ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠡᠬᠢᠯᠡᠵᠤ᠂ ᠸᠠᠩ ᠯᠢ ᠰᠢᠶᠠ ᠲᠠᠮᠢᠷ ᠤᠨ ᠴᠤᠬᠯᠠᠭᠠᠨ ᠡᠬᠢᠯᠡᠭᠰᠡᠨ ᠢ ᠵᠠᠷᠯᠠᠵᠠᠢ
ᠨᠡᠶᠢᠲᠡᠯᠡᠭᠰᠡᠨ ᠴᠠᠭ᠄
2023/8/9
   ᠡᠷᠡᠯᠬᠡᠭᠯᠡᠨ ᠲᠡᠮᠡᠴᠡᠵᠦ᠂ ᠤᠮᠠᠷᠠᠲᠤ ᠬᠢᠯᠢ ᠶᠢᠨ ᠬᠦᠰᠡᠯ ᠵᠡᠭᠦᠳᠦ ᠶᠢ ᠲᠡᠷᠭᠡᠯᠰᠢᠬᠦᠯᠤᠶ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ 8 ᠳ᠋ᠤᠭᠠᠷ ᠰᠠᠷ᠎ᠠ ᠶᠢᠨ 8 ᠤ ᠣᠷᠣᠢ ᠣᠷᠳᠣᠰ ᠲᠤ ᠡᠬᠢᠯᠡᠪᠡ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠨᠠᠷ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠡᠬᠢᠯᠡᠯᠲᠡ ᠶᠢᠨ ᠶᠣᠰᠣᠯᠠᠯ ᠢ ᠡᠷᠬᠢᠯᠡᠵᠡᠢ᠃      ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠠᠴᠠ ᠡᠮᠦᠨ᠎ᠡ ᠪᠦᠬᠦ ᠣᠷᠣᠨ ᠤ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠲᠡᠷᠢᠭᠦᠨ ᠤ ᠨᠢᠬᠡᠴᠢ ᠪᠣᠯᠣᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ᠂ ᠰᠢᠯᠢᠳᠡᠭ ᠲᠠᠮᠢᠷᠴᠢᠨ ᠤ ᠲᠥᠯᠥᠭᠡᠯᠡᠭᠴᠢ ᠲᠠᠢ ᠠᠭᠤᠯᠵᠠᠪᠠ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ 8 ᠳ᠋ᠤᠭᠠᠷ ᠰᠠᠷ᠎ᠠ ᠶᠢᠨ 8 ᠤ ᠣᠷᠣᠢ᠂ ᠣᠷᠳᠣᠰ ᠲᠤ ᠡᠬᠢᠯᠡᠪᠡ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠢ ᠵᠠᠷᠯᠠᠪᠠ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠪᠠᠶᠠᠷ ᠤᠨ ᠦᠭᠡ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠡᠬᠢᠯᠡᠯᠲᠡ ᠶᠢᠨ ᠶᠣᠰᠣᠯᠠᠯ ᠢ  ᠡᠷᠬᠢᠯᠡᠪᠡ᠃     20 ᠴᠠᠭ ᠲᠤ᠂ ︽ᠲᠠᠮᠢᠷᠴᠢᠳ ᠤᠨ ᠤᠷᠤᠭᠰᠢᠯᠠᠯᠲᠠ ᠶᠢᠨ ᠬᠥᠭᠵᠢᠮ︾ ᠤᠨ ᠬᠠᠩᠭᠢᠨᠠᠮ᠎ᠠ ᠠᠶᠠᠰ ᠤᠨ ᠳᠤᠮᠳᠠ ᠲᠤᠭ ᠬᠠᠮᠠᠭᠠᠯᠠᠬᠤ ᠳᠥᠷᠪᠡᠯᠵᠢᠨ ᠡᠩᠨᠡᠭᠡ ᠨᠢ ᠤᠯᠤᠰ ᠤᠨ ᠲᠤᠭ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠪᠣᠯᠣᠨ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠬᠠᠮᠠᠭᠠᠯᠠᠵᠤ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠴᠤᠭ ᠵᠢᠪᠬᠤᠭ᠎ᠠ ᠲᠠᠢ ᠪᠠᠷ ᠠᠯᠬᠤᠨ ᠣᠷᠣᠪᠠ᠃ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨ ᠤᠯᠠᠨ ᠤ ᠠᠩᠬᠠᠷᠤᠯ ᠢ ᠲᠠᠲᠠᠵᠤ᠂ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃ ᠲᠠᠯᠠᠪᠠᠢ ᠳᠤ ᠣᠷᠣᠬᠤ ᠶᠣᠰᠣᠯᠠᠯ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠲᠠᠭᠤᠯᠠᠬᠤ ᠶᠢᠨ ᠰᠠᠴᠠᠭᠤ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠥᠨᠳᠥᠷ ᠲᠡᠭᠷᠢ ᠳᠤ ᠨᠠᠮᠢᠷᠠᠪᠠ᠃ ᠳᠠᠷᠠᠭ᠎ᠠ ᠳᠤ ᠨᠢ ︽ᠤᠮᠠᠷᠠᠲᠤ ᠬᠢᠯᠢ ᠪᠠᠨ ᠦᠵᠡᠰᠬᠦᠯᠡᠩ ᠪᠣᠯᠭᠠᠵᠤ᠂ ᠲᠤᠯᠠᠭᠠᠬᠠᠨ ᠬᠤᠳᠠ ᠳᠤ ᠪᠣᠯᠵᠣᠶ᠎ᠠ︾ ᠭᠡᠬᠦ ᠭᠤᠣᠯ ᠰᠡᠳᠦᠪᠲᠦ ᠰᠣᠶᠣᠯ ᠲᠠᠮᠢᠷ ᠤᠨ ᠦᠵᠡᠭᠦᠯᠦᠯᠭᠡ ᠶᠢᠨ ᠲᠣᠭᠯᠠᠯᠲᠠ ᠶᠢ ᠭᠤᠶᠢᠳᠠ ᠲᠣᠭᠯᠠᠪᠠ᠃ ᠲᠣᠭᠯᠠᠯᠲᠠ  ᠨᠢ ᠣᠷᠣᠰᠢᠯ ᠂ ︽ᠨᠣᠭᠤᠭᠠᠨ︾ ᠢᠶᠠᠷ ᠠᠭᠤᠯᠠ ᠤᠰᠤ ᠶᠢ ᠪᠤᠳᠤᠬᠯᠠᠬᠤ᠂  ︽ᠡᠨᠧᠷᠬᠢ︾ ᠪᠠᠷ ᠢᠷᠡᠭᠡᠳᠦᠢ ᠶᠢ ᠬᠥᠳᠡᠯᠭᠡᠬᠦ᠂ ︽ᠪᠤᠶᠠᠨ︾ ᠢᠶᠠᠷ ᠪᠤᠮᠠᠨ ᠡᠷᠦᠬᠡ ᠶᠢ ᠤᠮᠳᠠᠯᠠᠬᠤ᠂ ᠰᠡᠳᠬᠢᠯ ᠢᠶᠠᠨ ᠨᠢᠭᠡᠳᠬᠡᠨ ᠵᠡᠭᠦᠳᠦ ᠪᠠᠨ ᠲᠡᠷᠭᠡᠯᠰᠢᠭᠦᠯᠬᠦ ᠬᠡᠮᠡᠬᠦ 5 ᠪᠦᠯᠦᠭ ᠢᠶᠠᠷ ᠪᠦᠷᠢᠯᠳᠦᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠬᠤ ᠴᠢᠩᠭ᠎ᠠ ᠰᠡᠳᠬᠢᠯ ᠤᠨ ᠳᠠᠭᠤᠨ ᠢ ᠠᠮᠢᠳᠤᠯᠢᠭ ᠢᠶᠠᠷ ᠢᠯᠡᠳᠬᠡᠵᠦ᠂ ᠪᠦᠬᠦ ᠣᠷᠣᠨ ᠢᠶᠠᠷ ᠢᠶᠠᠨ ︽ᠬᠤᠶᠠᠷ ᠶᠡᠭᠡ ᠶᠠᠪᠤᠳᠠᠯ︾ ᠢ ᠡᠷᠡᠰ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠠᠤᠭ᠎ᠠ ᠰᠡᠳᠬᠢᠯᠭᠡ ᠡᠷᠡᠯᠬᠡᠭ ᠵᠣᠷᠢᠭ ᠢ ᠭᠦᠢᠴᠡᠳ  ᠬᠠᠷᠠᠭᠤᠯᠤᠬᠰᠠᠨ ᠪᠢᠯᠨ᠃    21 ᠴᠠᠭ 50 ᠮᠢᠨᠦ᠋ᠲ ᠤᠨ ᠦᠶ᠎ᠡ ᠪᠠᠷ᠂ ᠭᠠᠯ ᠪᠠᠮᠪᠠᠷᠴᠢᠨ ᠵᠠᠭᠤᠨᠨᠠᠮᠤᠷ ᠮᠣᠷᠢ ᠤᠨᠤᠵᠤ ᠲᠠᠮᠢᠷ ᠤᠨ ᠴᠤᠬᠯᠠᠭᠠᠨ ᠤ ᠭᠤᠣᠯ ᠭᠠᠯ ᠪᠠᠮᠪᠠᠷ ᠢ ᠨᠣᠴᠣᠭᠠᠭᠰᠠᠨ ᠳᠤ ᠬᠤᠸᠠᠷ ᠫᠤᠤᠵᠢᠩ ᠣᠭᠲᠠᠷᠭᠤᠢ ᠳᠤ ᠵᠠᠳᠠᠷᠠᠨ ᠲᠡᠯᠬᠡᠷᠡᠵᠤ᠂ ᠴᠤᠬᠯᠠᠭᠠᠨ ᠤ ᠲᠠᠯᠠᠪᠠᠢ  ᠬᠤᠷᠤᠮᠬᠠᠨ᠎ᠠ ᠪᠠᠶᠠᠷ ᠤᠨ ᠲᠠᠯᠠᠢ ᠪᠣᠯᠪᠠ᠃     ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠥᠪᠥᠷ ᠮᠣᠩᠭᠤᠯ ᠤᠨ ᠬᠡᠪᠴᠢᠶ᠎ᠡ ᠪᠠᠷ ᠬᠠᠮᠤᠭ ᠤᠨ ᠶᠡᠭᠡ᠂ ᠤᠷᠤᠯᠳᠤᠭᠠᠨ ᠤ  ᠲᠦᠪᠰᠢᠨ ᠢ ᠬᠠᠮᠤᠭ ᠤᠨ ᠦᠨᠳᠤᠷ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠣᠨ᠎ᠠ᠂ ᠲᠣᠰ  ᠴᠤᠬᠯᠠᠭᠠᠨ ᠳᠤ 44 ᠶᠡᠭᠡ ᠲᠥᠷᠥᠯ᠂ 1232 ᠪᠠᠭ᠎ᠠ ᠲᠥᠷᠥᠯ ᠤᠷᠤᠯᠳᠤᠭᠠᠨ ᠤ ᠲᠦᠷᠤᠯ ᠭᠠᠷᠭᠠᠵᠤ᠂ 1.5 ᠲᠦᠮᠡᠨ ᠬᠥᠮᠥᠨ ᠤᠷᠤᠯᠳᠤᠭᠠᠨ ᠳᠤ ᠤᠷᠤᠯᠴᠠᠪᠠ᠃ ᠣᠷᠳᠣᠰ ᠲᠤ  ᠬᠢ ᠭᠤᠣᠯ ᠤᠷᠤᠯᠳᠤᠭᠠᠨ ᠤ ᠲᠣᠭᠤᠷᠢᠭ ᠠᠴᠠ ᠭᠠᠳᠠᠨ᠎ᠠ ᠪᠠᠰᠠ ᠬᠥᠬᠡᠬᠤᠲᠠ᠂ ᠬᠥᠯᠥᠨ ᠪᠤᠶᠢᠷ᠂ ᠤᠯᠠᠭᠠᠨᠴᠠᠪ᠂ ᠤᠯᠠᠭᠠᠨᠬᠠᠳᠠ ᠪᠠ ᠭᠢᠷᠢᠨ ᠮᠤᠵᠢ ᠶᠢᠨ ᠴᠠᠩ ᠪᠠᠢ ᠱᠠᠨ ︵ᠴᠠᠰᠤᠨ ᠳᠤ ᠭᠤᠯᠭᠤᠬᠤ ᠲᠥᠷᠥᠯ ᠵᠦᠢᠯ︶ ᠵᠡᠷᠭᠡ 5 ᠬᠤᠪᠢᠶᠠᠷᠢ ᠤᠷᠤᠯᠳᠤᠭᠠᠨ ᠤ ᠲᠣᠭᠤᠷᠢᠭ ᠲᠠᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号