ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ | ᠣᠷᠳᠣᠨ ᠤ ᠠᠯᠪᠠᠨ ᠲᠢᠩᠬᠢᠮ ︽ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠶᠠᠪᠤᠳᠠᠯ᠂ | ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵︽ | ᠬᠡᠷᠡᠭᠵᠢᠭᠦᠯᠬᠦ ᠰᠠᠨᠠᠯ︾ ᠭᠡᠵᠦ ᠲᠦᠬᠦᠮᠴᠢᠯᠡᠶ᠎ᠡ︶ ᠢ ᠳᠠᠷᠤᠮᠠᠯᠯᠠᠨ ᠲᠠᠷᠬᠠᠭᠠᠪᠠ᠃ ᠡᠭᠦᠨ ᠤ ᠬᠠᠮᠲᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ | ᠶᠠᠪᠤᠳᠠᠯ ᠤᠨ ᠵᠢᠯᠤᠭᠤᠳᠬᠤ ᠭᠠᠷᠴᠠᠭ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ | ᠲᠣᠰᠬᠤᠨ ᠤ ᠠᠵᠢᠯ ᠤᠨ ᠲᠣᠭᠲᠠᠴᠠ ᠶᠢᠨ ᠫᠠᠶᠢᠰᠠ ᠶᠢᠨ ᠵᠢᠯᠤᠭᠤᠳᠬᠤ ᠭᠠᠷᠴᠠᠭ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠢᠵᠦ ᠥᠭᠭᠦᠭᠰᠡᠨ | ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ︾ ᠶᠢ ᠲᠠᠷᠬᠠᠭᠠᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠠᠷᠢᠭᠤᠴᠠᠯᠭᠠᠲᠠᠨ ᠨᠦᠬᠦᠳ ︽ᠬᠡᠷᠡᠭᠵᠢᠭᠦᠯᠬᠦ ᠰᠠᠨᠠᠯ︾ ᠢ | ᠲᠤᠭᠤᠷᠪᠢᠨ ᠲᠣᠭᠲᠠᠭᠠᠬᠤ ᠪᠠ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠣᠶ︖ | ᠬᠠᠷᠢᠭᠤᠯᠲᠠ᠄ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ︽ᠡᠴᠦᠰ ᠤᠨ ᠨᠢᠭᠡ ᠮᠧᠲᠷ︾ ᠪᠣᠯᠣᠨ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠬᠦᠴᠦᠨ ᠪᠣᠯᠣᠨ᠎ᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠶᠡᠷᠦᠩᠬᠡᠢ ᠱᠦᠵᠢ ᠬᠡᠯᠪᠡᠷᠢᠴᠢ ᠦᠵᠡᠯ ᠢ | ᠴᠡᠭᠴᠡᠯᠡᠨ ᠵᠠᠰᠠᠬᠤ ᠶᠢ ᠮᠠᠰᠢᠳᠠ ᠴᠢᠬᠤᠯᠠᠴᠢᠯᠠᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠤᠬᠠᠢ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ ᠥᠪᠡᠷᠲᠡᠭᠡᠨ ᠵᠠᠰᠠᠬᠤ ᠣᠷᠣᠨ ᠠᠴᠠ ᠬᠤᠯᠪᠣᠭᠳᠠᠯ ᠪᠦᠬᠦᠢ ᠨᠠᠶᠢᠳᠠᠪᠤᠷᠢᠵᠢᠭᠤᠯᠬᠤ | ᠠᠷᠭ᠎ᠠ ᠶᠢ ᠢᠳᠡᠪᠬᠢᠲᠡᠢ ᠪᠠᠷ ᠨᠡᠶᠢᠲᠡᠯᠡᠵᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ | ᠬᠥᠩᠭᠡᠯᠡᠨ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠠᠰᠢᠭ ᠢ ᠨᠡᠮᠡᠭᠳᠡᠭᠦᠯᠵᠦ᠂ ᠦᠷ᠎ᠡ ᠪᠦᠲᠦᠭᠡᠯ ᠢ | ᠲᠠᠷᠢᠶᠠᠴᠢᠨ ᠮᠠᠯᠴᠢᠨ ᠲᠦᠮᠡᠨ ᠳᠤ ᠲᠠᠰᠤᠷᠠᠯᠲᠠ ᠦᠭᠡᠢ ᠬᠦᠷᠲᠡᠭᠡᠪᠡ᠃ ᠭᠡᠪᠡᠴᠦ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠬᠦ ᠳᠤ ᠦᠷᠭᠦᠯᠵᠢᠯᠡᠨ ᠬᠦᠴᠦᠯᠡᠵᠦ᠂ | ᠦᠨᠳᠦᠰᠦᠨ ᠱᠠᠲᠤ ᠶᠢ ᠤᠷᠳᠤ ᠬᠤᠭᠤᠴᠠᠭ᠎ᠠ ᠪᠠᠷ ᠲᠦᠪᠡᠭᠳᠡᠭᠦᠯᠵᠦ ᠪᠠᠶᠢᠭᠰᠠᠨ ᠬᠦᠴᠢᠷ ᠠᠰᠠᠭᠤᠳᠠᠯ ᠪᠣᠯᠣᠨ | ᠲᠦᠭᠵᠢᠷᠡᠯ ᠤᠨ ᠴᠡᠭ ᠲᠤ ᠬᠠᠨᠳᠤᠯᠭ᠎ᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠴᠢᠬᠤᠯᠠᠲᠠᠢ ᠪᠠᠶᠢᠨ᠎ᠠ᠃ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠦᠷ᠎ᠡ | ᠪᠦᠲᠦᠭᠡᠯ ᠢ ᠭᠦᠨᠵᠡᠭᠡᠶᠢᠷᠡᠭᠦᠯᠦᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠥᠮ ᠤᠨ ᠪᠦᠬᠦᠯᠢ ᠴᠣᠭᠴᠠ ᠶᠢᠨ ᠦᠷ᠎ᠡ | ᠪᠦᠲᠦᠮᠵᠢ ᠶᠢ ᠴᠢᠨᠠᠭᠰᠢᠳᠠ ᠴᠢᠩᠭᠠᠳᠬᠠᠬᠤ ᠶᠢᠨ ᠲᠦᠶ᠋ᠯᠤᠬᠡ 2022 ᠣᠨ ᠤ 8 ᠳ᠋ᠤᠭᠠᠷ ᠰᠠᠷ᠎ᠠ ᠳᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠶᠠᠪᠤᠳᠠᠯ᠂ ᠲᠣᠭᠲᠠᠴᠠ ᠶᠢᠨ ᠫᠠᠶᠢᠰᠠ ᠪᠣᠯᠣᠨ ᠭᠡᠷᠡᠴᠢᠯᠡᠬᠦ | ᠵᠦᠢᠯᠡᠰ ᠢ ᠵᠢᠷᠤᠮᠵᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠶᠠᠪᠤᠳᠠᠯ᠂ | ᠲᠣᠭᠲᠠᠴᠠ ᠶᠢᠨ ᠫᠠᠶᠢᠰᠠ ᠪᠣᠯᠣᠨ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠴᠠᠢ᠃ ᠲᠥᠪ ᠤᠨ ᠪᠢᠴᠢᠭ ᠮᠠᠲ᠋ᠧᠷᠢᠶᠠᠯ ᠤᠨ ᠥᠪᠥᠷ ᠮᠣᠩᠭᠤᠯ ᠳᠤ ᠨᠠᠶᠢᠳᠠᠪᠤᠷᠢᠵᠢᠭᠤᠯᠤᠭᠳᠠᠬᠤ ᠶᠢ | ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶ᠎ᠠ ᠶᠢᠨ | ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ︵ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ︶ ᠤᠨ ᠬᠢᠨ ᠲᠠᠢ | ᠬᠠᠮᠲᠤᠷᠠᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠢᠶᠠᠷ ᠰᠠᠨᠠᠯ ᠬᠤᠷᠢᠶᠠᠵᠤ᠂ ᠡᠯ᠎ᠡ ᠵᠦᠢᠯ ᠤᠨ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ | ᠡᠮᠬᠢᠯᠡᠭᠰᠡᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ︽ | ᠬᠡᠷᠡᠭᠵᠢᠭᠦᠯᠬᠦ ᠰᠠᠨᠠᠯ︾ ᠢ ᠲᠤᠭᠤᠷᠪᠢᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠦᠨ ᠵᠢᠩᠬᠢᠨᠢ ᠪᠠᠷ | ᠳᠠᠷᠤᠮᠠᠯᠯᠠᠨ ᠲᠠᠷᠬᠠᠭᠠᠪᠠ᠃ | ᠠᠰᠠᠭᠤᠯᠲᠠ᠄ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠶᠠᠪᠤᠳᠠᠯ᠂ ᠲᠣᠭᠲᠠᠴᠠ ᠶᠢᠨ | ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠶᠡᠷᠦᠩᠬᠡᠢ ᠱᠠᠭᠠᠷᠳᠠᠯᠭ᠎ᠠ ᠨᠢ ᠶᠠᠭᠤ ᠪᠣᠢ︖ | ᠬᠠᠷᠢᠭᠤᠯᠳᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠬᠤ ᠪᠠᠷ ᠪᠠᠷᠢᠴᠨ | ᠪᠤᠯᠭᠠᠨ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠤ ᠺᠠᠳ᠋ᠷ ᠤᠨ ᠳᠠᠷᠤᠭᠠᠰᠤ ᠶᠢ | ᠬᠥᠩᠭᠡᠯᠡᠬᠦ ᠪᠠᠷ ᠬᠠᠷᠠᠯᠲᠠ ᠪᠣᠯᠭᠠᠵᠤ᠂ ᠨᠠᠮ ᠵᠠᠰᠠᠭ ᠤᠨ ᠪᠠᠶᠢᠭᠤᠯᠤᠮᠵᠢ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ︵ᠨᠠᠮ ᠵᠠᠰᠠᠭ ᠣᠯᠠᠨ ᠲᠦᠮᠡᠨ ᠤ ᠪᠠᠶᠢᠭᠤᠯᠤᠮᠵᠢ ᠭᠡᠵᠦ ᠲᠤᠪᠴᠢᠯᠠᠶ᠎ᠠ︶ ᠶᠢᠨ ᠠᠵᠢᠯ ᠤᠨ | ᠰᠡᠳᠬᠢᠴᠡ ᠪᠠ ᠰᠤᠷᠲᠠᠯ ᠤᠨ ᠪᠣᠳᠠᠲᠤ ᠠᠵᠢᠯᠯᠠᠭ᠎ᠠ ᠶᠢ ᠡᠷᠬᠢᠮᠯᠡᠨ ᠬᠤᠪᠢᠷᠠᠭᠤᠯᠬᠤ ᠶᠢ ᠠᠬᠢᠭᠤᠯᠬᠤ ᠪᠠᠷ ᠪᠠᠲᠤᠯᠠᠭ᠎ᠠ | ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠭᠡᠯ ᠢ ᠭᠦᠨᠵᠡᠭᠡᠶᠢᠷᠡᠭᠦᠯᠦᠨ | ᠥᠷᠭᠡᠳᠬᠡᠵᠦ᠂ ᠡᠬᠢ ᠡᠭᠦᠰᠦᠯ ᠠᠴᠠ ᠨᠢ ᠵᠠᠰᠠᠬᠤ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | 2024 ᠣᠨ ᠤ ᠵᠢᠯ ᠤᠨ ᠡᠴᠦᠰ ᠪᠣᠯᠬᠤ ᠳᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ | ᠶᠠᠪᠤᠳᠠᠯ ᠤᠨ ᠡᠷᠬᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ᠂ ᠠᠵᠢᠯ ᠤᠨ ᠲᠣᠭᠲᠠᠴᠠ ᠶᠢ ᠴᠣᠮᠬᠠᠳᠬᠠᠨ ᠥᠨᠳᠥᠷ | ᠪᠦᠲᠦᠮᠵᠢᠲᠡᠢ ᠪᠣᠯᠭᠠᠬᠤ᠂ ᠫᠠᠶᠢᠰᠠ ᠲᠡᠮᠳᠡᠭ ᠢ ᠲᠦᠭᠦᠮ ᠲᠣᠳᠣᠷᠬᠠᠢ ᠪᠣᠯᠭᠠᠬᠤ᠂ ᠳᠦᠷᠢᠮ ᠲᠣᠭᠲᠠᠭᠠᠯ ᠶᠣᠰᠣᠭᠠᠷ | ᠠᠷᠠᠳ ᠲᠤ ᠲᠦᠭᠦᠮ ᠦᠵᠡᠭᠦᠯᠬᠦ ᠶᠢ ᠦᠨᠳᠦᠰᠦᠨ ᠳᠤ ᠨᠢ ᠪᠡᠶᠡᠯᠡᠭᠦᠯᠬᠦ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ | ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ | ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠳᠤ ᠲᠣᠳᠣᠷᠬᠠᠶᠢᠯᠠᠭᠰᠠᠨ ᠭᠠᠴᠠᠭᠠᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠳᠤ ᠶᠠᠭᠤ ᠶᠠᠭᠤ ᠪᠠᠶᠢᠬᠤ ᠪᠣᠢ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠳᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠤᠯᠢ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠵᠦᠢᠯᠡᠰ ᠢ ᠲᠣᠳᠣᠷᠬᠠᠶᠢᠯᠠᠬᠤ᠂ ᠲᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠬᠠᠮᠵᠢᠯᠴᠠᠬᠤ ᠠᠵᠢᠯ ᠤᠨ ᠵᠦᠢᠯᠡᠰ ᠢ ᠵᠢᠷᠤᠮᠵᠢᠭᠤᠯᠬᠤ᠂ | ᠭᠠᠴᠠᠭ᠎ᠠ ᠲᠣᠰᠬᠤᠨ ᠤ ᠬᠡᠷᠡᠭ ᠶᠠᠪᠤᠳᠠᠯ ᠢ ᠰᠠᠯᠭᠠᠬᠤ ᠲᠣᠭᠲᠠᠴᠠ ᠶᠢ ᠪᠠᠶᠢᠭᠤᠯᠬᠤ᠂ ᠭᠠᠴᠠᠭ᠎ᠠ ᠲᠣᠰᠬᠤᠨ ᠤ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ᠂ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ 5 ᠲᠠᠯ᠎ᠠ ᠠᠴᠠ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ ᠤᠨ ᠲᠤᠬᠠᠢ ᠲᠣᠭᠲᠠᠭᠠᠯ | ᠭᠠᠷᠭᠠᠪᠠ᠃ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ | ᠵᠣᠬᠢᠶᠠᠨ ᠪᠠᠶᠢᠭᠤᠯᠬᠤ ᠠᠵᠢᠯ ᠤᠨ ᠶᠠᠪᠤᠳᠠᠯ ᠤᠨ ᠵᠢᠯᠤᠭᠤᠳᠬᠤ ᠭᠠᠷᠴᠠᠭ︾ ᠢ ᠲᠤᠬᠳᠠᠭᠠᠬᠰᠠᠨ ᠪᠦᠬᠡᠳ | ᠲᠣᠰᠬᠤᠨ ᠤ ᠱᠠᠲᠤᠨ ᠤ ᠬᠡᠷᠡᠭ ᠶᠠᠪᠤᠳᠠᠯ ᠳᠤ ᠵᠥᠪᠰᠢᠶᠡᠷᠡᠨ ᠣᠷᠣᠭᠤᠯᠬᠤ ᠲᠣᠭᠲᠠᠴᠠ ᠶᠢ ᠪᠠᠶᠢᠭᠤᠯᠵᠤ᠂ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠭ᠎ᠠ ᠪᠠ ᠣᠷᠣᠯᠠᠨ ᠭᠦᠢᠴᠡᠳᠬᠡᠬᠦ ᠶᠢ ᠦᠨᠡᠨᠬᠦ | ᠱᠠᠭᠠᠷᠳᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠵᠣᠬᠢᠶᠠᠨ ᠪᠠᠶᠢᠭᠤᠯᠤᠯᠲᠠ᠂ ᠠᠷᠠᠳ ᠤᠨ ᠶᠠᠪᠤᠳᠠᠯ᠂ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠪᠣᠭᠤᠮᠲᠠ ᠰᠠᠬᠢᠵᠤ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠢ | ᠭᠡᠵᠦ ᠲᠣᠳᠣᠷᠬᠠᠢ ᠲᠣᠭᠲᠠᠭᠠᠪᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠲᠦᠷᠭᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠰᠦᠪᠡᠨ | ᠦᠢᠯᠡᠴᠢᠯᠡᠬᠦ ᠨᠢᠭᠡ ᠴᠣᠭᠴᠠᠲᠤ ᠮᠠᠰᠢᠨ ᠢ ᠭᠠᠴᠠᠭ᠎ᠠ ᠲᠣᠰᠬᠤᠨ ᠲᠡᠶᠢᠰᠢ ᠬᠠᠮᠤᠷᠬᠤ᠂ ᠭᠠᠴᠠᠭ᠎ᠠ ᠲᠣᠰᠬᠤᠨ ᠤ ᠡᠯ᠎ᠡ | ᠵᠦᠢᠯ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠰᠢᠯᠵᠢᠭᠦᠯᠬᠦ ᠪᠤᠶᠤ | ᠬᠤᠷᠠᠭᠤᠯᠬᠤ ᠶᠢ ᠠᠬᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠨ᠎ᠡ ᠪᠠᠷ | ᠪᠠᠶᠢᠭᠤᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠳᠤ ᠵᠠᠷᠴᠢᠮ ᠳᠡᠭᠡᠷ᠎ᠡ ᠪᠠᠨ ᠲᠣᠰᠬᠤᠨ ᠤ | ᠲᠠᠰ ᠤᠨ ᠦᠢᠯᠡᠴᠢᠯᠡᠭᠡᠨ ᠢ ᠠᠰ ᠲᠤ ᠨᠢ ᠲᠣᠬᠢᠷᠠᠭᠤᠯᠬᠤ ᠦᠭᠡᠢ ᠪᠤᠶᠤ ᠲᠣᠰᠬᠤᠨ ᠤ ᠲᠠᠰ ᠲᠡᠶᠢᠰᠢ ᠤᠷᠲᠤᠳᠬᠠᠬᠤ | ᠦᠭᠡᠢ᠃ | ᠠᠰᠠᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠬᠤ ᠠᠵᠢᠯ ᠶᠠᠪᠤᠳᠠᠯ ᠤᠨ ᠵᠢᠯᠤᠭᠤᠳᠬᠤ ᠭᠠᠷᠴᠠᠭ︾ ᠲᠤ ᠶᠠᠮᠠᠷ ᠶᠠᠮᠠᠷ ᠪᠣᠳᠠᠲᠠᠢ ᠵᠦᠢᠯᠡᠰ ᠢ ᠲᠣᠭᠲᠠᠭᠠᠭᠰᠠᠨ | ᠪᠣᠶ︖ | ᠬᠠᠷᠢᠭᠤᠯᠲᠠ᠄ ᠵᠢᠯᠤᠭᠤᠳᠬᠤ ᠭᠠᠷᠴᠠᠭ ᠲᠤ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠤᠯᠢ | ᠶᠣᠰᠣᠭᠠᠷ ᠭᠦᠢᠴᠡᠳᠬᠡᠬᠦ 51 ᠵᠦᠢᠯ ᠤᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠵᠦᠢᠯᠡᠰ ᠪᠠ ᠬᠠᠤᠯᠢ | ᠶᠣᠰᠣᠭᠠᠷ ᠬᠠᠮᠵᠢᠯᠴᠠᠬᠤ 20 ᠵᠦᠢᠯ ᠤᠨ ᠠᠵᠢᠯ ᠤᠨ ᠵᠦᠢᠯᠡᠰ ᠢ ᠲᠣᠳᠣᠷᠬᠠᠶᠢᠯᠠᠪᠠ᠃ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠠᠵᠢᠯ ᠤᠨ ᠵᠦᠢᠯᠡᠰ ᠲᠤ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠲᠦᠷᠦᠯ 7 ᠵᠦᠢᠯ᠂ | ᠥᠪᠡᠷ ᠢ ᠪᠠᠨ ᠬᠠᠮᠢᠶᠠᠷᠬᠤ ᠲᠦᠷᠦᠯ 16 ᠵᠦᠢᠯ᠂ ᠥᠪᠡᠷ ᠢ ᠪᠠᠨ ᠬᠥᠮᠥᠵᠢᠭᠦᠯᠬᠦ ᠲᠦᠷᠦᠯ 4 ᠵᠦᠢᠯ᠂ ᠦᠢᠯᠡᠴᠢᠯᠡᠬᠦ | ᠲᠦᠷᠦᠯ 22 ᠵᠦᠢᠯ᠂ ᠥᠪᠡᠷ ᠤᠨ ᠪᠡᠶ᠎ᠡ ᠳᠤ ᠪᠠᠨ ᠬᠢᠨᠠᠯᠲᠠ ᠲᠠᠯᠪᠢᠬᠤ ᠲᠦᠷᠦᠯ 2 ᠵᠦᠢᠯ ᠪᠠᠭᠲᠠᠨ᠎ᠠ᠃ | ᠡᠭᠦᠨ ᠳᠤ᠂ ᠤᠯᠤᠰ ᠲᠥᠷᠥ ᠶᠢᠨ ᠵᠣᠬᠢᠶᠠᠨ ᠪᠠᠶᠢᠭᠤᠯᠤᠯᠲᠠ ᠶᠢᠨ ᠲᠥᠷᠥᠯ ᠳᠤ ᠭᠤᠣᠯᠳᠠᠭᠤ ᠭᠠᠴᠠᠭ᠎ᠠ ᠲᠣᠰᠬᠤᠨ ᠤ | ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠪᠠ ᠡᠯ᠎ᠡ ᠲᠥᠷᠥᠯ ᠤᠨ ᠠᠵᠢᠯ ᠢ ᠪᠥᠬᠦ ᠲᠠᠯ᠎ᠠ ᠪᠠᠷ ᠤᠳᠤᠷᠢᠳᠬᠤ᠂ | ᠨᠠᠮ ᠤᠨ ᠵᠣᠷᠢᠯᠲᠠ ᠶᠢ ᠤᠬᠠᠭᠤᠯᠤᠨ ᠲᠤᠭᠤᠰᠢᠯᠠᠭᠤᠯᠤᠨ ᠬᠡᠷᠡᠭᠵᠢᠭᠦᠯᠬᠦ᠂ ᠲᠣᠰᠬᠤᠨ ᠤ ᠱᠠᠲᠤᠨ ᠤ ᠴᠢᠬᠤᠯᠠ | ᠠᠰᠠᠭᠤᠳᠠᠯ ᠢ ᠶᠠᠷᠢᠯᠴᠠᠬᠤ ᠪᠠ ᠲᠣᠭᠲᠠᠭᠠᠬᠤ᠂ ᠲᠣᠰᠬᠤᠨ ᠤ ᠱᠠᠲᠤᠨ ᠤ ᠠᠷᠠᠳᠴᠢᠯᠠᠯ ᠢᠶᠠᠷ ᠵᠥᠪᠳᠡᠯᠴᠡᠬᠦ ᠶᠢ | ᠤᠳᠤᠷᠢᠳᠤᠨ ᠠᠬᠢᠭᠤᠯᠬᠤ ᠪᠠ ᠲᠣᠰᠬᠤᠨ ᠤ ᠠᠷᠠᠳ ᠤᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠶᠢ ᠳᠡᠮᠵᠢᠨ | ᠪᠠᠲᠤᠯᠠᠬᠤ᠂ ᠲᠣᠰ ᠲᠣᠰᠬᠤᠨ ᠤ ᠨᠡᠶᠢᠭᠡᠮ ᠤᠨ ᠵᠠᠰᠠᠯᠲᠠ ᠶᠢ ᠤᠳᠤᠷᠢᠳᠬᠤ᠂ ᠲᠣᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠶᠢ ᠲᠣᠳᠣᠷᠬᠠᠢ ᠲᠣᠭᠲᠠᠭᠠᠵᠠᠢ᠃ ᠪᠠᠰᠨ ᠤᠯᠠᠨ ᠲᠦᠮᠡᠨ ᠢ ᠵᠣᠬᠢᠶᠠᠨ ᠪᠠᠶᠢᠭᠤᠯᠬᠤ᠂ ᠤᠬᠠᠭᠤᠯᠬᠤ᠂ | ᠨᠢᠭᠲᠠᠷᠠᠭᠤᠯᠬᠤ ᠪᠠ ᠲᠡᠳᠡᠨ ᠳᠤ ᠦᠢᠯᠡᠴᠢᠯᠡᠬᠦ ᠵᠡᠷᠭᠡ ᠲᠠᠯ᠎ᠠ ᠶᠢᠨ ᠲᠤᠰᠢᠶᠠᠯ ᠬᠠᠷᠢᠭᠤᠴᠠᠯᠭ᠎ᠠ ᠪᠤᠢ᠃ | ᠥᠪᠡᠷ ᠢ ᠪᠠᠨ ᠬᠠᠮᠢᠶᠠᠷᠬᠤ ᠲᠦᠷᠦᠯ ᠳᠤ ᠭᠤᠣᠯᠳᠠᠭᠤ ᠥᠪᠡᠷᠲᠡᠭᠡᠨ ᠵᠠᠰᠠᠬᠤ ᠪᠦᠲᠦᠭᠡᠨ ᠪᠠᠶᠢᠭᠤᠯᠤᠯᠲᠠ᠂ ᠠᠵᠤ | ᠠᠬᠤᠢ ᠶᠢ ᠬᠥᠭᠵᠢᠭᠦᠯᠬᠦ᠂ ᠬᠠᠮᠲᠤ ᠶᠢᠨ ᠭᠠᠵᠠᠷ ᠰᠢᠷᠣᠢ ᠪᠠ ᠡᠳ᠋ ᠬᠥᠷᠥᠩᠭᠡ ᠶᠢ ᠬᠠᠮᠢᠶᠠᠷᠬᠤ᠂ ᠡᠳ᠋ ᠤᠨ ᠶᠠᠪᠤᠳᠠᠯ᠂ | ᠠᠮᠢ ᠠᠬᠤᠢ ᠶᠢᠨ ᠬᠠᠮᠠᠭᠠᠯᠠᠯᠲᠠ᠂ ᠦᠨᠳᠦᠰᠦᠲᠡᠨ ᠤ ᠪᠦᠯᠬᠦᠮᠳᠡᠯ᠂ ᠲᠣᠰᠬᠤᠨ ᠤ ᠶᠠᠪᠤᠳᠠᠯ ᠤᠨ ᠲᠠᠩᠰᠠ ᠡᠪᠬᠡᠮᠡᠯ ᠢ | ᠵᠢᠷᠤᠮᠵᠢᠭᠤᠯᠬᠤ᠂ ᠵᠠᠭᠤᠷᠠᠯᠳᠤᠭᠠᠨ ᠢ ᠡᠶᠡᠳᠡᠭᠦᠯᠬᠦ᠂ ᠬᠡᠷᠡᠭ ᠵᠥᠪᠳᠡᠯᠴᠡᠬᠦ᠂ ᠨᠡᠶᠢᠭᠡᠮ ᠤᠨ ᠠᠮᠤᠷ ᠲᠦᠪᠰᠢᠨ᠂ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ᠂ | ᠵᠠᠬᠢᠳᠠᠯ ᠰᠣᠷᠪᠤᠯᠵᠢᠯᠠᠭ᠎ᠠ ᠶᠢ ᠵᠣᠬᠢᠴᠠᠭᠤᠯᠤᠨ ᠠᠷᠢᠯᠭᠠᠬᠤ᠂ ᠬᠤᠣᠷᠲᠤ ᠡᠳ᠋ ᠢ ᠴᠠᠭᠠᠵᠠᠯᠠᠬᠤ᠂ ᠠᠶᠤᠯ ᠦᠬᠡᠢ | ᠦᠢᠯᠡᠳᠪᠦᠷᠢᠯᠡᠯ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠬᠠᠮᠢᠶᠠᠷᠬᠤ ᠵᠡᠷᠭᠡ ᠲᠠᠯ᠎ᠠ ᠶᠢᠨ | ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠥᠪᠡᠷ ᠢ ᠪᠠᠨ ᠬᠥᠮᠥᠵᠢᠭᠦᠯᠬᠦ ᠲᠦᠷᠦᠯ ᠳᠤ ᠭᠤᠣᠯᠳᠠᠭᠤ | ᠬᠠᠤᠯᠢ ᠴᠠᠭᠠᠵᠠ᠂ ᠬᠠᠤᠯᠢ ᠲᠦᠷᠢᠮ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠤᠶᠤᠨ ᠤ ᠪᠣᠯᠪᠠᠰᠤᠨ ᠤ | ᠪᠠᠶᠢᠭᠤᠯᠤᠯᠲᠠ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠵᠡᠷᠭᠡ ᠲᠠᠯ᠎ᠠ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠦᠢᠯᠡᠴᠢᠯᠡᠬᠦ ᠲᠥᠷᠥᠯ ᠳᠤ | ᠭᠤᠣᠯᠳᠠᠭᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠬᠡᠷᠡᠭ | ᠶᠠᠪᠤᠳᠠᠯ ᠪᠠ ᠨᠡᠶᠢᠲᠡ ᠶᠢᠨ ᠠᠰᠠᠷᠠᠮᠵᠢ ᠶᠢᠨ ᠦᠢᠯᠡᠰ᠂ ᠦᠨᠳᠦᠰᠦᠨ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ | ᠳᠡᠰ᠂ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ᠂ ᠨᠠᠰᠤᠨ ᠳᠤ ᠥᠯᠥ ᠬᠦᠷᠦᠭᠰᠡᠳ ᠢ | ᠬᠠᠮᠠᠭᠠᠯᠠᠬᠤ᠂ ᠨᠠᠰᠤᠲᠠᠶᠢᠴᠤᠳ ᠪᠠ ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ᠂ ᠵᠡᠮᠳᠡᠭᠴᠦᠳ ᠤᠨ | ᠪᠠᠲᠤᠯᠠᠭ᠎ᠠ ᠪᠠ ᠠᠮᠢᠳᠤᠷᠠᠯ ᠨᠢ ᠬᠦᠴᠢᠷᠳᠡᠯᠳᠡᠢ ᠣᠶᠣᠨ ᠤ ᠰᠠᠭᠠᠳ ᠲᠠᠢ ᠡᠪᠡᠳᠴᠢᠲᠡᠨ ᠤ ᠭᠡᠷ ᠪᠦᠯᠢ ᠶᠢ | ᠬᠠᠪᠰᠤᠷᠬᠤ᠂ ᠭᠡᠷ ᠪᠦᠯᠢ ᠶᠢᠨ ᠬᠦᠴᠦᠷᠬᠡᠭᠯᠡᠯ ᠢ ᠰᠡᠷᠬᠡᠶᠢᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ | ᠰᠡᠷᠬᠡᠶᠢᠯᠡᠬᠦ᠂ ᠭᠠᠴᠠᠭᠠᠨ ᠤ ᠠᠷᠠᠳ ᠤᠨ ᠰᠠᠨᠠᠯ ᠢ ᠲᠤᠰᠬᠠᠬᠤ ᠪᠠ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠂ ᠬᠠᠷ᠎ᠠ ᠬᠥᠷᠥᠰᠥ ᠶᠢ ᠬᠠᠮᠠᠭᠠᠯᠠᠬᠤ᠂ ᠭᠡᠷ ᠪᠦᠯᠢ ᠶᠢᠨ ᠬᠥᠮᠦᠵᠢᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ᠂ ᠴᠢᠰᠤ ᠥᠭᠬᠦ᠂ ᠭᠠᠯ ᠢ ᠰᠡᠷᠭᠡᠶᠢᠯᠡᠬᠦ᠂ ᠴᠡᠷᠢᠭ ᠲᠤ ᠡᠯᠰᠡᠬᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ | ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠪᠠ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ | ᠲᠤᠰᠢᠶᠠᠯ ᠬᠠᠷᠢᠭᠤᠴᠠᠯᠭ᠎ᠠ᠃ ᠦᠪᠡᠷ ᠤᠨ ᠪᠡᠶ᠎ᠡ ᠳᠤ ᠪᠠᠨ ᠬᠢᠨᠠᠯᠲᠠ ᠲᠠᠯᠪᠢᠬᠤ ᠲᠥᠷᠥᠯ ᠳᠤ ᠭᠤᠣᠯᠳᠠᠭᠤ ᠭᠠᠴᠠᠭ᠎ᠠ | ᠲᠣᠰᠬᠤᠨ ᠤ ᠠᠷᠠᠳᠴᠢᠯᠠᠯ ᠢᠶᠠᠷ ᠦᠨᠡᠯᠡᠬᠦ᠂ ᠲᠣᠰᠬᠤᠨ ᠤ ᠶᠠᠪᠤᠳᠠᠯ ᠢ ᠢᠯᠡᠵᠢᠬᠦᠯᠬᠦ ᠪᠠ ᠬᠢᠨᠠᠯᠲᠠ ᠲᠠᠯᠪᠢᠬᠤ ᠵᠡᠷᠭᠡ | ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠬᠠᠮᠵᠢᠯᠴᠠᠨ ᠠᠵᠢᠯᠯᠠᠬᠤ | ᠵᠦᠢᠯᠡᠰ ᠲᠤ ᠠᠵᠤ ᠠᠬᠤᠢ ᠶᠢᠨ ᠲᠦᠷᠦᠯ ᠤᠨ 4᠂ ᠨᠡᠶᠢᠭᠡᠮ ᠤᠨ ᠲᠦᠷᠦᠯ ᠤᠨ 15᠂ ᠠᠮᠢ ᠠᠬᠤᠢ ᠶᠢᠨ | ᠲᠦᠷᠦᠯ ᠤᠨ 1 ᠪᠠᠭᠲᠠᠨ᠎ᠠ᠃ ᠡᠭᠦᠨ ᠳᠤ᠂ ᠠᠵᠤ ᠠᠬᠤᠢ ᠶᠢᠨ ᠲᠥᠷᠥᠯ ᠳᠤ ᠭᠤᠣᠯᠳᠠᠭᠤ ᠭᠠᠵᠠᠷ ᠰᠢᠷᠣᠢ ᠶᠢᠨ | ᠪᠠᠶᠢᠴᠠᠭᠠᠯᠲᠠ᠂ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠬᠥᠮᠥᠨ | ᠠᠮᠠ᠂ ᠠᠵᠤ ᠠᠬᠤᠢ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠵᠡᠷᠭᠡ ᠲᠠᠯ᠎ᠠ ᠶᠢᠨ ᠠᠵᠢᠯ ᠢ | ᠬᠠᠤᠯᠢ ᠶᠣᠰᠣᠭᠠᠷ ᠬᠠᠮᠵᠢᠨ ᠥᠷᠨᠢᠭᠦᠯᠬᠦ ᠵᠦᠢᠯᠡᠰ ᠢ ᠲᠣᠳᠣᠷᠬᠠᠶᠢᠯᠠᠪᠠ᠃ ᠨᠡᠶᠢᠭᠡᠮ ᠤᠨ ᠲᠥᠷᠥᠯ ᠳᠤ ᠭᠤᠣᠯᠳᠠᠭᠤ | ᠨᠡᠶᠢᠭᠡᠮ ᠤᠨ ᠠᠮᠤᠷ ᠲᠦᠪᠰᠢᠨ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠦᠯᠢ ᠶᠢᠨ ᠬᠦᠴᠦᠷᠬᠡᠭᠯᠡᠯ ᠢ | ᠤᠷᠢᠳᠴᠢᠯᠠᠨ ᠰᠡᠷᠭᠡᠶᠢᠯᠡᠬᠦ᠂ ᠨᠡᠶᠢᠭᠡᠮ ᠤᠨ ᠲᠤᠰᠠᠯᠠᠮᠵᠢ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠨ ᠳᠤ | ᠥᠯᠥ ᠭᠦᠷᠦᠭᠰᠡᠳ ᠢ ᠬᠠᠮᠠᠭᠠᠯᠠᠬᠤ᠂ ᠭᠡᠷ ᠪᠦᠯᠢ ᠶᠢᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠪᠠ ᠣᠶᠣᠨ ᠤ | ᠡᠷᠡᠭᠦᠯ ᠬᠠᠮᠠᠭᠠᠯᠠᠯ᠂ ᠰᠦᠷᠳᠡᠭᠦᠯᠬᠦ ᠦᠵᠡᠯ ᠢ ᠡᠰᠡᠷᠭᠦᠴᠡᠬᠦ᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ | ᠡᠰᠡᠷᠭᠦᠴᠡᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠤᠣᠷ ᠴᠠᠭᠠᠵᠠᠯᠠᠬᠤ᠂ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ᠂ ᠭᠠᠯ ᠤᠨᠲᠠᠷᠠᠭᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠤᠨ | ᠵᠦᠢᠯᠡᠰ ᠢ ᠬᠠᠤᠯᠢ ᠶᠣᠰᠣᠭᠠᠷ ᠬᠠᠮᠵᠢᠨ ᠥᠷᠨᠢᠭᠦᠯᠦᠨ᠎ᠡ᠃ ᠠᠮᠢ ᠠᠬᠤᠢ ᠶᠢᠨ ᠲᠥᠷᠥᠯ ᠳᠤ ᠭᠤᠣᠯᠳᠠᠭᠤ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠵᠡᠷᠭᠡ ᠲᠠᠯ᠎ᠠ ᠶᠢᠨ ᠠᠵᠢᠯ ᠢ | ᠬᠠᠤᠯᠢ ᠶᠣᠰᠣᠭᠠᠷ ᠬᠠᠮᠵᠢᠨ ᠥᠷᠨᠢᠭᠦᠯᠬᠦ ᠵᠦᠢᠯᠡᠰ ᠢ ᠲᠣᠳᠣᠷᠬᠠᠶᠢᠯᠠᠪᠠ᠃ | ᠠᠰᠠᠭᠤᠯᠲᠠ᠄ ᠭᠠᠴᠠᠭᠠᠨ ᠤ ᠱᠠᠲᠤᠨ ᠤ ᠠᠵᠢᠯ ᠤᠨ ᠲᠣᠭᠲᠠᠴᠠ ᠶᠢᠨ ᠫᠠᠶᠢᠰᠠ ᠶᠢ ᠵᠢᠷᠤᠮᠵᠢᠭᠤᠯᠬᠤ ᠳᠤ ᠶᠠᠮᠠᠷ | ᠶᠠᠮᠠᠷ ᠠᠷᠭ᠎ᠠ ᠪᠠᠶᠢᠬᠤ ᠪᠣᠢ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠳᠤ ᠭᠤᠣᠯᠳᠠᠭᠤ ᠨᠠᠮ ᠵᠠᠰᠠᠭ ᠣᠯᠠᠨ ᠲᠦᠮᠡᠨ ᠤ ᠪᠠᠶᠢᠭᠤᠯᠤᠮᠵᠢ ᠶᠢᠨ | ᠪᠠᠶᠢᠭᠤᠯᠤᠭᠰᠠᠨ ᠲᠣᠰᠬᠤᠨ ᠤ ᠱᠠᠲᠤᠨ ᠤ ᠠᠵᠢᠯ ᠤᠨ ᠲᠣᠭᠲᠠᠴᠠ ︵ᠡᠯ᠎ᠡ ᠲᠥᠷᠥᠯ ᠤᠨ ᠰᠠᠯᠪᠤᠷᠢ ᠪᠠᠶᠢᠭᠤᠯᠤᠮᠵᠢ | ᠪᠠ ᠲᠥᠪ᠂ ᠥᠷᠲᠡᠭᠡ᠂ ᠭᠠᠵᠠᠷ ᠵᠡᠷᠭᠡ ᠶᠢ ᠪᠠᠭᠲᠠᠭᠠᠨ᠎ᠠ︶ ᠶᠢ ᠴᠢᠩᠭ᠎ᠠ ᠡᠵᠡᠮᠳᠡᠵᠦ᠂ ᠲᠣᠰᠬᠤᠨ ᠤ ᠱᠠᠲᠤᠨ ᠤ | ᠵᠣᠬᠢᠶᠠᠨ ᠪᠠᠶᠢᠭᠤᠯᠤᠯᠲᠠ ᠪᠠ ᠠᠵᠢᠯ ᠤᠨ ᠲᠣᠭᠲᠠᠴᠠ ᠶᠢᠨ ᠠᠵᠢᠯᠯᠠᠬᠤ ᠲᠠᠯᠠᠪᠤᠷ ᠢ ᠡᠮᠬᠢᠯᠡᠵᠤ᠂ ᠭᠠᠴᠠᠭ᠎ᠠ | ᠲᠣᠰᠬᠤᠨ ᠤ ᠫᠠᠶᠢᠰᠠ ᠡᠯᠭᠦᠬᠦ ᠲᠤᠭ᠎ᠠ ᠪᠠ ᠢᠯᠭᠠᠬᠤ ᠲᠡᠮᠳᠡᠭ ᠢ ᠵᠢᠷᠤᠮᠵᠢᠭᠤᠯᠬᠤ ᠵᠡᠷᠭᠡ 3 ᠲᠠᠯ᠎ᠠ ᠶᠢᠨ ᠠᠷᠭ᠎ᠠ ᠶᠢ | ᠲᠣᠳᠣᠷᠬᠠᠶᠢᠯᠠᠭᠰᠠᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ | ᠠᠵᠢᠯ ᠤᠨ ᠲᠣᠭᠲᠠᠴᠠ ᠶᠢᠨ ᠫᠠᠶᠢᠰᠠ ᠶᠢᠨ ᠵᠢᠯᠤᠭᠤᠳᠬᠤ ᠭᠠᠷᠴᠠᠭ︾ ᠢ ᠲᠣᠭᠲᠠᠭᠠᠪᠠ᠃ ᠡᠭᠦᠨ ᠤ ᠬᠠᠮᠲᠤ | ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠬᠦᠬᠡᠷᠤᠮᠵᠢ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠬᠦᠬᠡᠷᠤᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠰᠬᠤᠨ ᠤ ᠱᠠᠲᠤᠨ ᠤ ᠣᠷᠣᠯᠠᠨ ᠭᠦᠢᠴᠡᠳᠬᠡᠬᠦ ︽ | ᠨᠠᠢᠮᠨ ᠪᠠᠶᠢᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ | ᠲᠣᠰᠬᠤᠨ ᠤ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠪᠦᠯᠬᠦᠮ ᠨᠡᠶᠢᠲᠡ ᠪᠤᠶᠤ ᠦᠢᠯᠡᠴᠢᠯᠡᠭᠡᠨ ᠤ | ᠠᠵᠢᠯ ᠤᠨ ᠪᠠᠶᠢᠷᠢ ᠶᠢ ᠪᠠᠶᠢᠭᠤᠯᠬᠤ ᠬᠡᠷᠡᠭᠲᠡᠢ᠃ ᠲᠡᠮᠳᠡᠭ ᠫᠠᠶᠢᠰᠠ ᠳᠡᠭᠡᠷ᠎ᠡ ᠭᠠᠴᠠᠭ᠎ᠠ ᠲᠣᠰᠬᠤᠨ ᠤ ᠳᠦᠷᠢᠮᠵᠢᠯ ᠤᠨ | ᠪᠦᠷᠢᠨ ᠨᠡᠷᠡᠶᠢᠳᠦᠯ ᠢ ᠬᠡᠷᠡᠭᠯᠡᠬᠦ ᠶᠢ ᠲᠣᠳᠣᠷᠬᠠᠶᠢᠯᠠᠵᠤ᠂ ᠬᠡᠯᠪᠡᠷᠢ ᠮᠠᠶ᠋ᠢᠭ ᠨᠢ ᠡᠩ ᠤᠨ ᠪᠠᠶᠢᠳᠠᠯ ᠳᠤ ᠵᠤᠷᠪᠤᠰ | ᠫᠠᠶᠢᠰᠠ ᠪᠠᠶᠢᠵᠤ᠂ ᠲᠡᠮᠳᠡᠭ ᠫᠠᠶᠢᠰᠠ ᠶᠢᠨ ᠥᠩᠭᠡ ᠨᠢ ᠭᠠᠴᠠᠭ᠎ᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠠᠭᠠᠨ ᠳᠡᠪᠢᠰᠬᠡᠷᠲᠦ ᠤᠯᠠᠭᠠᠨ ᠥᠰᠥᠭ ᠢ ᠬᠡᠷᠡᠭᠯᠡᠬᠦ ᠠᠴᠠ ᠭᠠᠳᠠᠨ᠎ᠠ᠂ ᠪᠤᠰᠤᠳ ᠨᠢ ᠡᠩ ᠤᠨ | ᠪᠠᠶᠢᠳᠠᠯ ᠳᠤ ᠴᠠᠭᠠᠨ ᠳᠡᠪᠢᠰᠬᠡᠷᠲᠦ ᠬᠠᠷ᠎ᠠ ᠥᠰᠥᠭ ᠢ ᠬᠡᠷᠡᠭᠯᠡᠵᠦ᠂ ᠲᠡᠮᠳᠡᠭ ᠫᠠᠶᠢᠰᠠ ᠶᠢᠨ ᠥᠰᠥᠭ ᠪᠢᠴᠢᠭ ᠲᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠠ ᠴᠥᠭᠡᠨ ᠲᠣᠭᠠᠲᠤ ᠦᠨᠳᠦᠰᠦᠲᠡᠨ ᠤ ᠦᠭᠡ | ᠬᠡᠯᠡ ᠥᠰᠥᠭ ᠪᠢᠴᠢᠭ ᠢ ᠵᠢᠷᠤᠮᠵᠢᠭᠤᠯᠤᠨ ᠬᠡᠷᠡᠭᠯᠡᠵᠦ᠂ ᠥᠰᠥᠭ ᠤᠨ ᠲᠢᠭ ᠨᠢ ᠡᠩ ᠤᠨ ᠪᠠᠶᠢᠳᠠᠯ ᠳᠤ ᠬᠢᠳᠡᠳ | ᠦᠰᠦᠭ ᠤᠨ ︽ᠰᠥᠩ︾ ᠲᠢᠭ ᠪᠠᠶᠢᠵᠤ᠂ ᠮᠠᠲ᠋ᠧᠷᠢᠶᠠᠯ ᠤᠨ ᠴᠢᠨᠠᠷ ᠪᠠ ᠶᠡᠭᠡ ᠪᠠᠭ᠎ᠠ ᠶᠢ ᠪᠣᠳᠠᠲᠤ ᠪᠠᠶᠢᠳᠠᠯ ᠢᠶᠠᠨ | ᠦᠨᠳᠦᠰᠦᠯᠡᠨ ᠥᠪᠡᠰᠦᠪᠡᠨ ᠲᠣᠭᠲᠠᠭᠠᠨ᠎ᠠ᠃ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠲᠦᠬᠦᠬᠡᠷᠤᠮᠵᠢ ᠶᠢᠨ ᠳᠣᠲᠣᠭᠠᠳᠤ ᠳᠤ ︽ᠨᠢᠭᠡ ᠥᠷᠥᠭᠡ ᠨᠢᠭᠡ ᠫᠠᠶᠢᠰᠠ︾ ᠶᠢ ᠬᠡᠷᠡᠭᠵᠢᠭᠦᠯᠵᠦ᠂ ᠶᠡᠷᠦᠩᠬᠡᠶᠢᠯᠡᠭᠰᠡᠨ | ᠦᠢᠯᠡᠴᠢᠯᠡᠭᠡᠨ ᠤ ᠪᠠᠶᠢᠭᠤᠯᠤᠮᠵᠢ ᠶᠢᠨ ᠫᠠᠶᠢᠰᠠ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠵᠢᠯᠣᠭᠤᠳᠤᠮᠵᠢ | ᠫᠠᠶᠢᠰᠠ ᠪᠠ ᠴᠢᠳᠠᠮᠵᠢᠲᠤ ᠣᠷᠣᠨ ᠤ ᠡᠭᠦᠳᠡᠨ ᠫᠠᠶᠢᠰᠠ ᠲᠣᠬᠢᠷᠠᠭᠤᠯᠤᠨ᠂ ᠠᠭᠤᠯᠭ᠎ᠠ ᠦᠭᠡᠢ᠂ ᠪᠠᠲᠤᠯᠠᠭ᠎ᠠ ᠦᠭᠡᠢ᠂ | ᠡᠭᠦᠷᠭᠡ ᠴᠢᠳᠠᠪᠤᠷᠢ ᠶᠢᠨ ᠬᠡᠪᠴᠢᠶ᠎ᠡ ᠠᠴᠠ ᠳᠠᠪᠠᠭᠰᠠᠨ ᠬᠠᠭᠤᠷᠮᠠᠭ ᠫᠠᠶᠢᠰᠠ ᠶᠢ ᠬᠦᠴᠦᠨ ᠦᠭᠡᠢ ᠪᠣᠯᠭᠠᠬᠤ ᠬᠡᠷᠡᠭᠲᠡᠢ | ᠭᠡᠵᠦ ᠲᠣᠳᠣᠷᠬᠠᠢ ᠱᠠᠭᠠᠷᠳᠠᠪᠠ᠃ | ᠠᠰᠠᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠠᠵᠢᠯ ᠤᠨ | ᠲᠣᠭᠲᠠᠴᠠ ᠶᠢᠨ ᠫᠠᠶᠢᠰᠠ ᠶᠢᠨ ᠵᠢᠯᠤᠭᠤᠳᠬᠤ ᠭᠠᠷᠴᠠᠭ︾ ᠲᠤ ᠶᠠᠮᠠᠷ ᠶᠠᠮᠠᠷ ᠠᠭᠤᠯᠭ᠎ᠠ ᠲᠠᠢ ᠪᠣᠶ︖ | ᠬᠠᠷᠢᠭᠤᠯᠲᠠ᠄ ᠵᠢᠯᠤᠭᠤᠳᠬᠤ ᠭᠠᠷᠴᠠᠭ ᠲᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ᠂ ᠣᠲᠣ ᠶᠢᠨ | ᠪᠠᠶᠢᠭ᠎ᠠ ᠠᠵᠢᠯ ᠤᠨ ᠲᠣᠭᠲᠠᠴᠠ ᠪᠠ ᠫᠠᠶᠢᠰᠠ ᠲᠡᠮᠳᠡᠭ ᠤᠨ ᠨᠡᠷᠡᠶᠢᠳᠦᠯ ᠤᠨ ᠲᠤᠭ᠎ᠠ ᠶᠢᠨ ᠲᠤᠬᠠᠢ ᠲᠣᠭᠲᠠᠭᠠᠯ | ᠭᠠᠷᠭᠠᠵᠤ᠂ ᠬᠠᠤᠯᠢ ᠴᠠᠭᠠᠵᠠ ᠬᠠᠤᠯᠢ ᠲᠦᠷᠢᠮ᠂ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠣᠳᠣᠷᠬᠠᠢ ᠱᠠᠭᠠᠷᠳᠠᠯᠭ᠎ᠠ ᠪᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠠᠴᠠ ᠭᠠᠳᠠᠨ᠎ᠠ ᠲᠣᠰᠬᠤᠨ ᠤ ᠱᠠᠲᠤᠨ ᠳᠤ | ᠪᠤᠰᠤᠳ ᠠᠵᠢᠯ ᠤᠨ ᠲᠣᠭᠲᠠᠴᠠ ᠪᠠ ᠫᠠᠶᠢᠰᠠ ᠲᠡᠮᠳᠡᠭ ᠭᠠᠷᠭᠠᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ | ᠨᠢᠭᠡᠳᠦᠭᠡᠷ ᠲᠤ᠂ ᠵᠢᠯᠤᠭᠤᠳᠬᠤ ᠭᠠᠷᠴᠠᠭ ᠲᠤ ᠭᠤᠷᠪᠠᠨ ᠲᠥᠷᠥᠯ ᠤᠨ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢ ᠲᠣᠳᠣᠷᠬᠠᠢ ᠲᠣᠭᠲᠠᠭᠠᠪᠠ᠄ ᠨᠢᠭᠡ ᠳᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ᠃ | ᠬᠤᠶᠠᠷ ᠲᠤ ᠭᠠᠴᠠᠭᠠᠨ ᠤ ᠠᠷᠠᠳ ᠤᠨ ᠵᠥᠪᠯᠡᠯ ᠤᠨ ᠬᠠᠷᠢᠶ᠎ᠠ ᠺᠣᠮᠢᠰ᠂ ᠡᠭᠦᠨ ᠳᠤ ᠭᠤᠣᠯᠳᠠᠭᠤ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠺᠣᠮᠢᠰ᠂ ᠠᠮᠤᠷ ᠢ ᠬᠠᠮᠠᠭᠠᠯᠠᠬᠤ ᠺᠣᠮᠢᠰ᠂ ᠠᠷᠠᠳ ᠤᠨ ᠡᠶᠡᠳᠡᠭᠦᠯᠬᠦ ᠺᠣᠮᠢᠰ᠂ ᠡᠮᠡᠭᠲᠡᠶᠢᠴᠦᠳ | ᠪᠠ ᠬᠡᠦᠬᠡᠳ ᠤᠨ ᠠᠵᠢᠯ ᠤᠨ ᠺᠣᠮᠢᠰ ᠪᠤᠯᠤᠨ ᠪᠤᠰᠤᠳ ᠺᠣᠮᠢᠰ ᠪᠠᠭᠲᠠᠨ᠎ᠠ᠃ ᠭᠤᠷᠪᠠ ᠳᠤ᠂ ᠭᠠᠴᠠᠭ᠎ᠠ | ᠲᠣᠰᠬᠤᠨ ᠤ ᠣᠯᠠᠨ ᠲᠦᠮᠡᠨ ᠤ ᠪᠦᠯᠬᠦᠮ ᠵᠡᠷᠭᠡ ᠵᠣᠬᠢᠶᠠᠨ ᠪᠠᠶᠢᠭᠤᠯᠤᠯᠲᠠ᠂ ᠡᠭᠦᠨ ᠳᠤ ᠭᠤᠣᠯᠳᠠᠭᠤ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ | ᠪᠠᠭᠲᠠᠨ᠎ᠠ᠃ ᠬᠤᠶᠠᠳᠤᠭᠠᠷ ᠲᠤ᠂ ᠵᠢᠯᠤᠭᠤᠳᠬᠤ ᠭᠠᠷᠴᠠᠭ ᠲᠤ ᠦᠯᠡᠳᠡᠭᠡᠭᠰᠡᠨ ᠲᠣᠰᠬᠤᠨ ᠤ ᠲᠠᠰ ᠤᠨ ᠳᠥᠷᠪᠡᠨ | ᠠᠵᠢᠯ ᠤᠨ ᠲᠣᠭᠲᠠᠴᠠ ᠶᠢ ᠲᠣᠳᠣᠷᠬᠠᠢ ᠲᠣᠭᠲᠠᠭᠠᠵᠠᠢ᠂ ᠡᠭᠦᠨ ᠳᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠥᠷᠲᠡᠭᠡ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠨᠡᠶᠢᠭᠡᠮ ᠤᠨ | ᠠᠵᠢᠯ ᠤᠨ ᠦᠢᠯᠡᠴᠢᠯᠡᠭᠡᠨ ᠤ ᠲᠠᠰᠤᠭ ᠪᠠ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ ᠠᠵᠢᠯ ᠤᠨ ᠥᠷᠲᠡᠭᠡ ᠪᠣᠯᠣᠨ᠎ᠠ᠃ ᠭᠤᠷᠪᠠᠳᠤᠭᠠᠷ ᠲᠤ᠂ ᠵᠢᠯᠤᠭᠤᠳᠬᠤ ᠭᠠᠷᠴᠠᠭ ᠲᠤ ᠪᠠᠰᠠ | ᠳᠥᠷᠪᠡᠨ ᠫᠠᠶᠢᠰᠠ ᠪᠠ ᠬᠤᠶᠠᠷ ᠢᠯᠡᠷᠬᠡᠶᠢᠯᠡᠯ ᠤᠨ ᠪᠣᠳᠠᠲᠠᠢ ᠨᠡᠷᠡᠶᠢᠳᠦᠯ ᠤᠨ ᠲᠤᠬᠠᠢ ᠲᠣᠭᠲᠠᠭᠠᠯ ᠭᠠᠷᠭᠠᠪᠠ᠃ | ᠠᠰᠠᠭᠤᠯᠲᠠ᠄ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠬᠤ ᠠᠵᠢᠯ ᠳᠤ ᠶᠠᠮᠠᠷ ᠶᠠᠮᠠᠷ | ᠰᠠᠶᠢᠵᠢᠷᠠᠯᠲᠠ ᠲᠠᠢ ᠪᠣᠢ︖ | ᠬᠠᠷᠢᠭᠤᠯᠲᠠ᠄ ᠨᠢᠭᠡ ᠳᠤ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠭᠠᠷᠭᠠᠵᠤ ᠥᠭᠬᠦ ᠭᠡᠷᠡᠴᠢᠯᠡᠬᠦ | ᠵᠦᠢ᠊ᠯᠡᠰ ᠢ ᠪᠠᠭᠠᠰᠬᠠᠵᠤ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠭᠠᠷᠭᠠᠵᠤ ᠥᠭᠬᠦ ᠭᠡᠷᠡᠴᠢᠯᠡᠬᠦ | ᠵᠦᠢᠯᠡᠰ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠭᠠᠴᠠᠭᠠᠨ ᠤ ᠱᠠᠲᠤᠨ ᠤ ᠵᠣᠬᠢᠶᠠᠨ | ᠪᠠᠶᠢᠭᠤᠯᠤᠯᠲᠠ ᠠᠴᠠ ᠭᠠᠷᠭᠠᠵᠤ ᠦᠭᠪᠡᠰᠤ ᠵᠣᠬᠢᠬᠤ ᠭᠡᠷᠡᠴᠢᠯᠡᠬᠦ ᠵᠦᠢᠯᠡᠰ ᠢ ᠲᠣᠳᠣᠷᠬᠠᠶᠢᠯᠠᠵᠠᠢ᠃ ᠬᠤᠶᠠᠷ ᠲᠤ᠂ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ ᠭᠡᠷᠡᠴᠢᠯᠡᠬᠦ ᠵᠦᠢᠯᠡᠰ ᠭᠠᠷᠭᠠᠵᠤ ᠥᠭᠬᠦ ᠴᠢᠬᠤᠯᠠᠲᠠᠢ ᠪᠤᠯ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤ ᠪᠥᠬᠦ ᠣᠷᠣᠨ ᠤ ᠬᠡᠪᠴᠢᠶᠡᠨ ᠳᠤ | ᠭᠡᠷᠡᠴᠢᠯᠡᠬᠦ ᠪᠣᠳᠠᠲᠠᠢ ᠬᠡᠯᠪᠡᠷᠢ᠂ ᠭᠦᠢᠴᠡᠳᠬᠡᠬᠦ ᠲᠠᠰ ᠳᠠᠷᠠᠭᠠᠯᠠᠯ ᠪᠠ ᠠᠵᠢᠯᠯᠠᠭᠠᠨ ᠤ ᠵᠢᠷᠤᠮᠵᠢᠯ ᠢ ᠲᠥᠷᠥᠯ | ᠬᠤᠪᠢᠶᠠᠨ ᠲᠣᠳᠣᠷᠬᠠᠶᠢᠯᠠᠬᠤ ᠬᠡᠷᠡᠭᠲᠡᠢ᠃ | ᠠᠰᠠᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠭᠠᠷᠭᠠᠵᠤ ᠥᠭᠭᠦᠭᠰᠡᠨ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ︾ ᠳᠤ | ᠲᠣᠳᠣᠷᠬᠠᠶᠢᠯᠠᠭᠰᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ ᠭᠠᠷᠭᠠᠵᠤ ᠥᠭᠬᠦ ᠴᠢᠬᠤᠯᠠ ᠦᠭᠡᠢ | ᠭᠡᠷᠡᠴᠢᠯᠡᠬᠦ ᠵᠦᠢᠯᠡᠰ ᠨᠢ ᠶᠠᠭᠤ ᠶᠠᠭᠤ ᠪᠠᠶᠢᠬᠤ ᠪᠣᠶ︖ | ᠬᠠᠷᠢᠭᠤᠯᠲᠠ᠄ ᠨᠠᠵᠠᠭᠠᠢ ᠲᠠᠯ᠎ᠠ ᠶᠢᠨ ᠨᠠᠷᠢᠨ ᠳᠠᠩᠰᠠᠨ ᠳᠤ ᠭᠠᠴᠠᠭᠠᠨ ᠤ ᠱᠠᠲᠤᠨ ᠤ ᠵᠣᠬᠢᠶᠠᠨ | ᠪᠠᠶᠢᠭᠤᠯᠤᠯᠲᠠ ᠠᠴᠠ ᠭᠠᠷᠭᠠᠵᠤ ᠥᠭᠬᠦ ᠴᠢᠬᠤᠯᠠ ᠦᠭᠡᠢ 20 ᠵᠦᠢᠯ ᠤᠨ ᠭᠡᠷᠡᠴᠢᠯᠡᠬᠦ ᠵᠦᠢᠯᠡᠰ ᠢ ᠲᠤᠳᠤᠷᠬᠠᠶᠢᠯᠠᠪᠠ᠂ | ᠲᠡᠷᠨ ᠨᠢ᠄ ᠲᠥᠷᠥᠯ ᠰᠠᠳᠤᠨ ᠤ ᠬᠠᠷᠢᠴᠠᠭᠠᠨ ᠤ ᠭᠡᠷᠡᠴᠢᠯᠡᠯ᠂ ᠰᠠᠭᠤᠭᠠᠯᠢ ᠠᠷᠠᠳ ᠤᠨ ᠪᠡᠶ᠎ᠡ ᠶᠢᠨ ᠬᠢᠷᠢ ᠬᠡᠮ ᠤᠨ | ᠮᠡᠳᠡᠭᠡ ᠵᠠᠩᠭᠢ ᠶᠢᠨ ᠭᠡᠷᠡᠴᠢᠯᠡᠯ᠂ ᠡᠷᠦᠬᠡ ᠠᠮᠠ ᠶᠢᠨ ᠳᠠᠩᠰᠠᠯᠠᠯ ᠤᠨ ᠲᠥᠷᠥᠯ ᠵᠦᠢᠯ ᠤᠨ ᠠᠭᠤᠯᠭ᠎ᠠ ᠶᠢ | ᠬᠤᠪᠢᠷᠠᠭᠤᠯᠬᠤ ᠭᠤᠶᠤᠴᠢᠯᠠᠯ ᠤᠨ ᠭᠡᠷᠡᠴᠢ᠂ ᠲᠣᠰᠬᠤᠨ ᠤ ᠠᠷᠠᠳ ᠤᠨ ᠨᠣᠬᠠᠢ ᠲᠡᠵᠢᠭᠡᠭᠰᠡᠨ ᠭᠡᠷᠡᠴᠢ᠂ ᠶᠠᠯ᠎ᠠ | ᠬᠢᠭᠰᠡᠨ ᠲᠡᠮᠳᠡᠭᠯᠡᠯ ᠤᠨ ᠭᠡᠷᠡᠴᠢ ᠦᠭᠡᠢ᠂ ᠨᠡᠶᠢᠭᠡᠮ ᠲᠣᠭᠤᠷᠢᠭ ᠤᠨ ᠬᠤᠣᠷ ᠡᠳ᠋ᠯᠡᠬᠦ ᠪᠠᠨ ᠵᠣᠭᠰᠣᠭᠰᠠᠨ ᠪᠤᠶᠤ | ᠨᠡᠶᠢᠭᠡᠮ ᠲᠣᠭᠤᠷᠢᠭ ᠤᠨ ᠡᠷᠡᠭᠦᠯᠵᠢᠭᠦᠯᠦᠭᠴᠢ ᠶᠢᠨ ᠪᠠᠶᠢᠳᠠᠯ ᠤᠨ ᠭᠡᠷᠡᠴᠢ᠂ ᠬᠥᠮᠥᠨ ᠤ ᠠᠯᠠᠭ᠎ᠠ ᠪᠣᠯᠤᠭᠰᠠᠨ ᠭᠡᠷᠡᠴᠢ᠂ | ᠤᠷᠤᠭ ᠤᠨ ᠪᠠᠶᠢᠳᠠᠯ ᠤᠨ ᠭᠡᠷᠡᠴᠢ᠂ ᠲᠦᠷᠦᠭᠰᠡᠨ ᠭᠡᠷᠡᠴᠢ᠂ ᠡᠷᠡᠭᠦᠯ ᠲᠡᠩᠬᠡᠯᠡᠭᠦᠨ ᠪᠠᠶᠢᠬᠤ ᠭᠡᠷᠡᠴᠢ᠂ ᠦᠬᠦᠭᠰᠡᠨ | ᠭᠡᠷᠡᠴᠢ᠂ ᠡᠪᠡᠳᠴᠢᠨ ᠡᠮᠭᠡᠭ ᠤᠨ ᠪᠠᠶᠢᠳᠠᠯ ᠤᠨ ᠭᠡᠷᠡᠴᠢ᠂ ᠵᠡᠮᠳᠡᠭᠷᠡᠭᠰᠡᠨ ᠪᠠᠶᠢᠳᠠᠯ ᠤᠨ ᠭᠡᠷᠡᠴᠢ᠂ ᠤᠷᠤᠭᠯᠠᠵᠤ | ᠬᠥᠩᠭᠡᠵᠢᠬᠦ ᠪᠠᠶᠢᠳᠠᠯ ᠤᠨ ᠭᠡᠷᠡᠴᠢ᠂ ᠠᠵᠢᠯ ᠣᠯᠣᠭᠰᠠᠨ ᠪᠠᠶᠢᠳᠠᠯ ᠤᠨ ᠭᠡᠷᠡᠴᠢ᠂ ᠬᠤᠪᠢ ᠬᠥᠮᠥᠨ ᠤ ᠳᠠᠩᠰᠠ | ᠡᠪᠬᠡᠮᠡᠯ ᠤᠨ ᠭᠡᠷᠡᠴᠢ᠂ ᠭᠠᠴᠠᠭᠠᠨ ᠤ ᠠᠷᠠᠳ ᠤᠨ ᠡᠳ᠋ ᠬᠥᠷᠥᠩᠭᠡ ᠶᠢᠨ ᠭᠡᠷᠡᠴᠢ᠂ ᠥᠪ ᠵᠠᠯᠭᠠᠮᠵᠢᠯᠠᠬᠤ ᠡᠷᠬᠡ ᠶᠢᠨ | ᠭᠡᠷᠡᠴᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠷᠣᠨ ᠰᠠᠭᠤᠴᠠ ᠶᠢᠨ ᠭᠡᠷᠡᠴᠢ᠂ ᠦᠨᠡᠮᠯᠡᠯ ᠢᠶᠠᠨ ᠭᠡᠭᠡᠭᠰᠡᠨ | ᠭᠡᠷᠡᠴᠢ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠤᠯᠳᠠ ᠶᠢ ᠬᠡᠷᠬᠢᠨ ᠪᠠᠲᠤᠯᠠᠬᠤ ᠪᠣᠶ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠳᠤ 3 ᠲᠠᠯ᠎ᠠ ᠶᠢᠨ ᠪᠠᠲᠤᠯᠠᠭ᠎ᠠ ᠶᠢᠨ ᠠᠷᠭ᠎ᠠ ᠶᠢ ᠲᠤᠷᠠᠳᠪᠠ᠄ | ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠶᠠᠪᠤᠳᠠᠯ᠂ ᠲᠣᠭᠲᠠᠴᠠ ᠶᠢᠨ | ᠫᠠᠶᠢᠰᠠ ᠪᠣᠯᠣᠨ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠶᠢ ᠴᠢᠬᠤᠯᠠᠴᠢᠯᠠᠵᠤ᠂ ᠳᠡᠭᠡᠳᠦ ᠳᠣᠣᠷᠠᠳᠤ ᠱᠠᠲᠤ ᠶᠢ | ᠨᠡᠪᠲᠡᠷᠡᠭᠦᠯᠦᠭᠰᠡᠨ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ᠂ ᠡᠴᠦᠰ ᠲᠤ ᠨᠢ | ᠲᠤᠯᠲᠠᠯ᠎ᠠ ᠠᠳᠬᠤᠭᠰᠠᠨ ᠠᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠡᠬᠡ ᠲᠠᠩᠰᠠ ᠶᠢ | ᠱᠠᠲᠤ ᠬᠤᠪᠢᠶᠠᠨ ᠪᠠᠶᠢᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ | ᠭᠡᠵᠦ ᠱᠠᠭᠠᠷᠳᠠᠪᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠢ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠳᠤ | ᠴᠢᠭᠯᠡᠭᠦᠯᠦᠭᠰᠡᠨ ᠠᠵᠢᠯ ᠤᠨ ᠵᠦᠢᠯᠡᠰ ᠢ ᠨᠢᠭᠡᠳ ᠨᠢᠭᠡ ᠪᠠᠷ ᠵᠢᠷᠤᠮᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ | ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ︵ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ︶ | ᠨᠢ ᠲᠦᠷᠦᠭᠦᠯᠡᠨ ᠵᠣᠬᠢᠴᠠᠭᠤᠯᠬᠤ ᠡᠭᠦᠷᠭᠡ ᠴᠢᠳᠠᠪᠤᠷᠢ ᠪᠠᠨ ᠴᠢᠩᠭᠠᠷᠠᠭᠤᠯᠵᠤ᠂ ᠨᠢᠭᠡᠳᠦᠯᠲᠡᠢ ᠲᠥᠯᠥᠪᠯᠡᠨ | ᠵᠢᠯᠤᠭᠤᠳᠬᠤ᠂ ᠡᠬᠢ ᠪᠠᠶᠠᠯᠢᠭ ᠢ ᠡᠮᠬᠢᠯᠡᠬᠦ ᠪᠠ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ | ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠶᠠᠪᠤᠳᠠᠯ ᠢ ᠵᠢᠷᠤᠮᠵᠢᠭᠤᠯᠬᠤ ᠶᠢ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ | ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ︶ | ᠶᠢᠨ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ | ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠬᠤ ᠪᠠ ᠬᠠᠮᠢᠶ᠎ᠠ ᠪᠦᠬᠦᠢ ᠨᠠᠮ ᠵᠠᠰᠠᠭ ᠣᠯᠠᠨ ᠲᠦᠮᠡᠨ ᠤ | ᠪᠠᠶᠢᠭᠤᠯᠤᠮᠵᠢ ᠶᠢ ᠰᠢᠯᠭᠠᠨ ᠬᠢᠨᠠᠵᠤ ᠦᠨᠡᠯᠡᠬᠦ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠤᠶᠠᠷ ᠲᠤ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠢ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠶᠠᠪᠤᠳᠠᠯ᠂ | ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠪᠠᠶᠢᠩᠭᠤᠵᠢᠭᠤᠯᠤᠨ ᠬᠢᠨᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠪᠠ ᠮᠥᠷᠳᠡᠨ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠤᠨ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠳᠤᠷ᠎ᠠ ᠪᠠᠷ ᠢᠶᠠᠨ | ᠨᠡᠮᠡᠭᠳᠡᠭᠦᠯᠬᠦ ᠠᠵᠢᠯᠯᠠᠭ᠎ᠠ ᠶᠢ ᠴᠠᠭ ᠲᠤᠬᠠᠢ ᠳᠤ ᠨᠢ ᠵᠠᠯᠠᠷᠠᠭᠤᠯᠵᠤ᠂ ᠨᠡᠶᠢᠲᠡᠯᠢᠭ ᠠᠰᠠᠭᠤᠳᠠᠯ ᠢ ᠵᠠᠷᠯᠠᠨ ᠨᠡᠶᠢᠲᠡᠯᠡᠬᠦ | ᠬᠡᠷᠡᠭᠲᠡᠢ ᠭᠡᠵᠦ ᠱᠠᠭᠠᠷᠳᠠᠪᠠ᠃ ᠪᠥᠬᠦ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ | ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠮᠡᠳᠡᠭᠡ ᠵᠠᠩᠭᠢᠵᠢᠯᠲᠠ ᠶᠢᠨ | ᠠᠷᠭ᠎ᠠ ᠳᠤ ᠲᠦᠰᠢᠭᠯᠡᠨ᠂ ᠰᠦᠯᠵᠢᠶᠡᠨ ᠳᠡᠭᠡᠷ᠎ᠡ ᠴᠠᠭ ᠲᠤᠬᠠᠢ ᠳᠤ ᠨᠢ ᠬᠢᠨᠠᠨ ᠬᠡᠮᠵᠢᠬᠦ ᠬᠡᠷᠡᠭᠳᠡᠢ᠃ ᠡᠯ᠎ᠡ ᠠᠶᠢᠮᠠᠭ | ᠬᠤᠲᠠ ᠶᠢᠨ ᠬᠢᠨ ᠲᠣᠰ ᠭᠠᠵᠠᠷ ᠣᠷᠣᠨ ᠤ ᠪᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ | ᠶᠠᠪᠤᠳᠠᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠤᠭᠰᠠᠨ ᠪᠠᠶᠢᠳᠠᠯ ᠢᠶᠠᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ | ᠪᠠ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ︵ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ︶ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠭᠤᠷᠪᠠ ᠳᠤ᠂ ᠦᠨᠳᠦᠰᠦᠨ ᠱᠠᠲᠤᠨ ᠤ | ᠠᠮᠢᠳᠤᠯᠢᠭ ᠬᠦᠴᠦᠨ ᠢ ᠬᠥᠭᠵᠢᠭᠡᠨ᠎ᠡ᠃ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠨᠢ ᠲᠣᠰ ᠬᠡᠷᠡᠭᠵᠢᠭᠦᠯᠬᠦ | ᠰᠠᠨᠠᠯ ᠳᠤ ᠳᠤᠷᠠᠳᠤᠭᠰᠠᠨ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ | ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠬᠤᠯᠪᠣᠭᠳᠠᠯ ᠪᠦᠬᠦᠢ ᠨᠠᠮ ᠵᠠᠰᠠᠭ ᠤᠯᠠᠨ ᠲᠦᠮᠡᠨ ᠤ | ᠪᠠᠶᠢᠭᠤᠯᠤᠮᠵᠢ ᠯᠤᠭ᠎ᠠ ᠶᠢᠨ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠵᠢᠷᠤᠮᠵᠢᠯ ᠲᠠᠢ ᠥᠨᠳᠥᠷ ᠪᠦᠲᠦᠮᠵᠢᠲᠡᠢ | ᠠᠵᠢᠯ ᠤᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠃ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠪᠣᠳᠠᠲᠠᠢ ᠶᠢ ᠡᠷᠬᠢᠮᠯᠡᠨ ᠬᠤᠪᠢ ᠨᠡᠮᠡᠷᠢ ᠦᠵᠡᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠦᠨ | ᠬᠥᠭᠵᠢᠯᠲᠡ ᠶᠢ ᠳᠠᠭᠠᠭᠤᠯᠬᠤ᠂ ᠵᠠᠰᠠᠯᠲᠠ ᠶᠢ ᠠᠬᠢᠭᠤᠯᠬᠤ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠠᠵᠢᠯ ᠢ | ᠰᠠᠶᠢᠲᠤᠷ ᠬᠢᠵᠦ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠪᠣᠳᠠᠲᠠᠢ ᠶᠢ ᠡᠷᠬᠢᠮᠯᠡᠬᠦ | ᠠᠵᠢᠯ ᠤᠨ ᠰᠤᠷᠲᠠᠯ ᠢᠶᠠᠷ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠲᠦᠷᠬᠡᠳᠬᠡᠵᠤ᠂ ᠬᠠᠮᠳᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ | | | | | |