ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽7 ·15︾ ᠤ ᠪᠣᠯᠪᠠᠰᠤᠨ ᠤ ᠲᠠᠬᠢᠯᠭ᠎ᠠ ᠶᠢ ᠤᠯᠠᠨ ᠠᠷᠭ᠎ᠠ ᠪᠠᠷ ᠰᠠᠶᠢᠳᠤᠷ ᠪᠠᠳᠤᠯᠠᠪᠠ
ᠨᠡᠶᠢᠲᠡᠯᠡᠭᠰᠡᠨ ᠴᠠᠭ᠄
2023/8/31
   ᠪᠣᠬᠢᠷᠲᠤᠯ ᠦᠭᠡᠢ᠂ ᠠᠮᠢ ᠠᠬᠤᠶᠢᠯᠢᠭ᠂ ᠪᠣᠯᠪᠠᠰᠤᠨ ᠳᠠᠬᠢᠯᠭ᠎ᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ  ᠪᠤᠢ ᠪᠣᠯᠭᠠᠬᠤ ᠶᠢᠨ ᠲᠥᠯᠥᠭᠡ ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ  ︽7 ·15︾ ᠤ ᠪᠣᠯᠪᠠᠰᠤᠨ ᠤ ᠲᠠᠬᠢᠯᠭ᠎ᠠ ᠶᠢ ᠤᠯᠠᠨ ᠠᠷᠭ᠎ᠠ ᠪᠠᠷ ᠰᠠᠶᠢᠳᠤᠷ  ᠪᠠᠳᠤᠯᠠᠬᠰᠠᠨ ᠪᠠᠶᠢᠨ᠎ᠠ᠃
W020230831349541423382.png
ᠨᠢᠮᠪᠠᠢ ᠵᠣᠬᠢᠶᠠᠨ ᠪᠠᠶᠢᠭᠤᠯᠵᠤ ᠲᠦᠷᠭᠡᠨ ᠪᠠᠶᠢᠷᠢᠯᠠᠭᠤᠯᠪᠠ  ︽7 ·15︾ ᠤ ᠲᠠᠬᠢᠯᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠪᠠᠲᠤᠲᠠᠢ ᠬᠢᠵᠤ᠂ ᠣᠯᠠᠨ ᠲᠦᠮᠡᠨ ᠤ ᠳᠠᠬᠢᠯᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ ᠠᠮᠤᠷ ᠲᠦᠪᠰᠢᠨ ᠤ ᠬᠠᠮᠢᠶᠠᠷᠤᠯᠲᠠ ᠪᠣᠯᠣᠨ ᠪᠠᠴᠢᠮ ᠢ  ᠠᠷᠭᠠᠴᠠᠭᠠᠬᠤ ᠪᠠᠲᠤᠯᠠᠭ᠎ᠠ ᠶᠢ ᠴᠢᠩᠭᠠᠳᠬᠠᠬᠤ ᠶᠢᠨ ᠲᠦᠯᠤᠬᠡ ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠪᠢᠯᠢᠭ ᠤᠨ ᠲᠤᠭᠠᠯᠠᠯ ᠤᠨ 7 ᠳ᠋ᠤᠭᠠᠷ ᠰᠠᠷ᠎ᠠ ᠶᠢᠨ 15 ᠠᠴᠠ ᠡᠮᠦᠨ᠎ᠡ ᠤᠷᠢᠳᠴᠢᠯᠠᠨ ᠲᠣᠬᠢᠷᠠᠭᠤᠯᠵᠤ᠂ ︽7 ·15︾ ᠤ ᠳᠠᠬᠢᠯᠭ᠎ᠠ ᠶᠢᠨ ᠪᠠᠶᠢᠷᠢᠯᠠᠭᠤᠯᠤᠯᠲᠠ ᠶᠢᠨ ᠠᠵᠢᠯ ᠢ ᠲᠦᠷᠭᠡᠨ ᠥᠷᠨᠢᠭᠦᠯᠵᠦ᠂ ︽ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︿7 ·15﹀ ᠤ ᠤᠯᠠᠨ ᠲᠦᠮᠡᠨ ᠤ ᠳᠠᠬᠢᠯᠭ᠎ᠠ ᠶᠢᠨ ᠠᠵᠢᠯᠯᠠᠭ᠎ᠠ ᠶᠢᠨ ᠪᠠᠴᠢᠮ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾  ᠢ ᠳᠠᠷᠤᠮᠠᠯᠯᠠᠨ ᠲᠠᠷᠬᠠᠭᠠᠵᠤ᠂ ᠦᠬᠠᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠦᠬᠠᠢ ᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠳᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠵᠡᠷᠭᠡ ᠤᠯᠠᠨ ᠰᠠᠯᠠᠭ᠎ᠠ ᠮᠥᠴᠢᠷ ᠲᠠᠢ ᠬᠠᠮᠵᠢᠯᠴᠠᠨ ᠪᠣᠯᠪᠠᠰᠤᠨ ᠳᠠᠬᠢᠯᠭ᠎ᠠ᠂ ᠠᠮᠤᠷ ᠠᠮᠤᠭᠤᠯᠠᠩ ᠳᠠᠬᠢᠯᠭ᠎ᠠ ᠶᠢ ᠠᠬᠢᠭᠤᠯᠬᠤ ᠶᠢ ᠢᠳᠡᠪᠬᠢᠲᠡᠢ ᠵᠣᠬᠢᠴᠠᠭᠤᠯᠪᠠ᠃ᠢᠳᠡᠪᠬᠢᠲᠡᠢ ᠵᠣᠬᠢᠴᠠᠭᠤᠯᠤᠨ ᠪᠠᠲᠤᠯᠠᠭ᠎ᠠ ᠴᠢᠩᠭᠠᠳᠬᠠᠪᠠ  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠪᠠᠶᠢᠷᠢᠯᠠᠭᠤᠯᠬᠤ ᠪᠠ  ᠠᠵᠢᠯ ᠤᠨ ᠬᠤᠪᠢᠶᠠᠷᠢᠯᠠᠯ ᠢᠶᠠᠨ ᠴᠢᠩᠭᠠᠳᠬᠠᠵᠤ᠂ ︽ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ︾ ︽7 ·15︾  ᠤ  ᠲᠠᠬᠢᠯᠭ᠎ᠠ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠡᠯ᠎ᠡ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠵᠡᠭᠡᠯᠢ ᠪᠠᠯᠭᠠᠰᠤ ᠶᠢᠨ ᠬᠢᠨ ᠲᠠᠢ ᠬᠠᠮᠲᠤᠷᠠᠨ ︽7 ·15︾ ᠤ ᠲᠣᠭᠤᠷᠢᠨ ᠪᠠᠶᠢᠴᠠᠭᠠᠬᠤ ᠵᠢᠵᠢᠬᠦᠷᠯᠡᠬᠦ ᠠᠵᠢᠯ ᠢ ᠥᠷᠨᠢᠭᠦᠯᠵᠦ᠂ ᠴᠡᠴᠡᠷᠯᠢᠭ ᠤᠨ ᠠᠭᠤᠳᠠᠮ ᠲᠠᠯᠠᠪᠠᠶ ᠶᠢᠨ ᠵᠡᠭᠡᠯᠢ ᠵᠡᠷᠭᠡ ᠣᠯᠠᠨ ᠨᠡᠶᠢᠲᠡ ᠶᠢᠨ ᠲᠣᠭᠤᠷᠢᠭ ᠲᠤ ᠲᠠᠬᠢᠯᠭ᠎ᠠ  ᠦᠢᠯᠡᠳᠬᠦ  ᠶᠢ ᠬᠤᠷᠢᠬᠯᠠᠨ᠂ ᠠᠮᠤᠷ ᠲᠦᠪᠰᠢᠨ ᠤ ᠲᠠᠬᠢᠯᠭ᠎ᠠ ᠶᠢ  ᠪᠠᠳᠤᠯᠠᠪᠠ᠃
W020230831349541496709.png
   ᠦᠬᠠᠢ ᠬᠤᠳᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠬᠢᠨ ᠳᠠᠬᠢᠯᠭ᠎ᠠ ᠶᠢᠨ ᠤᠷᠬᠢᠯ ᠦᠶ᠎ᠡ  ᠶᠢ ᠪᠦᠲᠦᠮᠵᠢᠲᠡᠢ ᠠᠷᠭᠠᠴᠠᠭᠠᠬᠤ ᠳᠤ ᠪᠠᠨ ᠳᠠᠬᠢᠯᠭ᠎ᠠ ᠡᠷᠬᠦᠭᠰᠡᠳ ᠢ 20000 ᠤᠳᠠᠭ᠎ᠠ ᠶᠢᠨ ᠬᠦᠯᠢᠶᠡᠨ ᠠᠪᠬᠤ  ᠶᠢᠨ ᠬᠠᠮᠳᠤ5000 ᠭᠠᠷᠤᠢ ᠲᠡᠷᠭᠡ ᠤᠨᠤᠭ᠎ᠠ ᠶᠢ ᠡᠮᠬᠢ ᠲᠢᠭᠯᠢᠮ ᠲᠠᠢ ᠵᠤᠬᠰᠤᠭᠠᠪᠠ᠃ ᠳᠠᠬᠢᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ ᠲᠡᠷᠭᠡᠨ ᠵᠣᠭᠰᠣᠭᠠᠯ ᠤᠨ ᠭᠠᠵᠠᠷ ᠢ ᠨᠡᠮᠡᠨ ᠪᠠᠶᠢᠭᠤᠯᠵᠤ᠂ ᠵᠠᠮ ᠤᠨ ᠵᠢᠭᠠᠯᠲᠠ ᠶᠢᠨ ᠫᠠᠶᠢᠰᠠ ᠶᠢ ᠪᠠᠶᠢᠷᠢᠯᠠᠭᠤᠯᠤᠨ᠂ ᠵᠠᠮ ᠬᠠᠷᠢᠯᠴᠠᠭᠠᠨ ᠤ ᠵᠢᠯᠤᠭᠤᠳᠬᠤ ᠬᠥᠮᠥᠰ ᠢ ᠴᠢᠩᠭ᠎ᠠ ᠲᠣᠬᠢᠷᠠᠭᠤᠯᠵᠤ᠂ ᠲᠡᠷᠭᠡ ᠵᠤᠬᠰᠤᠭᠠᠬᠤ ᠪᠠ ᠵᠠᠮ ᠬᠠᠷᠢᠯᠴᠠᠭᠠᠨ ᠤ ᠲᠦᠭᠵᠢᠷᠡᠯ ᠤᠨ ᠦᠵᠡᠭᠳᠡᠯ ᠢ ᠶᠡᠭᠡ ᠪᠠᠷ  ᠨᠠᠮᠳᠠᠭᠠᠪᠠ᠃ ᠤᠲᠠᠰᠤ ᠪᠠᠷ ᠪᠣᠯᠵᠣᠬᠤ᠂ ᠣᠷᠣᠯᠠᠨ ᠳᠠᠬᠢᠯᠭ᠎ᠠ ᠡᠷᠬᠦᠬᠦ᠂ ᠣᠩᠭᠤᠨ ᠰᠣᠩᠭᠤᠬᠤ ᠶᠢ ᠵᠢᠯᠤᠭᠤᠳᠬᠤ ᠵᠡᠷᠭᠡ ᠡᠯ᠎ᠡ ᠲᠥᠷᠥᠯ ᠤᠨ ᠦᠢᠯᠡᠴᠢᠯᠡᠭᠡ ᠶᠢ  ᠦᠷᠨᠢᠬᠦᠯᠪᠡ᠃  ᠤᠰᠤ ᠰᠦᠷᠴᠢᠬᠦ ᠤᠳᠠᠭ᠎ᠠ ᠶᠢ ᠨᠡᠮᠡᠭᠳᠡᠭᠦᠯᠵᠦ᠂ ᠲᠣᠭᠤᠰᠣ ᠰᠢᠷᠤᠢ ᠶᠢ ᠲᠠᠷᠤᠵᠤ᠂ ᠠᠭᠠᠷ ᠤᠨ ᠲᠤᠯᠠᠭᠠᠨ ᠢ ᠪᠠᠭᠤᠷᠠᠭᠤᠯᠪᠠ᠃ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠭᠠᠷᠭᠠᠵᠤ᠂ ᠪᠠᠴᠢᠮ ᠠᠪᠤᠷᠠᠯᠳᠠ ᠶᠢᠨ ᠡᠮ ᠤᠨ ᠵᠦᠢᠯ᠂ ᠤᠮᠳᠠᠭᠠᠨ ᠤ ᠤᠰᠤ᠂ ᠴᠠᠭᠠᠰᠤ᠂ ᠪᠣᠷᠣᠭᠠᠨ ᠤ ᠰᠢᠬᠦᠷ᠂ ᠬᠦᠵᠢ ᠠᠰᠠᠭᠠᠬᠤ ᠪᠠ ᠲᠠᠬᠢᠯᠭ᠎ᠠ ᠶᠢᠨ ᠪᠠᠭᠠᠵᠢ᠂ ᠬᠦᠷᠳᠦᠲᠦ ᠰᠠᠨᠳᠠᠯᠢ᠂ ᠬᠠᠶᠢᠷ᠎ᠠ ᠬᠠᠯᠠᠮᠵᠢ ᠬᠦᠷᠭᠡᠬᠦ ᠲᠡᠷᠭᠡ ᠵᠡᠷᠭᠡ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ 18 ᠵᠦᠢᠯ ᠤᠨ ᠦᠢᠯᠡᠴᠢᠯᠡᠭᠡᠨ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠪᠠ᠃  ᠲᠠᠬᠢᠯᠭ᠎ᠠ ᠶᠢ ᠪᠣᠯᠪᠠᠰᠤᠨ ᠢᠶᠠᠷ ᠦᠢᠯᠡᠳᠴᠤ᠂ ᠵᠠᠩ ᠳᠠᠳᠬᠠᠯ ᠢ  ᠦᠬᠡᠷᠡᠴᠢᠯᠡᠪᠡ   ᠡᠯ᠎ᠡ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ︽7 ·15︾ ᠤ ᠲᠠᠬᠢᠯᠭ᠎ᠠ ᠪᠠᠷ ᠲᠣᠬᠢᠶᠠᠯ ᠪᠣᠯᠭᠠᠵᠤ᠂  ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠤᠬᠠᠭᠤᠯᠭ᠎ᠠ ᠶᠢ ᠢᠳᠡᠪᠬᠢᠲᠡᠢ ᠪᠠᠷ ᠠᠬᠢᠭᠤᠯᠵᠤ ᠂ ︽ᠪᠣᠯᠪᠠᠰᠤᠨ ᠣᠷᠣᠰᠢᠭᠤᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠳᠠᠷᠤᠮᠠᠯᠯᠠᠨ ᠲᠠᠷᠬᠠᠭᠠᠵᠤ᠂ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠪᠣᠯᠪᠠᠰᠤᠨ ᠳᠠᠬᠢᠯᠭ᠎ᠠ ᠶᠢᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠵᠠᠢ᠃   ᠦᠬᠠᠢ ᠬᠤᠳᠠ ᠶᠢᠨ ᠬᠢᠨ ᠭᠠᠵᠠᠷ ᠠᠷᠪᠢᠯᠠᠬᠤ ᠪᠣᠬᠢᠷᠲᠤᠯ ᠦᠭᠡᠢ ᠠᠮᠢ ᠠᠬᠤᠢ ᠶᠢᠨ ᠡᠯᠧᠮᠧᠨ᠋ᠲ ᠢ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠳᠤ ᠠᠭᠤᠰᠤᠯᠴᠠᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠮᠣᠳᠣᠨ ᠣᠷᠣᠰᠢᠭᠤᠯᠭ᠎ᠠ ᠶᠢᠨ ᠵᠢᠱᠢᠶ᠎ᠡ ᠦᠵᠡᠭᠦᠯᠬᠦ ᠲᠣᠭᠤᠷᠢᠭ ᠢ 1 ᠪᠠᠶᠢᠭᠤᠯᠪᠠ᠃ ︽ᠨᠥᠭᠴᠢᠭᠰᠡᠳ ᠤᠨ ᠭᠡᠷ ᠪᠦᠯᠢ ᠳᠤ ᠦᠭᠭᠦ ᠬᠤᠪᠢ ᠵᠠᠬᠢᠳᠠᠯ︾ ᠢ ᠲᠠᠷᠬᠠᠭᠠᠬᠤ᠂ ︽ᠭᠠᠵᠠᠷ ᠠᠷᠪᠢᠯᠠᠬᠤ ᠠᠮᠢ ᠠᠬᠤᠶᠢᠯᠢᠭ ᠣᠷᠣᠰᠢᠭᠤᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠨᠡᠪᠲᠡᠷᠡᠭᠦᠯᠬᠦ᠂ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠳᠠᠩᠰᠠᠯᠠᠯᠲᠠ ᠶᠢᠨ ᠴᠡᠭ ᠭᠠᠷᠭᠠᠬᠤ ᠵᠡᠷᠭᠡ ᠠᠷᠭ᠎ᠠ ᠪᠠᠷ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ᠂ ᠣᠷᠣᠰᠢᠭᠤᠯᠭ᠎ᠠ ᠶᠢᠨ ᠬᠡᠯᠪᠡᠷᠢ᠂ ᠴᠢᠬᠤᠯᠠ ᠠᠴᠢ ᠬᠤᠯᠪᠣᠭᠳᠠᠯ ᠢ ᠲᠥᠪᠯᠡᠷᠡᠭᠦᠯᠦᠨ ᠤᠬᠠᠭᠤᠯᠵᠤ᠂ ᠣᠯᠠᠨ ᠲᠦᠮᠡᠨ ᠢ ᠵᠢᠯᠤᠭᠤᠳᠴᠤ ᠪᠠᠶᠢᠭᠠᠳ ᠭᠠᠵᠠᠷ ᠠᠷᠪᠢᠯᠠᠬᠤ ᠠᠮᠢ  ᠠᠬᠤᠶᠢᠯᠢᠭ ᠣᠷᠣᠰᠢᠭᠤᠯᠭ᠎ᠠ ᠶᠢᠨ ᠠᠷᠭ᠎ᠠ ᠰᠤᠩᠭᠤᠭᠤᠯᠪᠠ᠃
W020230831349541532984.png
   ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠪᠠᠷ ᠭᠠᠷᠳᠠᠴᠨ ᠪᠣᠯᠭᠠᠵᠤ᠂  ᠤᠷᠤᠰᠢᠭᠤᠯᠭ᠎ᠠ ᠶᠢᠨ ᠬᠠᠭᠤᠴᠢᠨ ᠶᠣᠰᠣ ᠪᠦᠳᠦᠭᠦᠯᠢᠭ ᠵᠠᠩᠰᠢᠯ ᠢ ᠬᠦᠴᠦᠯᠡᠨ ᠡᠪᠳᠡᠵᠦ᠂  ᠠᠮᠢ ᠠᠬᠤᠶᠢᠯᠢᠭ᠂ ᠪᠤᠯᠪᠠᠰᠤᠨ ᠣᠷᠣᠰᠢᠭᠤᠯᠭ᠎ᠠ ᠶᠢ  ᠲᠡᠯᠬᠡᠷᠡᠬᠦᠯᠪᠡ᠃ ᠡᠯᠭᠦᠭᠡ ᠪᠢᠴᠢᠭᠡᠰᠦ᠂ ᠳᠡᠯᠭᠡᠨ ᠦᠵᠡᠭᠦᠯᠬᠦ ᠰᠠᠮᠪᠠᠷ᠎ᠠ᠂ ᠨᠡᠪᠲᠡᠷᠡᠭᠦᠯᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ ᠰᠣᠷᠭᠤᠭ ᠴᠡᠴᠡᠭ ᠬᠦᠷᠭᠡᠬᠦ᠂ ᠨᠣᠭᠤᠭᠠᠷᠠᠭᠤᠯᠵᠤ ᠮᠣᠳᠣ ᠳᠠᠷᠢᠬᠤ᠂ ᠬᠠᠮᠲᠤ ᠪᠠᠷ ᠲᠠᠬᠢᠬᠤ᠂ ᠭᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠬᠤ ᠵᠡᠷᠭᠡ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠠᠷᠭ᠎ᠠ ᠶᠢ ᠶᠡᠭᠡ ᠪᠠᠷ ᠳᠡᠯᠭᠡᠷᠡᠭᠦᠯᠵᠦ᠂ ︽ᠰᠣᠷᠭᠤᠭ ᠴᠡᠴᠡᠭ ᠢᠶᠠᠷ ᠴᠠᠭᠠᠰᠤᠨ ᠵᠣᠭᠤᠰ ᠰᠣᠯᠢᠬᠤ︾ ︽ᠲᠣᠷᠭᠠᠨ ᠪᠦᠴᠡ ᠪᠠᠷ ᠭᠠᠰᠢᠭᠤᠳᠠᠯ ᠢᠶᠠᠨ ᠢᠯᠡᠭᠡᠬᠦ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ  ᠦᠷᠨᠢᠬᠦᠯᠦᠭᠰᠡᠨ ᠢᠶᠠᠷ  ᠦᠨᠤ ᠵᠢᠯ ᠤᠨ ᠲᠠᠬᠢᠯᠭ᠎ᠠ ᠶᠢᠨ ᠬᠤᠭᠤᠴᠠᠭᠠᠨ ᠳᠤ ᠬᠤᠸᠠᠷ ᠫᠤᠤᠵᠢᠩ ᠤᠨ ᠦᠨᠦᠷ ᠪᠠᠭᠠᠰᠴᠤ᠂ ᠰᠣᠷᠭᠤᠭ ᠴᠡᠴᠡᠭ ᠤᠨ ᠦᠨᠦᠷ ᠰᠡᠩᠭᠢᠨᠡᠬᠡᠳ᠂ ᠬᠦᠮᠦᠰ ᠪᠤᠯᠪᠠᠰᠤᠨ ᠲᠠᠬᠢᠯᠭ᠎ᠠ ᠶᠢ ᠤᠬᠠᠮᠰᠠᠷ  ᠠᠴᠠ ᠪᠠᠨ  ᠦᠢᠯᠡᠳᠤᠯᠬᠡᠵᠢᠬᠦᠯᠬᠦ ᠪᠤᠯᠤᠯ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号