ᠲᠠᠶᠢᠹᠧᠩ ᠰᠠᠯᠬᠢ ︽ᠳ᠋ᠦ᠋ ᠰᠦ ᠷᠦᠢ︾ ᠶᠢᠨ ᠨᠦᠯᠤᠬᠡ ᠪᠠᠷ ᠪᠡᠭᠡᠵᠢᠩ ᠲᠢᠶᠠᠨᠵᠢᠨ ᠾᠧᠪᠧᠢ ᠶᠢᠨ ᠣᠯᠠᠨ | ᠭᠠᠵᠠᠷ ᠲᠤ ᠰᠢᠷᠦᠭᠦᠨ ᠪᠣᠷᠣᠭᠠᠨ ᠣᠷᠣᠵᠤ᠂ ᠦᠶᠡᠷ ᠤᠰᠤᠲᠤᠯ ᠪᠠ ᠭᠠᠵᠠᠷ ᠵᠦᠢ ᠶᠢᠨ ᠭᠠᠮᠰᠢᠭ ᠡᠭᠦᠰᠦᠭᠰᠡᠨ | ᠪᠠᠶᠢᠳᠠᠯ ᠲᠤᠤᠷ᠎ᠠ ᠰᠢᠯᠢ ᠶᠢᠨ ᠭᠤᠣᠯ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠲᠡᠷᠡ ᠳᠠᠷᠤᠢ | ᠬᠦᠳᠡᠯᠤᠯᠴᠡᠪᠡ᠃ ᠰᠢᠯᠢ ᠶᠢᠨ ᠭᠤᠣᠯ ᠠᠶᠢᠮᠠᠭ ᠤᠨ ︽ᠬᠥᠬᠡ ᠣᠭᠲᠠᠷᠭᠤᠢ︾ ᠠᠪᠤᠷᠠᠨ ᠲᠤᠰᠠᠯᠠᠬᠤ ᠠᠩᠭᠢ ᠶᠢᠨ | ᠬᠢᠨ 8 ᠰᠠᠷ᠎ᠠ ᠶᠢᠨ 2 ᠤᠨ ᠡᠳᠦᠷ ᠦᠳᠲᠡᠷ ᠬᠥᠳᠡᠯᠦᠯᠴᠡᠵᠦ᠂ ᠪᠠᠴᠢᠮ ᠪᠠᠶᠢᠳᠠᠯ ᠢ ᠠᠷᠭᠠᠴᠠᠭᠠᠬᠤ 6 ᠠᠪᠤᠷᠠᠨ | ᠲᠤᠰᠠᠯᠠᠬᠤ ᠠᠩᠭᠢ ᠶᠢᠨ ᠭᠡᠰᠢᠭᠦᠨ ᠢ ᠵᠣᠬᠢᠶᠠᠨ ᠪᠠᠶᠢᠭᠤᠯᠵᠤ᠂ ᠬᠠᠷᠰᠢ ᠰᠠᠭᠠᠳ ᠢ ᠠᠷᠢᠯᠭᠠᠬᠤ ᠲᠡᠷᠭᠡ᠂ ᠭᠤᠮ | ᠣᠩᠭᠤᠴᠠ᠂ ᠠᠪᠤᠷᠠᠯᠳᠠ ᠶᠢᠨ ᠰᠡᠯᠢᠭᠦᠷ ᠬᠠᠪᠲᠠᠰᠤ᠂ ᠲᠦᠷᠭᠡᠨ ᠠᠪᠤᠷᠠᠯᠳᠠ ᠶᠢᠨ ᠬᠠᠶᠢᠷᠴᠠᠭ ᠵᠡᠷᠭᠡ ᠠᠪᠤᠷᠠᠨ | ᠲᠤᠰᠠᠯᠠᠬᠤ ᠲᠤᠰᠬᠠᠢ ᠲᠣᠨᠣᠭᠯᠠᠯ ᠠᠪᠤᠭᠠᠳ ᠾᠧᠪᠧᠢ ᠮᠤᠵᠢ ᠶᠢᠨ ᠵᠦᠸᠧᠵᠸᠤ ᠬᠤᠲᠠ ᠳᠤ ᠠᠪᠤᠷᠠᠨ ᠲᠤᠰᠠᠯᠠᠬᠤ | ᠠᠵᠢᠯ ᠢ ᠥᠷᠨᠢᠭᠦᠯᠪᠡ᠃ | | | | ᠲᠡᠳᠡ ᠵᠦᠸᠧᠵᠸᠤ ᠳᠤ ᠬᠦᠷᠦᠭᠰᠡᠨ ᠤ ᠳᠠᠷᠠᠭ᠎ᠠ ᠠᠪᠤᠷᠠᠨ ᠲᠤᠰᠠᠯᠠᠬᠤ ᠠᠵᠢᠯᠯᠠᠭ᠎ᠠ ᠶᠢ ᠦᠳᠲᠡᠷ ᠲᠦᠷᠭᠡᠨ | ᠥᠷᠨᠢᠭᠦᠯᠵᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠵᠢᠭᠠᠪᠤᠷᠢ ᠪᠠᠷ ᠠᠪᠤᠷᠠᠨ | ᠲᠤᠰᠠᠯᠠᠬᠤ ᠠᠩᠭᠢ ᠶᠢᠨ ᠬᠢᠨ ᠪᠤᠤᠳᠢᠩ ᠬᠤᠲᠠ ᠶᠢᠨ ᠯᠢᠱᠦ᠋ᠢ ᠰᠢᠶᠠᠨ ᠳᠤ ᠬᠦᠷᠴᠦ ᠠᠪᠤᠷᠠᠨ ᠲᠤᠰᠠᠯᠠᠬᠤ | ᠠᠵᠢᠯᠯᠠᠭ᠎ᠠ ᠳᠤ ᠣᠷᠣᠯᠴᠠᠪᠠ᠃ ᠰᠢᠯᠢ ᠶᠢᠨ ᠭᠤᠣᠯ ᠠᠶᠢᠮᠠᠭ ᠤᠨ ︽ᠬᠥᠬᠡ ᠣᠭᠲᠠᠷᠭᠤᠢ︾ ᠠᠪᠤᠷᠠᠨ ᠲᠤᠰᠠᠯᠠᠬᠤ | ᠠᠩᠭᠢ ᠶᠢᠨ ᠬᠢᠨ ᠤᠯᠠᠭᠠᠨᠴᠠᠪ ᠤᠨ ︽ᠬᠥᠬᠡ ᠣᠭᠲᠠᠷᠭᠤᠢ︾ ᠠᠪᠤᠷᠠᠨ ᠲᠤᠰᠠᠯᠠᠬᠤ ᠠᠩᠭᠢ ᠪᠤᠯᠤᠨ ᠣᠷᠳᠣᠰ ᠤᠨ | ︽ᠬᠥᠬᠡ ᠣᠭᠲᠠᠷᠭᠤᠢ︾ ᠠᠪᠤᠷᠠᠨ ᠲᠤᠰᠠᠯᠠᠬᠤ ᠠᠩᠭᠢ ᠶᠢᠨ 26 ᠬᠥᠮᠥᠨ ᠲᠠᠢ ᠬᠠᠮᠲᠤᠷᠠᠵᠤ᠂ ᠯᠢᠱᠦ᠋ᠢ ᠰᠢᠶᠠᠨ ᠤ | ᠵᠤᠤ ᠭᠧ ᠵᠤᠸᠠᠩ ᠪᠠᠯᠭᠠᠰᠤ ᠠᠴᠠ ᠦᠶᠡᠷ ᠲᠤ ᠬᠠᠰᠢᠭᠳᠠᠭᠰᠠᠨ 17 ᠬᠥᠮᠥᠨ ᠢ ᠠᠪᠤᠷᠠᠨ ᠭᠠᠷᠭᠠᠵᠤ᠂ 58 ᠬᠥᠮᠥᠨ | ᠤᠳᠠᠭ᠎ᠠ ᠰᠢᠯᠵᠢᠭᠦᠯᠦᠨ ᠵᠥᠭᠡᠭᠡᠪᠦᠷᠢᠯᠡᠵᠦ᠂ 150 ᠮᠥ᠋ᠲᠷ ᠭᠠᠲᠤᠯᠬᠤ ᠰᠢᠰᠲ᠋ᠧᠮ ᠢ ᠪᠠᠶᠢᠭᠤᠯᠵᠤ᠂ 118 | ᠬᠥᠮᠥᠨ ᠳᠤ ᠠᠰᠢᠭ ᠬᠦᠷᠲᠡᠭᠡᠵᠡᠢ᠃ | | | | |