ᠦᠬᠠᠢ ᠬᠤᠲᠠ ᠶᠢᠨ ᠬᠢᠨ ᠦᠨᠳᠦᠰᠦᠨ ᠱᠠᠲᠤᠨ ᠤ ᠳᠠᠷᠤᠭᠠᠰᠤ ᠶᠢ ᠤᠯᠠᠨ ᠠᠷᠭ᠎ᠠ ᠪᠠᠷ ᠬᠦᠡᠭᠭᠡᠷᠡᠬᠦᠯᠵᠤ ᠪᠤᠢ
ᠨᠡᠶᠢᠲᠡᠯᠡᠭᠰᠡᠨ ᠴᠠᠭ᠄
2023/8/31
    ᠦᠬᠠᠢ ᠬᠤᠳᠠ ᠶᠢᠨ ᠬᠢᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠬᠦᠯᠵᠢᠯᠡᠨ ᠪᠠᠶᠢᠩᠭᠤᠵᠢᠭᠤᠯᠤᠨ ᠦᠷᠨᠢᠬᠦᠯᠵᠤ᠂ ᠲᠣᠰᠬᠤᠨ ︵ᠨᠡᠶᠢᠭᠡᠮ ᠲᠣᠭᠤᠷᠢᠭ︶ ᠤ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠤᠯᠠᠨ ᠠᠷᠭ᠎ᠠ ᠪᠠᠷ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠬᠤ ᠰᠠᠭᠤᠷᠢ ᠶᠢ ᠪᠠᠲᠤᠳᠬᠠᠪᠠ᠃   ᠭᠠᠴᠠᠭᠠᠨ ᠤ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠨᠠᠶᠢᠳᠠᠪᠤᠷᠢᠵᠢᠭᠤᠯᠪᠠ᠃ ᠦᠬᠠᠢ ᠬᠤᠲᠠ ᠶᠢᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ︽ᠲᠣᠰᠬᠤᠨ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠷᠠᠳ ᠤᠨ ᠶᠠᠪᠤᠳᠠᠯ᠂ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠲᠦᠷᠦᠭᠦᠯᠡᠨ ᠵᠣᠬᠢᠴᠠᠭᠤᠯᠬᠤ ᠡᠭᠦᠷᠭᠡ ᠴᠢᠳᠠᠪᠤᠷᠢ  ᠶᠢ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠯᠡᠨ ᠵᠢᠯᠤᠭᠤᠳᠬᠤ᠂ ᠡᠬᠢ ᠪᠠᠶᠠᠯᠢᠭ ᠢ ᠨᠡᠶᠢᠯᠡᠭᠦᠯᠬᠦ ᠪᠠ  ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ︽ᠦᠬᠠᠢ ᠬᠤᠲᠠ ᠶᠢᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠡᠬᠡ ᠲᠠᠩᠰᠠ︾ ᠶᠢ ᠲᠤᠬᠳᠠᠭᠠᠪᠠ᠃  ᠨᠡᠶᠢᠭᠡᠮ ᠲᠣᠭᠤᠷᠢᠭ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠨᠢᠭᠡ ᠴᠣᠭᠴᠠᠵᠢᠭᠤᠯᠤᠨ ᠠᠬᠢᠭᠤᠯᠪᠠ᠃ ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠢᠨ ᠲᠠᠢ ᠬᠠᠮᠲᠤᠷᠠᠨ ︽ᠨᠡᠶᠢᠭᠡᠮ ᠲᠣᠭᠤᠷᠢᠭ ᠲᠤ ᠤᠷᠤᠵᠤ ᠰᠠᠭᠤᠬᠤ ᠶᠢ ᠵᠥᠪᠰᠢᠶᠡᠷᠡᠬᠦ ᠳᠦᠷᠢᠮ ᠢ ᠤᠯᠠᠮ ᠲᠡᠭᠦᠯᠳᠡᠷᠵᠢᠭᠦᠯᠦᠨ ᠨᠡᠶᠢᠭᠡᠮ ᠲᠣᠭᠤᠷᠢᠭ ᠤᠨ ᠠᠵᠢᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠲᠣᠭᠤᠷᠢᠭ ᠤᠨ ᠠᠵᠢᠯ᠂ ᠲᠣᠭᠲᠠᠴᠠ ᠶᠢᠨ ᠫᠠᠶᠢᠰᠠ ᠪᠣᠯᠣᠨ ᠭᠡᠷᠡᠴᠢᠯᠡᠬᠦ ᠵᠦᠢᠯᠡᠰ ᠤᠨ ᠢᠵᠢ ᠪᠦᠷᠢᠳᠦᠭᠰᠡᠨ ᠭᠠᠷᠴᠠᠭ ᠤᠨ ᠨᠠᠷᠢᠨ ᠳᠠᠩᠰᠠ ᠶᠢ ᠪᠦᠬᠦ ᠲᠠᠯ᠎ᠠ  ᠪᠠᠷ ᠵᠢᠷᠤᠮᠵᠢᠭᠤᠯᠵᠤ᠂ ᠤᠤᠯ ᠤᠨ ᠨᠡᠶᠢᠭᠡᠮ ᠲᠣᠭᠤᠷᠢᠭ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ 14 ᠵᠦᠢᠯᠡᠰ ᠤᠨ ᠶᠡᠷᠦᠩᠬᠡᠢ ᠬᠡᠮᠵᠢᠶ᠎ᠡ  ᠶᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ ᠬᠠᠤᠯᠢ ᠵᠤᠷᠪᠤᠰ ᠤᠨ ᠶᠣᠰᠣᠭᠠᠷ ᠠᠭᠤᠯᠭ᠎ᠠ  ᠶᠢ ᠨᠢ ᠤᠯᠠᠮ ᠵᠢᠷᠤᠮᠵᠢᠭᠤᠯᠪᠠ᠃    ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠯᠠᠪᠯᠠᠯᠲᠠ ᠶᠢᠨ ᠵᠠᠭᠪᠤᠷ ᠢ ᠪᠤᠢ ᠪᠤᠯᠭᠠᠪᠠ᠃ ᠬᠠᠶᠢᠷᠤᠪ ᠤᠨ ᠲᠤᠬᠤᠢ  ᠲᠣᠭᠤᠷᠢᠭ ᠲᠤ ᠨᠢᠭᠡ ᠨᠡᠶᠢᠭᠡᠮ ᠲᠣᠭᠤᠷᠢᠭ ᠨᠢᠭᠡ ᠲᠣᠰᠬᠤᠨ ᠢ ᠰᠣᠩᠭᠤᠵᠤ᠂ ᠵᠢᠯᠤᠭᠤᠳᠬᠤ ᠭᠠᠷᠴᠠᠭ ᠲᠠᠢ ᠬᠠᠷᠢᠴᠠᠭᠤᠯᠵᠤ᠂ ᠭᠠᠳᠠᠷ ᠲᠠᠯ᠎ᠠ ᠶᠢᠨ ︽4 ᠲᠡᠮᠳᠡᠭ ᠫᠠᠶᠢᠰᠠ 2 ᠲᠡᠮᠳᠡᠭ︾᠂ ᠳᠣᠲᠣᠭᠠᠳᠤ ᠶᠢᠨ ︽ᠨᠢᠭᠡ ᠥᠷᠥᠭᠡ ᠨᠢᠭᠡ ᠲᠡᠮᠳᠡᠭ︾ ᠤᠨ ᠵᠠᠷᠴᠢᠮ ᠶᠣᠰᠣᠭᠠᠷ ᠨᠡᠶᠢᠭᠡᠮ ᠲᠣᠭᠤᠷᠢᠭ ︵ᠲᠣᠰᠬᠤᠨ︶ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠬᠦᠬᠡᠷᠤᠮᠵᠢ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠰᠢᠯᠢᠳᠡᠭᠵᠢᠭᠦᠯᠵᠦ᠂ ᠴᠢᠳᠠᠮᠵᠢ ᠨᠢ ᠣᠶᠢᠷᠠᠯᠴᠠᠭ᠎ᠠ ᠦᠢᠯᠡᠴᠢᠯᠡᠭᠡᠨ ᠤ ᠲᠠᠯᠠᠪᠤᠷ᠂ ᠵᠢᠭᠰᠠᠭᠠᠯ ᠤᠨ ᠭᠠᠵᠠᠷ ᠢ ᠨᠡᠶᠢᠯᠡᠭᠦᠯᠵᠦ᠂ ᠡᠯ᠎ᠡ ᠲᠥᠷᠥᠯ ᠤᠨ ᠠᠵᠢᠯ ᠤᠨ ᠲᠣᠭᠲᠠᠴᠠ ᠶᠢ ᠵᠢᠷᠤᠮᠵᠢᠭᠤᠯᠤᠨ᠂ ᠠᠭᠤᠯᠭ᠎ᠠ ᠦᠭᠡᠢ᠂ ᠪᠠᠲᠤᠯᠠᠭ᠎ᠠ ᠦᠭᠡᠢ᠂ ᠡᠭᠦᠷᠭᠡ ᠴᠢᠳᠠᠪᠤᠷᠢ ᠶᠢᠨ ᠬᠡᠪᠴᠢᠶ᠎ᠡ ᠠᠴᠠ ᠳᠠᠪᠠᠭᠰᠠᠨ ᠬᠠᠭᠤᠷᠮᠠᠭ ᠫᠠᠶᠢᠰᠠ ᠶᠢ ᠬᠦᠴᠦᠨ ᠦᠭᠡᠢ ᠪᠣᠯᠭᠠᠵᠤ᠂ ᠨᠡᠶᠢᠭᠡᠮ ᠲᠣᠭᠤᠷᠢᠭ ︵ᠲᠣᠰᠬᠤᠨ︶ ᠤᠨ ᠫᠠᠶᠢᠰᠠ ᠡᠯᠭᠦᠬᠦ ᠲᠣᠭᠲᠠᠴᠠ ᠶᠢᠨ ᠯᠠᠪᠯᠠᠯᠲᠠ ᠶᠢᠨ ᠵᠠᠭᠪᠤᠷ ᠢ ᠪᠣᠶ ᠪᠤᠯᠭᠠᠪᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号