯᠬᠤ︾ ᠤᠯᠠᠨ ᠠᠷᠭ᠎ᠠ ᠶᠢᠨ ᠠᠯᠢ ᠨᠢᠬᠡ ᠨᠢ ᠲᠠᠨ ᠢ ᠲᠤᠯᠠᠭᠠᠯᠠᠬᠤ ᠪᠤᠯᠤᠨ᠎ᠠ
ᠨᠡᠶᠢᠲᠡᠯᠡᠭᠰᠡᠨ ᠴᠠᠭ᠄
2023/8/31
   ᠤᠷᠳᠤᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ2023 ᠤᠨ ᠳᠤ  ︽ᠳᠤᠯᠠᠭᠠᠨ ᠬᠤᠲᠠ︾ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠬᠠᠷᠠᠯᠲᠠᠲᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ︽︿ᠬᠤᠲᠠ ᠶᠢ ᠳᠤᠯᠠᠭᠠᠴᠠᠭᠤᠯᠬᠤ᠂ ᠠᠷᠠᠳ ᠢ ᠳᠤᠯᠠᠭᠠᠴᠠᠭᠤᠯᠬᠤ ᠂ ᠰᠡᠳᠬᠢᠯ ᠢ ᠳᠤᠯᠠᠭᠠᠴᠠᠭᠤᠯᠬᠤ﹀ ᠰᠢᠷᠢᠰ ᠠᠵᠢᠯᠯᠠᠭ᠎ᠠ ᠶᠢᠨ ᠨᠠᠷᠢᠨ ᠲᠠᠩᠰᠠ︾ ᠶᠢ ᠲᠣᠭᠲᠠᠭᠠᠵᠤ᠂ ︽ᠠᠷᠠᠳ ᠤᠨ ᠰᠡᠳᠬᠢᠯ ᠢ ᠳᠤᠯᠠᠭᠠᠴᠠᠭᠤᠯᠬᠤ︾ 12 ᠠᠵᠢᠯᠯᠠᠭ᠎ᠠ ᠶᠢ ᠲᠣᠭᠲᠠᠭᠠᠭᠰᠠᠨ ᠪᠠᠶᠢᠨ᠎ᠠ᠃ ᠣᠳᠣᠬᠠᠨ ᠳᠤ ᠡᠯ᠎ᠡ ᠵᠦᠢᠯ ᠤᠨ ᠠᠵᠢᠯᠯᠠᠭ᠎ᠠ ᠶᠠᠭ ᠢᠳᠡ ᠬᠥᠭ ᠲᠠᠢ ᠶᠠᠪᠤᠭᠳᠠᠵᠤ ᠪᠠᠶᠢᠨ᠎ᠠ᠂ ᠲᠠ ᠨᠠᠷ ᠨᠠᠷᠢᠨ ᠪᠠᠶᠢᠳᠠᠯ ᠲᠠᠢ ᠲᠠᠨᠢᠯᠴᠠᠭᠠᠷᠠᠢ᠄     ︽ᠨᠠᠳᠠ ᠳᠤ ᠨᠰᠤᠵᠢᠯᠳᠠ ᠳᠤ ᠲᠣᠬᠢᠷᠠᠬᠤ ᠣᠷᠣᠨ ᠰᠠᠭᠤᠴᠠ ᠲᠠᠢ︾ — ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ 2022 ᠣᠨ ᠳᠤ ᠨᠠᠰᠤᠵᠢᠯᠲᠠ ᠳᠤ ᠲᠣᠬᠢᠷᠠᠬᠤ 500 ᠡᠷᠦᠬᠡ ᠦᠬᠡᠷᠡᠴᠢᠯᠡᠭᠰᠡᠨ ᠰᠠᠭᠤᠷᠢᠨ ᠳᠡᠭᠡᠷ᠎ᠡ᠂ 2023 ᠣᠨ ᠳᠤ   1291 ᠡᠷᠦᠬᠡ ᠶᠢ ᠦᠬᠡᠷᠡᠴᠢᠯᠡᠬᠡᠳ ᠪᠠᠶᠢᠨ᠎ᠠ᠃   ︽ᠪᠡᠶ᠎ᠡ ᠳᠤ ᠪᠠᠨ ᠵᠦᠪ ᠦᠬᠡᠢ ᠪᠤᠯᠪᠠᠴᠤ ᠬᠠᠯᠠᠭᠤᠨ ᠲᠤᠯᠠᠭᠠᠨ ᠲᠤᠳᠠᠬᠤ ᠦᠬᠡᠢ︾ —2023 ᠣᠨ ᠳᠤ 60 ᠨᠠᠰᠤᠨ ᠠᠴᠠ ᠳᠡᠭᠡᠭᠰᠢᠬᠢ ᠪᠡᠶ᠎ᠡ ᠳᠤ ᠪᠠᠨ ᠵᠦᠪ ᠦᠬᠡᠢ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠲᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢ 500 ᠪᠠᠶᠢᠭᠤᠯᠵᠤ ᠡᠬᠢᠯᠡᠬᠡᠳ ᠪᠠᠷᠢᠯᠭ᠎ᠠ ᠶᠢᠨ ᠠᠬᠢᠴᠠ ᠶᠢᠨ 80%  ᠢ ᠪᠡᠶᠡᠯᠡᠭᠦᠯᠵᠡᠢ᠃ ᠨᠠᠰᠤᠵᠢᠯ ᠤᠨ ᠠᠰᠠᠷᠠᠮᠵᠢ ᠶᠢᠨ ᠣᠷᠣ ᠪᠠᠶᠢᠭᠤᠯᠤᠭᠳᠠᠭᠰᠠᠨ ᠤ ᠳᠠᠷᠠᠭ᠎ᠠ ᠪᠠᠴᠢᠮ  ᠲᠠᠭᠤᠳᠠᠯᠭ᠎ᠠ᠂ ᠠᠵᠢᠯᠯᠠᠭ᠎ᠠ ᠶᠢᠨ ᠬᠢᠨᠠᠨ ᠬᠡᠮᠵᠢᠯᠲᠡ᠂ ᠤᠨᠲᠠᠯᠭ᠎ᠠ ᠶᠢᠨ ᠬᠢᠨᠠᠨ ᠬᠡᠮᠵᠢᠯᠲᠡ ᠵᠡᠷᠭᠡ ᠣᠯᠠᠨ ᠶᠠᠩᠵᠤ ᠶᠢᠨ ᠴᠢᠳᠠᠮᠵᠢ ᠲᠠᠢ ᠪᠤᠯᠵᠤ᠂ ᠬᠠᠷᠠᠭᠠᠯᠵᠠᠨ ᠠᠰᠠᠷᠠᠬᠤ ᠠᠵᠢᠯᠲᠠᠨ ᠴᠤ ᠨᠠᠰᠤᠲᠠᠶᠢᠴᠤᠳ ᠤᠨ ᠪᠣᠳᠠᠲᠠᠢ ᠨᠥᠬᠦᠴᠡᠯ ᠢ ᠦᠨᠳᠦᠰᠦᠯᠡᠨ ᠠᠮᠢᠳᠤᠷᠠᠯ ᠤᠨ ᠬᠠᠷᠠᠭᠠᠯᠵᠠᠯ᠂ ᠡᠮᠴᠢᠯᠡᠭᠡᠨ ᠤ ᠰᠤᠪᠢᠯᠠᠯᠲᠠ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠥᠪᠡᠷᠮᠢᠴᠡ ᠦᠢᠯᠡᠴᠢᠯᠡᠭᠡ ᠬᠠᠩᠭᠠᠬᠤ ᠪᠣᠯᠣᠨ᠎ᠠ᠃   ︽  ᠪᠢ ᠲᠠᠨ ᠳᠤ ᠲᠠᠭᠠᠳᠬᠠᠯ ᠲᠤᠰᠢᠶᠠᠵᠤ ᠦᠭᠭᠦᠶ᠎ᠡ︾  — ᠪᠥᠬᠦ ᠬᠤᠲᠠ ᠶᠢᠨ ᠪᠦᠬᠦᠯᠢ 60 ᠨᠠᠰᠤ ︵ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠲᠤ ᠠᠳᠡᠯ ᠤᠨ ᠰᠢᠷᠬᠠᠲᠤᠯ ᠤᠨ ᠳᠠᠭᠠᠳᠬᠠᠯ ᠬᠤᠳᠠᠯᠳᠤᠨ ᠠᠪᠴᠤ ᠥᠭᠬᠦ ᠳᠤ  ᠳᠠᠭᠠᠳᠬᠠᠯ ᠤᠨ ᠮᠥᠩᠭᠦ ᠶᠢᠨ ᠲᠤᠭ᠎ᠠ ᠨᠢ 28000 ᠲᠥᠭᠦᠷᠢᠭ\ ᠬᠥᠮᠥᠨ ᠶᠤᠮ᠂ ᠪᠥᠬᠦ ᠬᠤᠲᠠ ᠶᠢᠨ 32.4 ᠲᠦᠮᠡᠨ ᠨᠠᠰᠤᠲᠠᠶᠢᠴᠤᠳ ᠲᠤ ᠠᠰᠢᠭ ᠬᠦᠷᠲᠡᠭᠡᠪᠡ᠃   ︽ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾  — ᠬᠡᠦᠬᠡᠳ ᠤᠨ ᠠᠰᠠᠷᠠᠮᠵᠢ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ︽ᠰᠠᠭᠤᠷᠢ ᠲᠠᠯᠪᠢᠬᠤ︾ ᠢᠨᠵᠧᠨᠧᠷᠢᠩ ᠢ ᠬᠡᠷᠡᠭᠵᠢᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ 39 ᠬᠡᠦᠬᠡᠳ ᠤᠨ ᠭᠡᠷ ᠢ ᠰᠢᠨ᠎ᠡ ᠪᠠᠷ ᠪᠠᠶᠢᠭᠤᠯᠵᠤ ︵ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠠᠭᠲᠠᠭᠠᠨ᠎ᠠ︶᠂ ᠣᠲᠣ ᠶᠠᠭ ᠪᠠᠷᠢᠯᠭ᠎ᠠ ᠶᠢᠨ ᠠᠵᠢᠯ ᠬᠢᠵᠦ ᠪᠠᠶᠢᠨ᠎ᠠ᠂ ᠵᠢᠱᠢᠯᠲᠡ ᠪᠠᠷ 10 ᠰᠠᠷ᠎ᠠ ᠳᠤ ᠪᠦᠬᠦᠨ ᠢ ᠠᠰᠢᠭᠯᠠᠯᠲᠠ ᠳᠤ ᠣᠷᠣᠭᠤᠯᠤᠨ᠎ᠠ᠃   ︽ᠪᠢ ᠤᠯᠠᠨ ᠲᠦᠮᠡᠨ ᠳᠤ ᠦᠢᠯᠡᠴᠢᠯᠡᠭᠡ ᠬᠤᠳᠠᠯᠳᠤᠨ ᠠᠪᠴᠤ ᠥᠭᠬᠦ︾ ᠠᠵᠢᠯᠯᠠᠭ᠎ᠠ  — ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠨᠡᠶᠢᠳᠡ 2600 ᠭᠠᠷᠤᠢ ᠤᠳᠠᠭ᠎ᠠ ᠶᠢᠨ ᠠᠵᠢᠯᠯᠠᠭ᠎ᠠ ᠥᠷᠨᠢᠭᠦᠯᠵᠦ᠂ 5.3 ᠲᠦᠮᠨ ᠤᠳᠠᠭ᠎ᠠ ᠠᠰᠢᠭ  ᠬᠦᠷᠳᠡᠬᠡᠵᠡᠢ᠃   ︽ᠨᠢᠭᠦᠯᠡᠰᠦᠩᠭᠦᠢ ᠶᠢᠨ ᠠᠵᠢᠯ ᠨᠢᠭᠡᠲᠡᠨ︾  — ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠬᠦᠨᠳᠦ ᠡᠪᠡᠳᠴᠢᠳᠠᠨ ᠢ ᠠᠪᠤᠷᠠᠨ ᠲᠤᠰᠠᠯᠠᠬᠤ᠂ ᠲᠠᠷᠢᠬᠢᠨ ᠤ ᠰᠠ ᠡᠪᠡᠳᠴᠢᠨ ᠲᠠᠢ ᠶᠠᠳᠠᠭᠤ ᠬᠦᠴᠢᠷᠳᠡᠯᠲᠡᠢ ᠬᠡᠦᠬᠡᠳ ᠢ ᠠᠪᠤᠷᠠᠨ ᠲᠤᠰᠠᠯᠠᠬᠤ᠂ ᠬᠦᠴᠢᠷᠳᠡᠯᠲᠡᠢ ᠣᠶᠤᠲᠠᠳ ᠢ ᠠᠪᠤᠷᠠᠨ ᠲᠤᠰᠠᠯᠠᠬᠤ ᠵᠡᠷᠭᠡ ᠠᠵᠢᠯᠯᠠᠭ᠎ᠠ ᠳᠤ  ᠤᠷᠤᠯᠴᠠᠭᠤᠯᠪᠠ᠃ ᠣᠳᠣᠬᠠᠨ ᠳᠤ  ᠲᠠᠷᠢᠬᠢᠨ ᠡᠪᠡᠳᠴᠢᠨ ᠲᠠᠢ 213ᠬᠡᠦᠬᠡᠳ ᠢ ᠲᠡᠳᠬᠦᠵᠦ᠂ ᠲᠡᠳᠬᠦᠭᠰᠡᠨ ᠮᠦᠡᠭᠭ ᠮᠦᠡᠭᠭᠦ  85 ᠲᠦᠮᠡᠨ ᠲᠥᠭᠦᠷᠢᠭ ᠬᠦᠷᠴᠡᠢ᠃  ᠶᠠᠳᠠᠭᠤ ᠬᠦᠴᠢᠷᠳᠡᠯᠲᠡᠢ 34 ᠣᠶᠤᠲᠠᠳ ᠢ ᠨᠡᠶᠢᠳᠡ 3.2 ᠲᠦᠮᠡᠨ ᠲᠥᠭᠦᠷᠢᠭ ᠢᠶᠠᠷ ᠲᠡᠳᠬᠦᠪᠡ᠃   ︽ᠪᠢ ᠠᠵᠤ ᠠᠬᠤᠶᠢᠯᠠᠯ ᠤᠨ ᠳᠠᠷᠤᠭᠠᠰᠤ ᠶᠢ ᠬᠦᠡᠭᠭᠡᠷᠡᠬᠦᠯᠵᠤ ᠦᠭᠭᠦᠶ᠎ᠡ︾ — ᠬᠢᠨᠠᠨ ᠪᠤᠳᠤᠬᠤ ᠺᠣᠮᠫᠠᠨᠢ ᠳᠤ ᠨᠠᠶᠢᠳᠠᠵᠤ ᠪᠦᠬᠦ ᠬᠤᠳᠠ ᠶᠢᠨ 230 ᠭᠠᠷᠤᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠰᠦᠢᠳᠬᠡᠯ ᠬᠤᠷᠢᠶᠠᠬᠤ ᠦᠭᠡᠢ ᠪᠠᠷ ᠡᠳ᠋ ᠤᠨ ᠶᠠᠪᠤᠳᠠᠯ ᠤᠨ ᠬᠢᠨᠠᠨ ᠪᠣᠳᠣᠯᠲᠠ ᠬᠢᠯᠭᠡᠵᠦ᠂ ᠣᠳᠣᠬᠠᠨ ᠳᠤ ᠨᠢᠭᠡᠨᠲᠡ 106 ᠠᠵᠤ ᠠᠬᠤᠶᠢᠯᠠᠯ ᠬᠢᠨ᠎ᠠ ᠪᠤᠳᠤᠭᠤᠯᠵᠤ᠂ ᠪᠠᠷᠤᠭ 11 ᠰᠠᠷ᠎ᠠ ᠶᠢᠨ ᠰᠡᠭᠦᠯᠴᠢ ᠪᠠᠷ ᠪᠦᠬᠦᠨ ᠢ ᠲᠠᠭᠤᠰᠬᠬᠤ ᠪᠣᠯᠣᠨ᠎ᠠ᠃   ︽ᠮᠢᠩᠭᠠᠨ ᠨᠡᠶᠢᠬᠡᠮ ᠢ ᠴᠤᠭᠯᠠᠷᠠᠭᠤᠯᠵᠤ᠂ ᠵᠠᠭᠤᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ — ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠪᠡ᠃ 2023 ᠣᠨ ᠳᠤ ᠪᠦᠬᠦ ᠬᠤᠳᠠ ᠶᠢᠨ 64 ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠪᠴᠠᠩ ᠢ ᠵᠣᠯᠭᠠᠭᠤᠯᠬᠤ᠂ ᠪᠡᠶ᠎ᠡ ᠪᠠᠨ ᠳᠠᠭᠠᠭᠠᠵᠤ ᠬᠠᠪᠰᠤᠷᠤᠨ ᠲᠡᠳᠬᠦᠬᠦ ᠪᠠᠷ ᠳᠠᠮᠵᠢᠭᠤᠯᠵᠤ᠂ ᠠᠵᠤ ᠦᠢᠯᠡᠰ᠂ ᠰᠣᠶᠣᠯ᠂ ᠴᠢᠳᠠᠪᠤᠷᠢᠲᠠᠨ᠂ ᠬᠡᠷᠡᠭᠯᠡᠭᠡ ᠵᠡᠷᠭᠡ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠶᠢᠳᠡ 1292 ᠲᠦᠮᠡ ᠭᠠᠷᠤᠢ ᠲᠥᠭᠦᠷᠢᠭ ᠤᠨ ᠬᠠᠪᠰᠤᠷᠤᠨ ᠲᠡᠳᠬᠦᠵᠦ᠂ 79640 ᠬᠥᠮᠥᠨ ᠳᠤ ᠠᠰᠢᠭ ᠬᠦᠷᠲᠡᠭᠡᠵᠡᠢ᠃  ︽ᠶᠡᠭᠡ ᠬᠠᠶᠢᠷ᠎ᠠ ᠪᠠᠷ ᠬᠤᠳᠠ ᠶᠢ ᠳᠤᠯᠠᠭᠠᠯᠠᠵᠤ᠂ ᠡᠷᠡᠭᠦᠯ ᠮᠡᠨᠳᠤ ᠳᠤ ᠬᠠᠪᠰᠤᠷᠤᠨ ᠬᠦᠰᠡᠯ ᠵᠡᠭᠦᠳᠦ ᠶᠢ ᠲᠡᠷᠬᠡᠯᠰᠢᠬᠦᠯᠤᠶ᠎ᠡ︾ — ︽ᠡᠷᠡᠭᠦᠯ ᠮᠡᠨᠳᠤ ᠳᠤ ᠲᠤᠰᠠᠯᠠᠬᠤ ᠢᠨᠵᠧᠨᠧᠷᠢᠩ︾  ᠢᠶᠠᠷ ᠳᠠᠮᠵᠢᠭᠤᠯᠵᠤ ᠣᠨᠴᠠ ᠬᠦᠴᠢᠷᠳᠡᠯᠲᠡᠢ ᠵᠡᠮᠳᠡᠭᠴᠦᠳ ᠲᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠪᠦᠲᠦᠭᠡᠭᠳᠡᠬᠦᠨ ᠢ ᠲᠦᠬᠡᠬᠡᠪᠡ᠃ ᠣᠳᠣᠬᠠᠨ ᠳᠤ ᠮᠡᠰᠡ ᠵᠠᠰᠠᠯ ᠢᠶᠠᠷ ᠵᠠᠰᠠᠬᠤ ᠴᠢᠬᠤᠯᠠᠲᠠᠢ 7 ᠬᠥᠮᠥᠨ᠂ ᠡᠷᠡᠭᠦᠯᠵᠢᠭᠦᠯᠬᠦ ᠪᠠᠭᠠᠵᠢ ᠬᠡᠷᠡᠭᠰᠡᠯ 94᠂ ᠬᠢᠮᠡᠯ ᠮᠥᠴᠢ 26᠂ ᠵᠦᠭᠰᠢᠷᠡᠬᠦᠯᠬᠦ ᠪᠠᠭᠠᠵᠢ 16  ᠴᠢᠬᠤᠯᠠᠳᠠᠢ ᠪᠠᠶᠢᠨ᠎ᠠ᠂ ᠤᠷᠴᠢᠮ ᠳᠤ ᠨᠥᠬᠦᠴᠡᠯ ᠳᠤ ᠨᠡᠶᠢᠴᠡᠬᠦ 7 ᠬᠥᠮᠥᠨ ᠳᠤ ᠬᠢᠮᠡᠯ ᠮᠥᠴᠢ ᠲᠠᠭᠠᠷᠠᠭᠤᠯᠵᠤ ᠥᠭᠭᠦᠭᠰᠡᠨ ᠪᠥᠭᠡᠳ ᠪᠤᠰᠤᠳ ᠲᠤᠰᠠᠯᠠᠮᠵᠢ ᠶᠢᠨ ᠠᠵᠢᠯᠯᠠᠭ᠎ᠠ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃   ︽ᠪᠠᠷᠢᠮᠵᠢᠶᠠᠲᠤ ᠭᠠᠵᠠᠷ ᠤᠨ ᠨᠡᠷᠡᠰ ᠲᠤ ᠰᠣᠶᠣᠯ ᠲᠠᠢ᠂ ᠠᠮᠢᠳᠤᠷᠠᠯ ᠳᠤ ᠦᠢᠯᠡᠴᠢᠯᠡᠵᠦ ᠠᠷᠠᠳ ᠤᠨ ᠰᠡᠳᠬᠢᠯ ᠢ ᠲᠤᠯᠠᠭᠠᠴᠠᠭᠤᠯᠤᠶ᠎ᠠ︾ — ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠭᠰᠡᠨ ᠨᠢᠭᠡ ᠵᠢᠯ ᠤᠨ ᠣᠶ ᠶᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠪᠡ᠃ ︽ᠣᠷᠳᠣᠰ ᠤᠨ ᠭᠠᠵᠠᠷ ᠤᠨ ᠵᠢᠷᠤᠭ ᠤᠨ ᠲᠡᠭᠦᠪᠦᠷᠢ︾ ᠨᠣᠮ ᠢ  ᠪᠡᠯᠡᠭᠯᠡᠬᠦ ᠠᠵᠢᠯᠯᠠᠭ᠎ᠠ ᠶᠢ ᠥᠷᠨᠢᠭᠦᠯᠵᠦ᠂ ᠭᠠᠵᠠᠷ ᠤᠨ  ᠨᠡᠷᠡᠰ ᠤᠨ ᠰᠣᠶᠣᠯ ᠤᠨ ᠮᠡᠳᠡᠯᠭᠡ ᠶᠢᠨ ᠤᠬᠠᠭᠤᠯᠭ᠎ᠠ ᠶᠢ  ᠬᠦᠨᠵᠡᠬᠡᠶᠢᠷᠡᠬᠦᠯᠪᠡ᠃   ︽ᠴᠢᠨᠦ ᠬᠠᠶᠢᠷ᠎ᠠ ᠰᠡᠳᠬᠢᠯ ᠴᠢᠨᠢ ᠬᠡᠨ ᠢ ᠲᠤᠯᠠᠭᠠᠴᠠᠭᠤᠯᠪᠠ︖ ︾ —  ᠪᠣᠷᠤᠯᠠᠭᠤᠯᠭ᠎ᠠ ᠶᠢᠨ ᠥᠷᠲᠡᠭᠡᠨ ᠤ ᠥᠮᠴᠢᠲᠡᠨ ᠪᠣᠯᠣᠨ ᠠᠰᠠᠷᠠᠮᠵᠢ ᠶᠢᠨ ᠰᠤᠭᠤᠯᠤᠭ᠎ᠠ ᠰᠤᠭᠤᠯᠤᠭᠴᠢᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ︽ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠠᠶᠠᠯᠠᠯ · ᠵᠢᠷᠭᠤᠭᠠᠨ ᠰᠠᠷ᠎ᠠ ᠶᠢᠨ ᠨᠢᠭᠡᠨ ᠳᠤ ᠬᠡᠦᠬᠡᠳ ᠤᠨ ᠰᠡᠳᠬᠢᠯ ᠢ  ᠲᠤᠯᠠᠭᠠᠴᠠᠭᠤᠯᠤᠶ᠎ᠠ︾ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ 2.5 ᠲᠦᠮᠡᠨ ᠲᠥᠭᠦᠷᠢᠭ ᠬᠠᠨᠳᠢᠪᠯᠡᠬᠤ ᠶᠢᠨ ᠬᠠᠮᠲᠤ᠂ ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠤᠰᠠᠯᠠᠮᠵᠢ ᠶᠢᠨ ᠲᠥᠷᠥᠯ ᠵᠦᠢᠯ ᠤᠨ ︽ᠱᠠᠬᠳᠠᠷ︾ ᠭᠤᠤᠯ ᠨᠠᠰᠤᠲᠠᠨ ᠢ ᠠᠰᠠᠷᠠᠬᠤ ᠬᠦᠷᠢᠶᠡᠯᠡᠩ ᠪᠣᠯᠣᠨ ᠹᠦ᠋ ᠯᠦ ᠲᠣᠰᠬᠤᠨ ᠤ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠢ ᠲᠣᠭᠤᠷᠢᠨ ᠦᠵᠡᠭᠦᠯᠵᠦ᠂  ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠰᠤᠭᠤᠯᠤᠬᠴᠢᠳ ᠪᠣᠯᠣᠨ ᠥᠮᠴᠢᠲᠡᠨ ᠳᠤ ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠡᠷᠡᠭᠴᠡᠭᠡ ᠶᠢ ᠭᠦᠢᠴᠡᠳ ᠣᠶᠢᠯᠠᠭᠠᠭᠤᠯᠪᠠ᠃ ᠣᠷᠳᠣᠰ ᠬᠤᠳᠠ ᠶᠢᠨ ᠠᠰᠠᠷᠠᠮᠵᠢ ᠶᠢᠨ  ᠱᠠᠩᠨᠠᠯᠳᠤ ᠰᠤᠭᠤᠯᠤᠭ᠎ᠠ ᠶᠢᠨ ᠲᠥᠯᠥᠭᠡᠯᠡᠭᠴᠢᠳ ᠤᠨ ᠪᠦᠯᠬᠦᠮ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ  ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢᠨ ᠲᠥᠪ ᠲᠤ ᠣᠴᠢᠭᠤᠯᠵᠤ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠪᠣᠯᠣᠨ ᠰᠢᠯᠢᠳᠡᠭ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠦᠷᠦᠯ ᠵᠦᠢᠯ ᠵᠡᠷᠭᠡ ᠠᠭᠤᠯᠭ᠎ᠠ ᠶᠢ ᠣᠶᠢᠯᠠᠭᠠᠵᠤ᠂ ︽ᠬᠤᠣᠰ ᠥᠩᠭᠡᠲᠦ ᠪᠥᠮᠪᠦᠭᠡ︾ ᠪᠣᠯᠣᠨ ︽3D︾ ᠱᠠᠩᠨᠠᠯ ᠤᠨ ᠡᠬᠢᠯᠡᠯᠲᠡ ᠶᠢᠨ ᠪᠦᠬᠦ ᠶᠠᠪᠤᠴᠠ  ᠦᠵᠡᠵᠡᠬᠡᠪᠡ᠃  ︽ᠦᠨᠳᠦᠰᠦᠨ ᠱᠠᠲᠤᠨ ᠳᠤ ᠶᠠᠪᠤᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠰᠢᠷᠢᠰ ᠠᠵᠢᠯᠯᠠᠭ᠎ᠠ  — ︽ᠠᠷᠠᠳ ᠤᠨ ᠰᠡᠳᠬᠢᠯ ᠢ ᠳᠤᠯᠠᠭᠠᠴᠠᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ 6 ᠪᠠᠶᠢᠭᠤᠯᠵᠤ᠂ ᠪᠦᠬᠦ ᠤᠯᠤᠰ ᠤᠨ ᠪᠣᠯᠪᠠᠰᠤᠨ ᠤ ᠬᠡᠪ ᠳᠠᠭᠤᠷᠢᠶᠠᠯ ᠬᠤᠳᠠ ᠶᠢ ᠡᠭᠦᠳᠦᠨ ᠪᠠᠶᠢᠭᠤᠯᠬᠤ ᠳᠤᠮᠳᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ  ᠭᠡᠷ  ᠲᠤ  ᠪᠠᠨ ᠬᠤᠴᠣᠷᠤᠭᠰᠠᠨ ᠨᠠᠰᠤᠲᠠᠶᠢᠴᠤᠳ ᠢ  ᠬᠠᠯᠠᠮᠵᠢᠯᠠᠬᠤ᠂ ᠤᠶᠤᠨ ᠢᠶᠠᠷ ᠨᠠᠰᠤᠲᠠᠶᠢᠴᠤᠳ ᠢ ᠬᠠᠪᠰᠤᠷᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 20 ᠭᠠᠷᠤᠢ ᠤᠳᠠᠭ᠎ᠠ ᠪᠠᠶᠢᠩᠭᠤ ᠥᠷᠨᠢᠭᠦᠯᠵᠡᠢ᠃   ᠬᠤᠲᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠲᠥᠪ ᠤᠨ ᠬᠢᠨ ︽ᠵᠣᠨ ᠤ ᠤᠯᠠᠷᠢᠯ ᠳᠤ ᠰᠡᠷᠢᠬᠦᠨ ᠲᠠᠭᠠᠳᠠᠢ ᠪᠠᠶᠢᠯᠭᠠᠬᠤ︾ ᠲᠤᠰᠠᠯᠠᠮᠵᠢ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ 43 ᠲᠡᠨᠦᠭᠦᠯ ᠭᠤᠶᠢᠷᠠᠨᠴᠢᠳ ᠪᠠ ᠲᠦᠷ ᠴᠠᠭ ᠬᠦᠴᠢᠷᠳᠡᠯ ᠳᠤ  ᠲᠤᠯᠭᠠᠷᠠᠬᠰᠠᠳ ᠢ ᠲᠤᠰᠠᠯᠠᠵᠤ᠂ 15 ᠬᠥᠮᠥᠨ ᠢ ᠵᠡᠭᠡᠯᠢ ᠳᠡᠭᠡᠷ᠎ᠡ ᠲᠤᠰᠠᠯᠠᠵᠤ᠂ 225 ᠡᠯ᠎ᠡ ᠲᠥᠷᠥᠯ ᠤᠨ ᠨᠠᠷᠠᠰᠢᠬᠤ ᠠᠴᠠ ᠰᠡᠷᠭᠡᠶᠢᠯᠡᠬᠦ ᠡᠳ᠋ ᠪᠣᠳᠠᠰ ᠢ ᠲᠦᠭᠡᠭᠡᠨ᠂  ᠲᠤᠰᠠᠯᠠᠬᠤ ᠲᠡᠷᠭᠡ ᠶᠢ 103 ᠤᠳᠠᠭ᠎ᠠ ᠬᠥᠳᠡᠯᠭᠡᠪᠡ᠃  ᠤᠷᠳᠤᠰ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠤᠨ ᠬᠢᠨ ᠬᠤᠰᠢᠭᠤ ᠲᠣᠭᠤᠷᠢᠭ ᠲᠠᠢ ᠬᠠᠮᠲᠤᠷᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ︽ᠥᠴᠥᠬᠡᠨ ᠬᠦᠰᠡᠯ︾ ᠢ  ᠨᠢ ᠪᠡᠶᠡᠯᠡᠭᠦᠯᠬᠦ ᠠᠵᠢᠯᠯᠠᠭ᠎ᠠ ᠶᠢ ᠥᠷᠨᠢᠭᠦᠯᠵᠦ᠂ 3 ᠲᠠᠯᠠᠪᠤᠷ ᠠᠵᠢᠯᠯᠠᠭ᠎ᠠ ᠥᠷᠨᠢᠭᠦᠯᠵᠦ᠂ 82 ᠬᠡᠦᠬᠡᠳ ᠢ ᠬᠠᠪᠰᠤᠷᠴᠠᠢ᠃ ᠵᠣᠨ ᠤ ᠠᠮᠠᠷᠠᠯᠲᠠ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠦᠴᠢᠷᠳᠡᠯ ᠳᠤ ᠲᠤᠯᠭᠠᠷᠠᠭᠰᠠᠨ 228 ᠬᠡᠦᠬᠡᠳ ᠲᠤ ᠨᠣᠮ ᠤᠩᠰᠢᠬᠤ ᠺᠠᠷᠲ ᠬᠠᠩᠭᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号