ᠰᠢᠨᠵᠢᠯᠡᠨ ᠪᠠᠶᠢᠴᠠᠭᠠᠭᠰᠠᠨ ᠴᠡᠭ᠄ ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠠᠬᠢ ᠤᠳᠤ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ | ᠬᠦᠷᠢᠶᠡᠯᠡᠩ ᠲᠣᠭᠤᠷᠢᠭ ᠤᠨ ᠶᠡᠷᠦᠩᠬᠡᠢ ᠲᠠᠯᠠᠪᠠᠶ ᠨᠢ 9800 ᠮᠦ ᠪᠠᠶᠢᠵᠤ᠂ ᠡᠭᠦᠨ ᠳᠤ ᠭᠤᠣᠯ | ᠲᠣᠭᠤᠷᠢᠭ ᠤᠨ ᠲᠠᠯᠠᠪᠠᠶ ᠨᠢ 4000 ᠮᠦ᠂ ᠨᠥᠯᠥᠭᠡᠯᠡᠨ ᠳᠠᠶᠢᠴᠢᠯᠠᠭᠰᠠᠨ ᠲᠠᠯᠠᠪᠠᠶ ᠨᠢ 5800 ᠮᠦ ᠪᠠᠶᠢᠵᠤ᠂ | ᠬᠦᠷᠢᠶᠡᠯᠡᠩ ᠲᠣᠭᠤᠷᠢᠭ ᠨᠢ ︽ᠠᠵᠤ ᠠᠬᠤᠶᠢᠯᠠᠯ + ᠰᠠᠭᠤᠷᠢᠨ + ᠰᠢᠨᠵᠢᠯᠡᠬᠦ ᠤᠬᠠᠭᠠᠨ ᠤ ᠰᠤᠳᠤᠯᠭᠠᠨ ᠤ | ᠳᠡᠭᠡᠳᠦ ᠰᠤᠷᠭᠠᠭᠤᠯᠢ + ᠨᠡᠶᠢᠭᠡᠮᠴᠢᠯᠡᠭᠰᠡᠨ ᠦᠢᠯᠡᠴᠢᠯᠡᠭᠡ︾ ᠶᠢᠨ ᠵᠠᠭᠪᠤᠷ ᠢᠶᠠᠷ ᠠᠵᠢᠯᠯᠠᠵᠤ ᠪᠤᠢ᠃ | ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ 12 ᠲᠣᠭᠤᠷᠢᠭ ᠪᠠᠭᠲᠠᠵᠤ᠂ ᠡᠷᠳᠡᠨᠢ ᠰᠢᠰᠢ᠂ ᠬᠤᠯᠤ᠂ | ᠪᠤᠭᠤᠳᠠᠢ ᠳᠤ ᠢᠵᠢ ᠪᠦᠷᠢᠳᠦᠭᠦᠯᠦᠨ ᠯᠠᠵᠤᠤ ᠳᠠᠷᠢᠬᠤ ᠵᠡᠷᠭᠡ ᠲᠤᠷᠰᠢᠯᠲᠠ ᠶᠢᠨ ᠲᠣᠭᠤᠷᠢᠭ ᠪᠠᠶᠢᠭᠤᠯᠵᠤ᠂ | ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠵᠢᠯᠣᠭᠤᠴᠢ ᠦᠭᠡᠢ ᠲᠠᠷᠢᠶᠠᠯᠠᠩ ᠤᠨ ᠮᠠᠰᠢᠨ ᠢᠶᠠᠷ ᠳᠠᠷᠢᠬᠤ᠂ | ᠣᠶᠤᠨᠴᠢ ᠪᠠᠷ ᠤᠰᠤᠯᠠᠬᠤ᠂ ᠵᠢᠯᠣᠭᠤᠴᠢ ᠦᠭᠡᠢ ᠨᠢᠰᠬᠡᠯ ᠢᠶᠠᠷ ᠲᠠᠷᠢᠮᠠᠯ ᠢ ᠬᠠᠮᠠᠭᠠᠯᠠᠬᠤ ᠵᠡᠷᠭᠡ ᠮᠡᠷᠭᠡᠵᠢᠯ ᠢ ᠬᠡᠷᠡᠭᠯᠡᠵᠦ | ᠂ ᠲᠠᠷᠢᠶᠠᠨ ᠭᠠᠵᠠᠷ ᠤᠨ ᠨᠠᠷᠢᠯᠢᠭ ᠣᠨᠣᠴᠠᠲᠠᠢ ᠳᠠᠷᠢᠵᠤ ᠬᠠᠮᠢᠶᠠᠷᠬᠤ ᠶᠢ ᠠᠬᠢᠭᠤᠯᠵᠠᠢ᠃ ᠲᠠᠷᠢᠶᠠᠯᠠᠩ ᠤᠨ ᠥᠨᠳᠥᠷ | ᠤᠨᠠᠯᠲᠠ ᠲᠠᠢ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ | ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠢ ᠬᠢᠵᠠᠭᠠᠷᠯᠠᠨ ᠬᠤᠣᠷᠳᠠᠯ ᠢ ᠪᠠᠭᠠᠰᠬᠠᠬᠤ | ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ | ᠳᠡᠭᠡᠭᠰᠢᠯᠡᠭᠦᠯᠭᠦ ᠶᠢ ᠪᠡᠶᠡᠯᠡᠭᠦᠯᠪᠡ᠃ ᠮᠦ ᠳᠤᠮᠳᠠᠴᠢ ᠶᠢᠨ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ | ᠬᠡᠮᠵᠢᠶ᠎ᠡ ᠶᠢ 10 % ᠪᠠᠷ ᠪᠠᠭᠠᠰᠬᠠᠵᠤ᠂ ᠬᠠᠷᠢᠴᠠᠭᠤᠯᠤᠭᠰᠠᠨ ᠣᠷᠣᠨ ᠤ ᠬᠢ ᠠᠴᠠ ᠤᠨᠠᠯᠳᠠ ᠶᠢ ᠨᠢ 15 % | ᠭᠠᠷᠤᠢ ᠨᠡᠮᠡᠭᠳᠡᠭᠦᠯᠪᠡ᠃ | | | | | | ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠪᠤᠭᠤᠳᠠᠢ ᠶᠢᠨ ᠲᠠᠷᠢᠶᠠᠨ ᠤ | ᠤᠷᠭᠤᠴᠠ ᠶᠡᠭᠡ ᠰᠠᠶᠢᠨ ᠪᠠᠶᠢᠨ᠎ᠠ | ︽ᠪᠣᠭᠤᠮᠲᠠ ᠶᠢᠨ ᠭᠠᠳᠠᠨᠠᠬᠢ ᠠᠮᠤ ᠪᠤᠳᠠᠭ᠎ᠠ︾ ᠶᠢ ᠰᠠᠶᠢᠲᠤᠷ ᠲᠠᠷᠢᠵᠤ ︽ᠳᠤᠮᠳᠠᠳᠤ ᠤᠯᠤᠰ ᠤᠨ ᠪᠤᠳᠠᠭᠠᠨ | ᠠᠶᠠᠭ᠎ᠠ︾ ᠶᠢ ᠡᠯᠪᠡᠭ ᠲᠠᠩᠰᠤᠭ ᠪᠣᠯᠭᠠᠨ᠎ᠠ | ᠥᠪᠥᠷ ᠮᠣᠩᠭᠤᠯ ᠪᠣᠯ ᠳᠤᠮᠳᠠᠳᠤ ᠤᠯᠤᠰ ᠤᠨ ︽ᠠᠮᠤ ᠶᠢᠨ ᠰᠠᠩ︾ ᠪᠣᠯᠣᠨ᠎ᠠ᠃ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ︽ᠭᠠᠵᠠᠷ᠂ ᠤᠰᠤ᠂ ᠦᠷ᠎ᠡ︾ ᠪᠠ ︽ᠠᠮᠤ᠂ ᠮᠢᠬ᠎ᠠ᠂ | ᠰᠦ︾ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠮᠦ ᠨᠢᠭᠡᠴᠢ ᠶᠢᠨ | ᠤᠨᠠᠯᠲᠠ ᠶᠢ ᠳᠠᠭᠢᠨ ᠳᠡᠭᠡᠭᠰᠢᠯᠡᠭᠦᠯᠭᠦ ᠶᠢ ᠠᠬᠢᠭᠤᠯᠪᠠ᠃ | — 2021 ᠣᠨ ᠳᠤ᠂ ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ | ᠬᠥᠭᠵᠢᠯᠲᠡ ᠶᠢᠨ ᠵᠢᠭᠠᠯᠲᠠ ᠲᠤᠭ᠎ᠠ 125.85 ᠴᠡᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.77 % ᠪᠠᠷ | ᠨᠡᠮᠡᠭᠳᠡᠪᠡ᠃ | — 2022 ᠣᠨ ᠳᠤ᠂ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ | ᠡᠭᠦᠳᠴᠦ᠂ 780 .1 ᠳ᠋ᠦᠩᠰᠢᠭᠤᠷ ᠵᠢᠩ ᠳᠤ ᠬᠦᠷᠴᠦ᠂ ᠨᠡᠮᠡᠭᠳᠡᠯ ᠤᠨ ᠬᠡᠮᠵᠢᠶ᠎ᠡ ᠨᠢ 1.6 % ᠳᠤ ᠬᠦᠷᠴᠦ᠂ | ᠶᠡᠷᠦᠩᠬᠡᠢ ᠤᠨᠠᠯᠲᠠ ᠨᠢ ᠪᠦᠭᠦ ᠤᠯᠤᠰ ᠲᠤ ᠵᠢᠷᠭᠤᠳᠤᠭᠠᠷ ᠲᠤ ᠣᠷᠣᠪᠠ᠃ | — ᠥᠪᠥᠷ ᠮᠣᠩᠭᠤᠯ ᠪᠣᠯ ᠪᠦᠭᠦ ᠤᠯᠤᠰ ᠤᠨ ᠠᠮᠤ ᠪᠤᠳᠠᠭᠠᠨ ᠤ ᠭᠤᠣᠯᠳᠠᠯᠭ᠎ᠠ ᠲᠠᠢ ᠦᠢᠯᠡᠳᠪᠦᠷᠢᠯᠡᠯ ᠤᠨ | 13 ᠮᠤᠵᠢ ᠣᠷᠣᠨ ᠤ ᠨᠢᠭᠡ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ︽ᠠᠷᠪᠠ ᠶᠢᠰᠦᠨ ᠵᠢᠯ ᠳᠠᠷᠠᠭᠠᠯᠠᠨ | ᠡᠯᠪᠡᠭ ᠬᠤᠷᠢᠶᠠᠯᠲᠠ ᠣᠯᠪᠠ︾᠃ | — ᠲᠠᠷᠢᠮᠠᠯ ᠢ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 2017 ᠣᠨ ᠳᠤ 83. | 5 % ᠪᠠᠶᠢᠭᠰᠠᠨ ᠠᠴᠠ ᠪᠠᠨ 2022 ᠣᠨ ᠳᠤ 87 % ᠪᠣᠯᠵᠤ ᠳᠡᠭᠡᠭᠰᠢᠯᠡᠪᠡ᠃ | — ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠨᠡᠮᠡᠷᠢ ᠶᠢᠨ | ᠨᠣᠷᠮ᠎ᠠ 2017 ᠣᠨ ᠳᠤ 54. 5 % ᠪᠠᠶᠢᠭᠰᠠᠨ ᠠᠴᠠ ᠪᠠᠨ 2022 ᠣᠨ ᠳᠤ 61 % ᠪᠣᠯᠵᠤ ᠳᠡᠭᠡᠭᠰᠢᠯᠡᠪᠡ | ᠃ | — ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠪᠠᠶᠢᠴᠠᠭᠠᠨ ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ ᠢᠮᠠᠭᠲᠠ 98% ᠠᠴᠠ ᠳᠡᠭᠡᠭᠰᠢ ᠳᠤ ᠲᠣᠭᠲᠠᠪᠤᠷᠢᠵᠢᠵᠤ᠂ | ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠨ᠎ᠠ᠃ | — ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ 4 ᠵᠢᠯ ᠳᠠᠷᠠᠭᠠᠯᠠᠨ ᠰᠥᠭᠡᠷᠭᠦ ᠨᠡᠮᠡᠭᠳᠡᠯ ᠢᠶᠠᠨ | ᠪᠠᠲᠤᠯᠠᠵᠤ᠂ ᠰᠦᠯᠢᠶᠥᠦ ᠪᠦᠷᠬᠦᠪᠴᠢ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠲᠦᠪᠰᠢᠨ ᠲᠠᠰᠤᠷᠠᠯᠲᠠ | ᠦᠭᠡᠢ ᠳᠡᠭᠡᠭᠰᠢᠯᠡᠪᠡ᠃ | ᠲᠤᠭ᠎ᠠ ᠪᠠᠷᠢᠮᠲᠠ ᠪᠣᠯ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠭᠡᠷᠡᠴᠢ | ᠪᠤᠯᠬᠤ ᠪᠥᠭᠡᠳ ᠥᠪᠥᠷ ᠮᠣᠩᠭᠤᠯ ᠤᠨ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠰᠠᠶᠢᠲᠤᠷ ᠠᠪᠴᠤ | ᠶᠠᠪᠤᠬᠤ ᠰᠢᠨ᠎ᠡ ᠡᠭᠦᠷᠭᠡᠯᠡᠯ ᠢ ᠡᠭᠦᠷᠭᠡᠯᠡᠵᠦ ᠪᠠᠶᠢᠭ᠎ᠠ ᠶᠢᠨ ᠬᠠᠮᠤᠭ ᠤᠨ ᠰᠠᠶᠢᠨ ᠭᠡᠷᠡᠴᠢ ᠪᠣᠯᠣᠨ᠎ᠠ᠃ | ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠠᠴᠠ ᠥᠪᠥᠷ | ᠮᠣᠩᠭᠤᠯ ᠤᠨ ᠪᠦᠲᠦᠴᠡ ᠶᠢ ᠲᠣᠬᠢᠷᠠᠭᠤᠯᠬᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠠᠵᠤ ᠠᠬᠤᠶᠢᠯᠠᠯ ᠢ | ᠬᠦᠴᠦᠷᠬᠡᠭᠵᠢᠭᠦᠯᠬᠦ᠂ ᠬᠡᠯᠬᠢᠶ᠎ᠡ ᠶᠢ ᠤᠷᠲᠤᠳᠬᠠᠬᠤ ᠯᠠᠪᠳᠠᠭᠤᠨ ᠪᠠᠲᠤᠲᠠᠢ ᠤᠯᠠ ᠮᠥᠷ ᠲᠣᠳᠣᠬᠠᠨ ᠬᠠᠷᠠᠭᠳᠠᠨ᠎ᠠ᠃ | ᠲᠠᠷᠢᠶᠠᠯᠠᠩ ᠪᠣᠯ ᠤᠯᠤᠰ ᠭᠦᠷᠦᠨ ᠤ ᠦᠨᠳᠦᠰᠦ ᠪᠤᠯᠠᠢ᠂ ᠦᠨᠳᠦᠰᠦ ᠪᠠᠬᠢᠵᠢᠪᠡᠰᠦ ᠤᠯᠤᠰ ᠭᠦᠷᠦᠨ | ᠠᠮᠤᠭᠤᠯᠠᠩ ᠪᠣᠯᠣᠮᠤᠢ᠃ ᠨᠠᠩ ᠴᠢᠨᠠᠷ ᠰᠠᠶᠢᠲᠠᠢ᠂ ᠨᠠᠩ ᠦᠷ᠎ᠡ ᠪᠦᠲᠦᠮᠵᠢᠲᠡᠶ᠂ ᠨᠠᠩ ᠦᠷᠭᠦᠯᠵᠢᠯᠡᠬᠦ | ᠬᠥᠭᠵᠢᠯᠲᠡ ᠶᠢ ᠣᠨᠢᠯᠠᠵᠤ᠂ ᠥᠪᠥᠷ ᠮᠣᠩᠭᠤᠯ ᠨᠠᠩ ᠶᠡᠭᠡ ᠡᠷᠴᠢᠮ ᠪᠠ ᠨᠠᠩ ᠪᠣᠳᠠᠲᠠᠢ ᠠᠷᠭ᠎ᠠ ᠬᠡᠮᠵᠢᠶ᠎ᠡ ᠪᠠᠷ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠲᠦᠷᠭᠡᠳᠬᠡᠨ ᠪᠠᠶᠢᠭᠤᠯᠵᠤ᠂ ︽ᠪᠣᠭᠤᠮᠲᠠ ᠶᠢᠨ ᠭᠠᠳᠠᠨᠠᠬᠢ ᠠᠮᠤ︾ ᠶᠢ ᠰᠠᠶᠢᠲᠤᠷ ᠳᠠᠷᠢᠵᠤ ︽ | ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠡᠯᠪᠡᠭ ᠲᠠᠩᠰᠤᠭ ᠪᠤᠯᠭᠠᠵᠤ ᠪᠤᠢ᠃ | ᠪᠣᠷᠣᠳᠣᠬᠤᠢ ᠶᠢᠨ ᠲᠠᠯ᠎ᠠ ᠭᠠᠵᠠᠷ ᠲᠤ ᠪᠤᠭᠤᠳᠠᠢ ᠶᠢᠨ ᠳᠠᠪᠠᠯᠭᠠᠨ ᠬᠠᠶᠠᠯᠠᠨ᠎ᠠ᠃ | ᠪᠤᠭᠤᠳᠠᠢ ᠪᠣᠯᠪᠠᠰᠤᠷᠠᠬᠤ ᠤᠯᠠᠷᠢᠯ ᠳᠤ᠂ ᠶᠠᠭ ᠪᠣᠷᠣᠳᠣᠬᠤᠢ ᠶᠢᠨ ᠲᠠᠯ᠎ᠠ ᠭᠠᠵᠠᠷ ᠤᠨ ᠪᠤᠭᠤᠳᠠᠢ ᠶᠢᠨ ᠲᠦᠷᠦᠭᠦᠦ | ᠰᠠᠭᠤᠬᠤ ᠢᠳᠡᠷᠡᠭᠦᠨ ᠤᠷᠭᠤᠬᠤ ᠦᠶ᠎ᠡ ᠳᠤ ᠲᠣᠬᠢᠶᠠᠭᠰᠠᠨ ᠢᠶᠠᠷ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ | ᠳᠡᠭᠡᠷ᠎ᠡ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢ ᠬᠥᠪᠥᠷᠡᠭᠦᠯᠦᠭᠰᠡᠨ ᠪᠠᠶᠢᠨ᠎ᠠ᠃ | 6 ᠰᠠᠷ᠎ᠠ ᠶᠢᠨ 5 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠲᠠ ᠶᠢᠨ | ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠠᠬᠢ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠬᠦᠷᠴᠦ᠂ ᠬᠥᠷᠥᠰᠥ ᠰᠢᠷᠣᠢ᠂ ᠦᠷ᠎ᠡ ᠶᠢᠨ | ᠥᠯᠢᠭᠡᠷ ᠶᠠᠩᠵᠤ ᠵᠡᠷᠭᠡ ᠶᠢᠨ ᠦᠵᠡᠭᠦᠯᠭᠡ ᠶᠢ ᠪᠠᠶᠢᠴᠠᠭᠠᠨ ᠦᠵᠡᠵᠦ᠂ ᠪᠠᠶᠠᠨᠨᠠᠭᠤᠷ ᠬᠤᠲᠠ ᠶᠢᠨ ᠬᠤᠵᠢᠷᠯᠢᠭ | ᠡᠯᠡᠰᠦᠷᠬᠡᠭ ᠡᠵᠡᠭᠦᠢ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ᠂ ᠰᠢᠨᠵᠢᠯᠡᠬᠦ | ᠤᠬᠠᠭᠠᠨᠴᠢ ᠪᠠᠷ ᠤᠰᠤᠯᠠᠬᠤ ᠶᠢ ᠠᠬᠢᠭᠤᠯᠬᠤ᠂ ᠣᠲᠣ ᠦᠶ᠎ᠡ ᠶᠢᠨ ᠲᠠᠷᠢᠶᠠᠯᠠᠩ ᠢ ᠳᠡᠯᠭᠡᠷᠡᠭᠦᠯᠵᠦ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠪᠠ᠃ | | ᠤᠷᠭᠤᠴᠠ ᠤᠷᠭᠤᠴᠠ ᠰᠠᠶᠢᠲᠠᠢ ᠪᠤᠭᠤᠳᠠᠢ᠂ ᠪᠤᠭᠤᠳᠠᠢ᠂ ᠯᠠᠵᠤᠤ ᠰᠠᠯᠬᠢᠨ ᠤ ᠰᠠᠯᠬᠢᠨ ᠤ ᠠᠶ᠎ᠠ ᠪᠠᠷ ᠨᠠᠶᠢᠭᠤᠨ᠎ᠠ | | ᠣᠭᠲᠠᠷᠭᠤᠢ ᠠᠴᠠ ᠬᠠᠷᠠᠬᠤᠶ᠎ᠠ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ | ᠲᠣᠭᠤᠷᠢᠭ ᠲᠤ᠂ ᠲᠦᠮᠡᠨ ᠮᠦ ᠲᠠᠷᠢᠶᠠᠨ ᠭᠠᠵᠠᠷ ᠨᠢ ᠶᠠᠭ ᠯᠠ ᠨᠢᠭᠡ ᠬᠡᠰᠡᠭ ᠨᠣᠭᠤᠭᠠᠨ ᠥᠩᠭᠡᠲᠦ ᠲᠣᠮᠣ | ᠭᠡᠯᠪᠡᠷᠢ ᠶᠢᠨ ᠵᠢᠷᠤᠭ ᠮᠡᠲᠦ ᠪᠠᠶᠢᠪᠠ᠃ | ᠤᠷᠭᠤᠴᠠ ᠰᠠᠶᠢᠲᠠᠢ ᠡᠷᠳᠡᠨᠢ ᠰᠢᠰᠢ᠂ ᠪᠤᠭᠤᠳᠠᠢ᠂ ᠯᠠᠵᠤᠤ ᠰᠠᠯᠬᠢᠨ ᠤ ᠠᠶ᠎ᠠ ᠪᠠᠷ ᠨᠠᠶᠢᠭᠤᠨ᠎ᠠ᠃ | ᠶᠡᠷᠦᠩᠬᠡᠢ ᠱᠦᠵᠢ ᠲᠠᠷᠢᠶᠠᠨ ᠭᠠᠵᠠᠷ ᠲᠤ ᠬᠦᠷᠴᠦ᠂ ᠲᠠᠶᠢᠯᠪᠤᠷᠢᠯᠠᠬᠤ ᠶᠢ ᠰᠣᠨᠣᠰᠴᠤ᠂ ᠤᠨᠠᠯᠲᠠ ᠶᠢ ᠰᠤᠷᠠᠵᠤ᠂ | ᠠᠰᠢᠭ ᠣᠷᠣᠯᠭ᠎ᠠ ᠶᠢ ᠠᠰᠠᠭᠤᠵᠤ᠂ ᠳᠤᠮᠳᠠᠳᠤ ᠤᠯᠤᠰ ᠤᠨ ᠠᠮᠤ ᠶᠢᠨ ᠰᠠᠩ᠂ ᠳᠤᠮᠳᠠᠳᠤ ᠤᠯᠤᠰ ᠤᠨ ᠪᠤᠳᠠᠭᠠᠨ | ᠠᠶᠠᠭ᠎ᠠ ᠶᠢ ᠭᠦᠨ᠎ᠡ ᠬᠠᠯᠠᠮᠵᠢᠯᠠᠵᠤ ᠪᠠᠶᠢᠭ᠎ᠠ ᠨᠢ ᠢᠯᠡᠭᠡᠨ ᠪᠠᠶᠢᠯ᠎ᠠ᠃ | ︽ᠶᠡᠷᠦᠩᠬᠡᠢ ᠱᠦᠵᠢ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠬᠠᠯᠠᠮᠵᠢᠯᠠᠵᠤ ᠪᠠᠶᠢᠨ᠎ᠠ︾ | ︽ᠲᠡᠭᠷᠢ ᠶᠢᠨ ᠳᠣᠣᠷᠠᠬᠢ ᠬᠠᠳᠤᠨ ᠭᠤᠣᠯ ᠤᠨ ᠤᠷᠤᠰᠬᠠᠯ ᠣᠷᠣᠨ ᠳᠤ ᠭᠠᠭᠴᠠ ᠬᠦ ᠪᠣᠷᠣᠳᠣᠬᠤᠢ ᠯᠡ ᠥᠩ | ᠰᠢᠮᠡᠯᠢᠭ ᠪᠠᠶᠢᠳᠠᠭ︾᠃ | ᠪᠠᠶᠠᠨᠨᠠᠭᠤᠷ ᠬᠤᠲᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠬᠠᠲᠤᠨ ᠭᠤᠣᠯ ᠤᠨ ︽ᠶᠡᠭᠡ | ᠲᠣᠬᠤᠢ︾ ᠶᠢᠨ ᠦᠵᠦᠭᠦᠷ ᠲᠤ ᠪᠠᠶᠢᠷᠢᠯᠠᠵᠤ ᠪᠤᠶ᠃ ᠣᠷᠳᠣ ᠬᠤᠭᠤᠴᠠᠭᠠᠨ ᠤ ᠲᠤᠷᠰᠢ᠂ ᠬᠠᠲᠤᠨ ᠭᠤᠣᠯ ᠤᠨ | ᠤᠰᠤᠯᠠᠯᠲᠠ ᠶᠢᠨ ᠠᠴᠢ ᠪᠠᠷ ᠡᠨᠡ ᠬᠡᠰᠡᠭ ᠭᠠᠵᠠᠷ ᠨᠤᠲᠤᠭ ᠣᠨᠴᠠ ᠥᠩ ᠰᠢᠮᠡᠯᠢᠭ ᠪᠠᠶᠢᠵᠠᠢ᠃ ᠭᠡᠪᠡᠴᠦ | ᠥᠩᠭᠡᠷᠡᠭᠰᠡᠨ ᠤ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ ᠵᠡᠷᠭᠡ ᠵᠦᠢ ᠵᠣᠬᠢᠰ ᠦᠭᠡᠢ ᠤᠰᠤᠯᠠᠯᠲᠠ ᠶᠢᠨ ᠠᠷᠭ᠎ᠠ | ᠭᠡᠯᠪᠡᠷᠢ ᠠᠴᠠ ᠪᠣᠯᠵᠤ᠂ ᠬᠤᠵᠢᠷᠰᠢᠯ ᠡᠭᠦᠰᠦᠭᠰᠡᠨ ᠵᠢᠴᠢ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠵᠡᠷᠭᠡ | ᠠᠰᠠᠭᠤᠳᠠᠯ ᠢ ᠪᠤᠶ ᠪᠣᠯᠭᠠᠵᠠᠢ᠃ | ᠶᠡᠷᠦᠩᠬᠡᠢ ᠱᠦᠵᠢ ᠰᠢ ᠶᠢᠨ ᠫᠢᠩ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠡᠯᠡᠰᠦᠷᠬᠡᠭ | ᠡᠵᠡᠭᠦᠢ ᠭᠠᠵᠠᠷ ᠢ ᠰᠠᠶᠢᠵᠢᠷᠠᠭᠤᠯᠤᠭᠰᠠᠨ ᠪᠠᠶᠢᠳᠠᠯ ᠢ ᠲᠦᠢᠯ ᠢᠶᠠᠷ ᠬᠠᠯᠠᠮᠵᠢᠯᠠᠵᠤ ᠪᠠᠶᠢᠯ᠎ᠠ᠃ | ︽ᠠᠷᠪᠠ ᠭᠠᠷᠤᠢ ᠵᠢᠯ ᠤᠨ ᠲᠤᠷᠰᠢ᠂ ᠪᠢᠳᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠭᠤᠯᠤᠨ᠂ ᠤᠰᠤᠯᠠᠬᠤ ᠪᠠ ᠤᠰᠤ ᠵᠠᠯᠠᠬᠤ ᠶᠢ ᠢᠵᠢ ᠪᠦᠷᠢᠳᠦᠭᠦᠯᠬᠦ᠂ ᠯᠠᠶᠢᠳᠠᠬᠤ ᠪᠠ | ᠤᠰᠤᠯᠠᠬᠤ ᠵᠢᠴᠢ ᠤᠰᠤ ᠵᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠵᠢᠷᠯᠢᠭ ᠭᠠᠵᠠᠷ ᠢ | ᠥᠭᠡᠷᠡᠴᠢᠯᠡᠨ ᠰᠠᠶᠢᠵᠢᠷᠠᠭᠤᠯᠬᠤ ᠰᠢᠨ᠎ᠡ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠭᠰᠡᠨ ᠤ ᠵᠡᠷᠭᠡ ᠪᠠᠷ ᠵᠠᠷᠢᠮ | ᠬᠤᠵᠢᠷᠯᠢᠭ ᠲᠤ ᠳᠠᠭᠠᠭᠠᠮᠠᠭᠠᠢ ᠲᠠᠷᠢᠮᠠᠯ ᠢ ᠪᠤᠶᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠨᠡᠶᠢᠳᠡᠮ | ᠳᠡᠭᠡᠭᠰᠢᠯᠡᠭᠦᠯᠪᠡ︾᠃ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠣᠶᠣᠯᠲᠤ ᠶᠡᠷᠦᠩᠬᠡᠢ | ᠱᠦᠵᠢ ᠳᠤ ᠤᠷᠠᠳ ᠤᠨ ᠡᠮᠦᠨᠡᠲᠦ ᠬᠤᠰᠢᠭᠤᠨ ᠤ ᠦᠨᠳᠦᠰᠦᠨ ᠪᠠᠶᠢᠳᠠᠯ ᠪᠣᠯᠣᠨ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠢ ᠰᠠᠶᠢᠵᠢᠷᠠᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠬᠠᠷᠢᠭᠤ | ᠮᠡᠳᠡᠭᠦᠯᠪᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠭᠠᠶᠢᠬᠠᠮᠰᠢᠭ︾ ᠤᠨ ᠠᠴᠢ ᠪᠠᠷ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠬᠤᠵᠢᠷᠯᠢᠭ ᠭᠠᠵᠠᠷ ᠤᠨ ᠠᠮᠢ ᠠᠬᠤᠢ ᠶᠢᠨ ᠥᠨᠳᠥᠷ ᠪᠦᠲᠦᠮᠵᠢᠲᠡᠢ | ᠲᠠᠷᠢᠶᠠᠯᠠᠩ ᠤᠨ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃ | ᠡᠳᠡᠭᠡᠷ ᠠᠷᠭ᠎ᠠ ᠪᠠᠷᠢᠯ ᠪᠠ ᠠᠷᠭ᠎ᠠ ᠬᠡᠮᠵᠢᠶ᠎ᠡ ᠶᠢ ᠰᠣᠨᠣᠰᠤᠭᠠᠳ ᠶᠡᠷᠦᠩᠬᠡᠢ ᠱᠦᠵᠢ ᠮᠠᠭᠲᠠᠨ ᠰᠠᠶᠢᠰᠢᠶᠠᠵᠤ | ᠲᠣᠯᠣᠭᠠᠢ ᠳᠣᠬᠢᠪᠠ᠃ | ᠲᠠᠷᠢᠶᠠᠨ ᠳᠠᠬᠢ ᠨᠢᠭᠡ ᠵᠢᠵᠢᠭ ᠰᠢᠷᠡᠭᠡᠨ ᠳᠡᠭᠡᠷ᠎ᠡ ᠬᠥᠷᠥᠰᠥ ᠰᠢᠷᠣᠢ ᠪᠠ ᠦᠷ᠎ᠡ ᠶᠢᠨ ᠶᠠᠩᠵᠤ ᠶᠢ ᠲᠠᠯᠪᠢᠵᠤ | ᠪᠠᠶᠢᠯ᠎ᠠ᠃ ︽ᠠᠳᠡᠬᠢ ᠮᠠᠰᠢ ᠣᠯᠠᠨ ᠦᠷ᠎ᠡ ᠶᠢ ᠪᠣᠯ ᠴᠥᠮ ᠪᠢᠳᠡᠨ ᠤ ᠡᠨᠡ ᠬᠦ ᠲᠤᠷᠰᠢᠯᠲᠠ ᠶᠢᠨ ᠲᠠᠷᠢᠶᠠᠨ ᠳᠠᠭᠠᠨ | ᠥᠪᠡᠷ ᠢᠶᠠᠨ ᠪᠤᠶᠢᠵᠢᠭᠤᠯᠤᠭᠰᠠᠨ ᠭᠡᠬᠦ ᠮᠢᠨᠤ ᠬᠡᠯᠡᠬᠦ ᠶᠢ ᠰᠣᠨᠣᠰᠤᠭᠠᠳ ᠶᠡᠷᠤᠨᠬᠭᠡᠢ ᠱᠦᠵᠢ ᠡᠲᠡᠭᠡᠷ ᠦᠷ᠎ᠡ ᠶᠢ | ᠳᠡᠯᠭᠡᠷᠡᠭᠦᠯᠦᠭᠰᠡᠨ ᠪᠠᠶᠢᠳᠠᠯ ᠪᠠ ᠳᠠᠪᠠᠭᠤᠯᠢᠭ ᠢ ᠨᠠᠷᠢᠨ ᠠᠰᠠᠭᠤᠪᠠ︾᠃ ᠶᠡᠷᠦᠩᠬᠡᠢ ᠱᠦᠵᠢ ᠳᠤ ᠬᠠᠷᠢᠭᠤ | ᠮᠡᠳᠡᠭᠦᠯᠬᠦ ᠳᠡᠭᠡᠨ᠂ ᠶᠡᠷᠦᠩᠬᠡᠢ ᠱᠦᠵᠢ ᠰᠠᠶᠢᠨ ᠡᠭᠦᠯᠳᠡᠷ ᠢ ᠪᠤᠶᠢᠵᠢᠭᠤᠯᠬᠤ ᠪᠠ ᠳᠡᠯᠭᠡᠷᠡᠭᠦᠯᠬᠦ ᠶᠢ ᠣᠨᠴᠠᠭᠠᠶᠢᠯᠠᠨ | ᠠᠩᠬᠠᠷᠴᠤ ᠪᠠᠶᠢᠭᠰᠠᠨ ᠢ ᠰᠣᠶᠣᠯᠲᠤ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠯ᠎ᠠ᠃ | ᠰᠣᠶᠣᠯᠲᠤ᠂ ᠬᠦᠷᠢᠶᠡᠯᠡᠩ ᠲᠣᠭᠤᠷᠢᠭ ᠲᠤ ᠳᠠᠷᠢᠭᠰᠠᠨ ᠪᠤᠭᠤᠳᠠᠢ ᠪᠣᠯ ︽ᠪᠠ ᠮᠠᠢ 13 ᠳ᠋ᠤᠭᠠᠷ︾ ᠪᠣᠯᠣᠨ᠎ᠠ᠂ | ᠭᠠᠷᠤᠯᠲᠠ ᠥᠨᠳᠥᠷ᠂ ᠳᠠᠭᠠᠭᠠᠮᠠᠭᠠᠢ ᠴᠢᠨᠠᠷ ᠢᠶᠠᠷ ᠴᠢᠩᠭ᠎ᠠ᠂ ᠠᠰᠢᠭ ᠣᠯᠵᠠᠪᠤᠷᠢ ᠰᠠᠶᠢᠨ ᠪᠠᠶᠢᠵᠤ᠂ ᠣᠨᠴᠠᠭᠠᠶᠢᠯᠠᠨ | ᠪᠣᠷᠣᠳᠣᠬᠤᠢ ᠣᠷᠣᠨ ᠳᠤ ᠳᠠᠷᠢᠬᠤ ᠳᠤ ᠮᠠᠰᠢ ᠲᠣᠬᠢᠷᠠᠮᠵᠢᠲᠠᠢ᠂ ᠶᠠᠭ ᠪᠣᠷᠣᠳᠣᠬᠤᠢ ᠣᠷᠣᠨ ᠳᠤ ᠶᠡᠭᠡ ᠬᠡᠪᠴᠢᠶ᠎ᠡ ᠪᠠᠷ | ᠳᠡᠯᠭᠡᠷᠡᠭᠦᠯᠵᠦ ᠪᠠᠶᠢᠨ᠎ᠠ ᠭᠡᠵᠦ ᠲᠠᠨᠢᠯᠴᠠᠭᠤᠯᠪᠠ᠃ | ᠶᠡᠷᠦᠩᠬᠡᠢ ᠱᠦᠵᠢ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠨᠢ ᠣᠲᠣ ᠦᠶ᠎ᠡ ᠶᠢᠨ ᠲᠠᠷᠢᠶᠠᠯᠠᠩ ᠢ | ᠳᠡᠯᠭᠡᠷᠡᠭᠦᠯᠬᠦ ᠲᠠᠯ᠎ᠠ ᠪᠠᠷ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠠᠳᠡ ᠲᠣᠬᠢᠷᠠᠮᠵᠢᠲᠠᠢ ᠦᠷ᠎ᠡ ᠡᠭᠦᠯᠳᠡᠷ᠂ | ᠮᠡᠷᠭᠡᠵᠢᠯ ᠪᠠ ᠲᠠᠷᠢᠶᠠᠯᠠᠬᠤ ᠠᠷᠭ᠎ᠠ ᠭᠡᠯᠪᠡᠷᠢ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠥᠪᠡᠷ ᠤᠨ | ᠥᠷᠲᠡᠭ ᠢ ᠪᠠᠭᠤᠷᠠᠭᠤᠯᠤᠨ᠂ ᠦᠷ᠎ᠡ ᠠᠰᠢᠭ ᠢ ᠳᠡᠭᠡᠭᠰᠢᠯᠡᠭᠦᠯᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠤᠯᠬᠤ | ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ︽ᠪᠢᠳᠡ ᠬᠦᠷᠢᠶᠡᠯᠡᠩ ᠲᠣᠭᠤᠷᠢᠭ ᠤᠨ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ᠂ ᠵᠢᠱᠢᠶ᠎ᠡ | ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠭᠡᠯᠪᠡᠷᠢ ᠶᠢ | ᠬᠤᠪᠢᠷᠠᠭᠤᠯᠤᠨ ᠲᠠᠰ ᠳᠡᠪᠰᠢᠵᠦ ᠬᠥᠭᠵᠢᠬᠦ ᠶᠢ ᠠᠬᠢᠭᠤᠯᠬᠤ ᠴᠢᠬᠤᠯᠠᠲᠠᠢ︾ ᠭᠡᠵᠦ ᠰᠣᠶᠣᠯᠲᠤ ᠢᠯᠡᠳᠬᠡᠪᠡ᠃ ︽ | ᠶᠡᠷᠦᠩᠬᠡᠢ ᠱᠦᠵᠢ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠬᠠᠯᠠᠮᠵᠢᠯᠠᠵᠤ ᠪᠠᠶᠢᠨ᠎ᠠ︾᠃ | ᠶᠡᠷᠦᠩᠬᠡᠢ ᠱᠦᠵᠢ ᠲᠠᠢ ᠰᠠᠨᠠᠯ ᠢᠶᠠᠨ ᠰᠣᠯᠢᠯᠴᠠᠬᠤ ᠪᠠᠷ ᠳᠡᠮᠵᠢᠨ᠂ ᠰᠣᠶᠣᠯᠲᠤ ᠡᠨᠡ ᠲᠤᠬᠠᠢ ᠭᠦᠨ | ᠲᠥᠷᠥᠭᠳᠡᠯ ᠲᠠᠢ ᠪᠣᠯᠪᠠ᠃ | ᠤᠷᠠᠳ ᠤᠨ ᠡᠮᠦᠨᠡᠲᠦ ᠬᠤᠰᠢᠭᠤ ᠪᠣᠯ ᠪᠠᠶᠠᠨᠨᠠᠭᠤᠷ ᠬᠤᠳᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠪᠣᠯᠣᠨ᠎ᠠ᠂ ᠰᠣᠶᠣᠯᠲᠤ ᠵᠠᠮ ᠲᠤᠷᠰᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠰᠤᠷᠭᠠᠯ ᠢ ᠨᠢ ᠰᠣᠨᠣᠰᠴᠤ᠂ | ᠡᠷᠴᠢ ᠵᠣᠷᠢᠭ ᠨᠢ ᠬᠥᠪᠴᠢᠯᠡᠭᠳᠡᠬᠦ ᠶᠢᠨ ᠵᠡᠷᠭᠡ ᠪᠠᠷ᠂ ᠮᠥᠷᠥᠨ ᠳᠡᠭᠡᠷᠡᠬᠢ ᠬᠠᠷᠢᠭᠤᠴᠠᠯᠭ᠎ᠠ ᠨᠢ ᠴᠤ ᠨᠡᠩ ᠬᠦᠨᠳᠦ | ᠪᠣᠯᠤᠭᠰᠠᠨ ᠢ ᠤᠬᠠᠭᠠᠷᠠᠵᠠᠢ᠃ | ︽ᠪᠢᠳᠡ ᠶᠡᠷᠦᠩᠬᠡᠢ ᠱᠦᠵᠢ ᠶᠢᠨ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ | ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭ᠎ᠠ ᠠᠳᠬᠤᠵᠤ᠂ ᠣᠲᠣ ᠦᠶ᠎ᠡ ᠶᠢᠨ ᠲᠠᠷᠢᠶᠠᠯᠠᠩ ᠢ ᠶᠡᠭᠡ ᠪᠠᠷ | ᠬᠥᠭᠵᠢᠭᠦᠯᠵᠦ᠂ ᠬᠡᠪᠴᠢᠶᠡᠵᠢᠭᠰᠡᠨ ᠡᠵᠡᠩᠨᠡᠯᠲᠡ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠦᠷ᠎ᠡ ᠠᠰᠢᠭ | ᠴᠢᠳᠠᠪᠤᠷᠢ ᠶᠢ ᠳᠡᠭᠡᠭᠰᠢᠯᠡᠭᠦᠯᠭᠦ᠂ ᠲᠠᠷᠢᠶᠠᠴᠢᠳ ᠲᠤ ᠠᠰᠢᠭ ᠲᠤᠰᠠ ᠣᠯᠭᠤᠬᠤ ᠬᠠᠷᠠᠯᠲᠠ ᠶᠢ ᠪᠡᠶᠡᠯᠡᠭᠦᠯᠬᠦ ᠲᠠᠢ | ᠤᠶᠠᠯᠳᠤᠭᠤᠯᠤᠨ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾᠃ | ︽ᠶᠡᠷᠦᠩᠬᠡᠢ ᠱᠦᠵᠢ ᠪᠢᠳᠡᠨ ᠳᠤ ᠨᠢᠭᠡᠨ ᠲᠠᠩᠰᠠ ᠪᠤᠳᠤᠵᠤ ᠥᠭᠪᠡ︾ | ᠵᠢᠱᠢᠶ᠎ᠡ ᠦᠵᠡᠭᠦᠯᠭᠦ ᠬᠦᠷᠢᠶᠡᠯᠡᠩ ᠤᠨ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠳᠠᠷᠢᠭᠰᠠᠨ | ᠲᠤᠷᠰᠢᠯᠲᠠ ᠶᠢᠨ ᠲᠠᠷᠢᠶ᠎ᠠ ᠳᠤ᠂ ᠮᠥᠷ ᠮᠥᠷ ᠲᠦᠷᠦᠭᠦᠦ ᠰᠠᠭᠤᠭᠰᠠᠨ ᠪᠤᠭᠤᠳᠠᠢ ᠪᠠ ᠤᠷᠭᠤᠴᠠ ᠨᠢ ᠶᠠᠭ ᠰᠠᠶᠢᠨ | ᠪᠠᠶᠢᠭ᠎ᠠ ᠯᠠᠵᠤᠤ ᠬᠠᠷᠠᠭᠳᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠃ | ︽ᠶᠡᠷᠦᠩᠬᠡᠢ ᠱᠦᠵᠢ ᠮᠠᠨ ᠤ ᠲᠤᠷᠰᠢᠯᠲᠠ ᠶᠢᠨ ᠲᠠᠷᠢᠶᠠᠨ ᠳᠤ ᠢᠷᠡᠯ᠎ᠡ︾ ᠭᠡᠵᠦ ᠪᠠᠶᠠᠨᠨᠠᠭᠤᠷ ᠬᠤᠲᠠ ᠶᠢᠨ | ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ | ᠡᠷᠭᠢᠯᠡᠭᠴᠢ᠂ ᠳᠡᠯᠭᠡᠷᠡᠭᠦᠯᠬᠦ ᠶᠢ ᠰᠤᠳᠤᠯᠤᠭᠴᠢ ᠯᠢᠦ ᠵᠢᠶᠦ᠋ᠨ ᠶᠡᠷᠦᠩᠬᠡᠢ ᠱᠦᠵᠢ ᠰᠢ ᠶᠢᠨ ᠫᠢᠩ ᠲᠠᠢ ᠠᠭᠤᠯᠵᠠᠭᠰᠠᠨ | ᠴᠠᠭ ᠮᠥᠴᠡ ᠪᠠᠨ ᠶᠠᠷᠢᠬᠤ ᠳᠠᠭᠠᠨ ᠮᠥᠨ ᠬᠦ ᠰᠡᠳᠬᠢᠯ ᠳᠣᠭᠳᠣᠯᠵᠤ ᠪᠠᠶᠢᠪᠠ᠃ ᠲᠡᠷᠡ ᠶᠡᠷᠦᠩᠬᠡᠢ ᠱᠦᠵᠢ ᠳᠤ | ᠪᠤᠭᠤᠳᠠᠢ ᠶᠢᠨ ᠲᠠᠷᠢᠶᠠᠨ ᠳᠤ ᠯᠠᠵᠤᠤ ᠲᠤᠬᠤᠵᠤ ᠲᠠᠷᠢᠬᠤ ᠵᠠᠭᠪᠤᠷ ᠤᠨ ᠤᠭ ᠶᠣᠰᠣ ᠪᠣᠯᠣᠨ ᠳᠠᠪᠠᠭᠤᠯᠢᠭ ᠢ ᠬᠠᠷᠢᠭᠤ | ᠮᠡᠳᠡᠭᠦᠯᠵᠦ᠂ ᠶᠡᠷᠦᠩᠬᠡᠢ ᠱᠦᠵᠢ ᠶᠢᠨ ᠡᠶᠡᠯᠰᠡᠭ ᠳᠣᠲᠣᠨᠣ ᠵᠠᠩ ᠠᠭᠠᠰᠢ ᠶᠢ ᠭᠦᠨᠵᠡᠭᠡᠢ ᠣᠶᠢᠯᠠᠭᠠᠨ ᠮᠡᠳᠡᠪᠡ᠃ | ᠡᠶᠢᠮᠦ ᠪᠤᠭᠤᠳᠠᠢ ᠨᠢ ᠨᠢᠭᠡ ᠮᠦ ᠲᠠᠷᠢᠶᠠᠨ ᠠᠴᠠ ᠬᠡᠳᠦᠢ ᠵᠢᠩ ᠬᠤᠷᠢᠶᠠᠵᠤ ᠳᠡᠶᠢᠯᠭᠦ ᠪᠤᠶ︖ | ︽ᠪᠢᠳᠡ ᠳᠣᠬᠢᠭᠤᠷ ᠳᠤᠯᠤᠭᠠᠨ ᠤᠳᠤ ᠠᠶᠠᠯᠠᠯ ᠵᠠᠯᠠᠬᠤ ᠠᠦ᠋ᠲ᠋ᠣ᠋ ᠲᠠᠷᠢᠶᠠᠯᠠᠭ᠎ᠠ᠂ ᠣᠶᠤᠨᠴᠢ ᠤᠰᠤᠯᠠᠯᠲᠠ ᠵᠡᠷᠭᠡ | ᠰᠢᠨ᠎ᠡ ᠮᠡᠷᠭᠡᠵᠢᠯ ᠢ ᠬᠡᠷᠡᠭᠯᠡᠪᠡ᠂ ᠣᠳᠣᠬᠠᠨ ᠳᠤ ︿ᠪᠠ ᠮᠠᠢ 13 ᠳ᠋ᠤᠭᠠᠷ﹀ ᠤᠨ ᠡᠭᠦᠯᠳᠡᠷ ᠤᠨ ᠪᠤᠭᠤᠳᠠᠢ ᠶᠢᠨ ᠮᠦ | ᠪᠦᠷᠢ ᠶᠢᠨ ᠤᠨᠠᠯᠲᠠ ᠨᠢ 1100 ᠵᠢᠩ ᠳᠤ ᠬᠦᠷᠴᠦ ᠪᠠᠶᠢᠨ᠎ᠠ︾ ᠭᠡᠵᠦ ᠯᠢᠦ ᠵᠢᠶᠦ᠋ᠨ ᠶᠡᠷᠦᠩᠬᠡᠢ ᠱᠦᠵᠢ ᠳᠤ | ᠬᠠᠷᠢᠭᠤ ᠮᠡᠳᠡᠭᠦᠯᠪᠡ᠃ | ᠡᠶᠢᠮᠦᠷᠬᠦᠦ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠲᠠᠷᠢᠬᠤ ᠠᠷᠭ᠎ᠠ ᠭᠡᠯᠪᠡᠷᠢ ᠨᠢ ᠶᠠᠮᠠᠷ ᠰᠠᠶᠢᠨ | ᠲᠠᠯ᠎ᠠ ᠲᠠᠢ ᠪᠤᠢ︖ | ︽ᠢᠩᠭᠢᠵᠦ ᠲᠠᠷᠢᠬᠤ ᠨᠢ ᠴᠠᠭ ᠤᠨ ᠵᠥᠷᠢᠶ᠎ᠡ᠂ ᠣᠷᠣᠨ ᠵᠠᠢ ᠶᠢᠨ ᠵᠥᠷᠢᠶ᠎ᠡ ᠶᠢ ᠭᠦᠢᠴᠡᠳ ᠠᠰᠢᠭᠯᠠᠵᠤ᠂ | ᠲᠠᠷᠢᠮᠠᠯ ᠢ ᠨᠠᠩ ᠰᠠᠶᠢᠨ ᠤᠷᠭᠤᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ | ᠴᠢᠳᠠᠨ᠎ᠠ︾᠃ ᠯᠢᠦ ᠵᠢᠶᠦ᠋ᠨ᠂ ᠪᠣᠷᠣᠳᠣᠬᠤᠢ ᠣᠷᠣᠨ ᠳᠤ᠂ ᠪᠤᠭᠤᠳᠠᠢ ᠶᠢ ᠵᠢᠯ ᠪᠦᠷᠢ ᠶᠢᠨ 3 ᠰᠠᠷ᠎ᠠ ᠶᠢᠨ 20 ᠤ | ᠡᠳᠦᠷ ᠠᠴᠠ ᠡᠬᠢᠯᠡᠨ ᠳᠠᠷᠢᠵᠤ᠂ ᠴᠢᠬᠢ ᠭᠠᠷᠬᠤ ᠬᠤᠭᠤᠴᠠᠭ᠎ᠠ ᠨᠢ 4 ᠰᠠᠷ᠎ᠠ ᠶᠢᠨ 15 ᠤ ᠡᠳᠦᠷ ᠣᠷᠴᠢᠮ ᠪᠠᠶᠢᠵᠤ᠂ | ᠯᠠᠵᠤᠤ ᠶᠢ 5 ᠰᠠᠷ᠎ᠠ ᠶᠢᠨ 15 ᠤ ᠡᠳᠦᠷ ᠣᠷᠴᠢᠮ ᠰᠢᠯᠵᠢᠭᠦᠯᠦᠨ ᠵᠠᠶᠢᠯᠠᠨ᠎ᠠ᠂ ᠲᠡᠭᠡᠪᠡᠯ ᠪᠤᠭᠤᠳᠠᠢ 4 ᠰᠠᠷ᠎ᠠ ᠶᠢᠨ | 15 ᠤ ᠡᠳᠦᠷ ᠠᠴᠠ 5 ᠰᠠᠷ᠎ᠠ ᠶᠢᠨ 15 ᠤ ᠡᠳᠦᠷ ᠪᠤᠯᠲᠠᠯᠠᠭᠢ ᠬᠤᠭᠤᠴᠠᠭᠠᠨ ᠳᠤ ᠲᠤᠰᠠᠭᠠᠷ ᠨᠢᠭᠡ ᠰᠠᠷ᠎ᠠ | ᠤᠷᠭᠤᠵᠤ᠂ ᠵᠠᠬ᠎ᠠ ᠶᠢᠨ ᠭᠡᠷᠡᠯ ᠤᠨ ᠡᠨᠧᠷᠭᠢ ᠪᠠ ᠬᠥᠷᠥᠰᠥᠨ ᠤ ᠰᠢᠮ᠎ᠡ ᠲᠡᠵᠢᠭᠡᠯ ᠤᠨ ᠨᠥᠬᠦᠴᠡᠯ ᠰᠠᠶᠢᠨ ᠪᠠᠶᠢᠳᠠᠭ᠂ | ᠡᠭᠦᠨ ᠢ ᠵᠠᠬ᠎ᠠ ᠶᠢᠨ ᠳᠠᠪᠠᠭᠤᠯᠢᠭ ᠭᠡᠳᠡᠭ᠃ ᠪᠤᠭᠤᠳᠠᠢ ᠶᠢᠨ ᠬᠤᠷᠢᠶᠠᠯᠲᠠ ᠶᠢᠨ ᠤᠯᠠᠷᠢᠯ ᠨᠢ 7 ᠰᠠᠷ᠎ᠠ ᠶᠢᠨ 25 ᠤ | ᠡᠳᠦᠷ ᠠᠴᠠ ᠰᠡᠭᠦᠯᠡᠷ ᠪᠠᠶᠢᠵᠤ᠂ ᠪᠤᠭᠤᠳᠠᠢ ᠶᠢ ᠬᠠᠳᠤᠭᠰᠠᠨ ᠤ ᠳᠠᠷᠠᠭ᠎ᠠ ᠶᠠᠭ ᠰᠠᠶᠢᠬᠠᠨ ᠯᠠᠵᠤᠤ ᠰᠠᠶᠢᠨ ᠤᠷᠭᠤᠬᠤ | ᠬᠤᠭᠤᠴᠠᠭ᠎ᠠ ᠪᠣᠯᠣᠨ᠎ᠠ᠂ ᠪᠤᠭᠤᠳᠠᠢ ᠦᠭᠡᠢ ᠪᠣᠯ ᠯᠠᠵᠤᠤ ᠨᠢ ᠪᠠᠰᠠ ᠵᠠᠬ᠎ᠠ ᠶᠢᠨ ᠳᠠᠪᠠᠭᠤᠯᠢᠭ ᠠᠴᠠ ᠪᠣᠯᠵᠤ | ᠤᠨᠠᠯᠲᠠ ᠨᠢ ᠳᠡᠭᠡᠭᠰᠢᠯᠡᠳᠡᠭ ᠭᠡᠵᠦ ᠲᠠᠨᠢᠯᠴᠠᠭᠤᠯᠪᠠ᠃ | ᠪᠤᠭᠤᠳᠠᠢ ᠲᠠᠷᠢᠪᠠᠯ ᠮᠦ ᠪᠦᠷᠢ ᠶᠢᠨ ᠠᠰᠢᠭ ᠣᠷᠣᠯᠭ᠎ᠠ ᠨᠢ ᠬᠡᠳᠦᠢ ᠪᠤᠢ︖ ᠪᠤᠭᠤᠳᠠᠢ ᠶᠢᠨ ᠲᠠᠷᠢᠶᠠᠨ ᠳᠤ | ᠯᠠᠵᠤᠤ ᠶᠢ ᠲᠤᠬᠤᠵᠤ ᠲᠠᠷᠢᠪᠠᠯ ᠠᠰᠢᠭ ᠣᠷᠣᠯᠭ᠎ᠠ ᠨᠢ ᠬᠡᠳᠦᠢ ᠪᠣᠯᠵᠤ ᠲᠡᠶᠢᠯᠭᠦ ᠪᠤᠢ︖ | ︽ᠮᠠᠨ ᠤ ᠣᠲᠣ ᠶᠢᠨ ᠳᠠᠷᠢᠬᠤ ᠬᠢᠷᠢ ᠲᠦᠪᠰᠢᠨ ᠢᠶᠠᠷ᠂ ᠮᠦ ᠪᠦᠷᠢ ᠶᠢᠨ ᠪᠤᠭᠤᠳᠠᠢ ᠶᠢᠨ ᠣᠷᠣᠯᠭ᠎ᠠ 1300 | ᠲᠥᠭᠦᠷᠢᠭ ᠲᠤ ᠭᠦᠷᠦᠨ᠎ᠡ᠂ ᠭᠡᠪᠡᠴᠦ ᠡᠨᠡ ᠨᠢ ᠳᠤᠮᠳᠠᠴᠢ ᠬᠢᠷᠢ ᠲᠦᠪᠰᠢᠨ ᠪᠢᠰᠢ᠂ ᠤᠴᠢᠷ ᠨᠢ ᠮᠠᠨ ᠤ ᠠᠳᠡ ᠪᠣᠯ | ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠪᠣᠯᠬᠤᠷ ᠤᠨᠠᠯᠲᠠ ᠨᠢ ᠥᠨᠳᠥᠷ ᠰᠢᠭ ᠪᠠᠶᠢᠳᠠᠭ᠃ ᠪᠤᠭᠤᠳᠠᠢ ᠶᠢᠨ | ᠲᠠᠷᠢᠶᠠᠨ ᠳᠤ ᠯᠠᠵᠤᠤ ᠶᠢ ᠲᠤᠬᠤᠵᠤ ᠲᠠᠷᠢᠬᠤ ᠡᠨᠡ ᠬᠦ ᠲᠠᠷᠢᠮᠠᠯ ᠤᠨ ᠭᠡᠯᠪᠡᠷᠢ ᠨᠢ ᠮᠦ ᠪᠦᠷᠢ ᠠᠴᠠ 2000 | ᠲᠥᠭᠦᠷᠢᠭ ᠤᠨ ᠣᠷᠣᠯᠭ᠎ᠠ ᠢᠯᠡᠭᠦᠦ ᠣᠯᠵᠤ᠂ ᠠᠰᠢᠭ ᠣᠯᠵᠠᠪᠤᠷᠢ ᠨᠢ 3300 ᠲᠥᠭᠦᠷᠢᠭ ᠲᠤ ᠬᠦᠷᠬᠦ ᠪᠣᠯᠣᠨ᠎ᠠ︾ | ᠃ | ︽ᠶᠡᠷᠦᠩᠬᠡᠢ ᠱᠦᠵᠢ ᠰᠣᠨᠣᠰᠤᠭᠠᠳ ᠮᠠᠰᠢ ᠪᠠᠶᠠᠷᠯᠠᠵᠤ᠂ ᠤᠯᠠᠨ ᠲᠠᠢ ᠬᠠᠮᠲᠤ ᠣᠷᠣᠯᠭ᠎ᠠ ᠶᠢᠨ ᠨᠡᠮᠡᠭᠳᠡᠯ ᠤᠨ | ᠲᠠᠩᠰᠠ ᠪᠤᠳᠤᠪᠠ᠃ ᠶᠡᠷᠦᠩᠬᠡᠢ ᠱᠦᠵᠢ ᠭᠦᠨᠵᠡᠭᠡᠢ ᠠᠰᠠᠭᠤᠵᠤ᠂ ᠴᠠᠭᠠᠨ᠎ᠠ ᠨᠢ ᠭᠠᠷᠳᠠᠯ᠎ᠠ ᠶᠠᠷᠢᠪᠠ᠂ ᠶᠣᠰᠣᠲᠠᠢ | ᠴᠠᠭᠠᠷᠠᠭᠰᠠᠨ ᠬᠥᠮᠥᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠮᠠᠰᠢ ᠠᠩᠬᠠᠷᠴᠤ᠂ ᠭᠠᠵᠠᠷ | ᠰᠢᠷᠣᠢ᠂ ᠲᠠᠷᠢᠶᠠᠴᠢᠳ ᠲᠤ ᠬᠠᠶᠢᠷ᠎ᠠ ᠰᠡᠳᠬᠢᠯᠭᠡ ᠲᠠᠢ ᠪᠠᠶᠢᠳᠠᠭ︾ ᠭᠡᠵᠦ ᠯᠢᠦ ᠵᠢᠶᠦ᠋ᠨ ᠶᠡᠷᠦᠩᠬᠡᠢ ᠱᠦᠵᠢ ᠲᠠᠢ | ᠰᠠᠨᠠᠯ ᠢᠶᠠᠨ ᠰᠣᠯᠢᠯᠴᠠᠬᠤ ᠦᠶ᠎ᠡ ᠶᠢᠨ ᠪᠠᠶᠢᠳᠠᠯ ᠢᠶᠠᠨ ᠡᠷᠭᠢᠴᠡᠭᠦᠯᠦᠨ ᠲᠥᠷᠥᠭᠳᠡᠯ ᠭᠦᠨ ᠬᠡᠯᠡᠪᠡ᠃ | 2019 ᠣᠨ ᠳᠤ᠂ ᠶᠡᠷᠦᠩᠬᠡᠢ ᠱᠦᠵᠢ ᠰᠢ ᠶᠢᠨ ᠫᠢᠩ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠹᠧᠨ | ᠾᠧ ᠭᠤᠣᠯ ᠸᠧᠢ ᠾᠧ ᠭᠤᠣᠯ ᠤᠨ ᠲᠠᠯ᠎ᠠ ᠭᠠᠵᠠᠷ ᠵᠡᠷᠭᠡ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠳᠤ | ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ | ᠳᠡᠭᠡᠭᠰᠢᠯᠡᠭᠦᠯᠭᠦ ᠬᠡᠷᠡᠭᠲᠡᠢ ᠭᠡᠵᠦ ᠳᠤᠷᠠᠳᠪᠠ᠃ ᠣᠶᠢᠷ᠎ᠠ ᠶᠢᠨ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠬᠡᠷᠡᠭᠵᠢᠭᠦᠯᠵᠦ᠂ | ᠭᠠᠵᠠᠷ ᠰᠢᠷᠣᠢ ᠶᠢᠨ ᠭᠠᠷᠤᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤ ᠠᠷᠪᠢᠯᠠᠬᠤ᠂ | ᠭᠠᠵᠠᠷ ᠰᠢᠷᠣᠢ ᠶᠢ ᠨᠡᠮᠡᠭᠳᠡᠭᠦᠯᠬᠦ᠂ ᠤᠨᠠᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠵᠡᠷᠭᠡ ᠠᠯᠢ ᠣᠯᠠᠨ | ᠦᠷ᠎ᠡ ᠪᠦᠲᠦᠮᠵᠢ ᠣᠯᠵᠠᠢ᠂ ᠡᠭᠦᠨ ᠤ ᠠᠷᠤ ᠳᠤ᠂ ᠯᠢᠦ ᠵᠢᠶᠦ᠋ᠨ ᠰᠢᠭ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ | ᠲᠣᠪ ᠳᠤᠭᠤᠢ ᠪᠠᠷ ᠵᠢᠳᠬᠦᠯ ᠴᠢᠷᠮᠠᠶᠢᠯᠭ᠎ᠠ ᠭᠠᠷᠭᠠᠭᠰᠠᠨ ᠠᠴᠠ ᠰᠠᠯᠵᠤ ᠴᠢᠳᠠᠰᠢ ᠦᠭᠡᠢ ᠶᠤᠮ᠃ | ︽ᠬᠤᠶᠢᠰᠢᠳᠠ ᠶᠢᠨ ᠡᠷᠴᠢ ᠵᠣᠷᠢᠭ ᠨᠡᠩ ᠲᠡᠭᠦᠯᠳᠡᠷ ᠪᠣᠯᠵᠠᠢ︾᠃ ᠶᠡᠷᠦᠩᠬᠡᠢ ᠱᠦᠵᠢ ᠰᠢ ᠶᠢᠨ ᠫᠢᠩ ᠤᠨ | ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠯᠢᠦ ᠵᠢᠶᠦ᠋ᠨ ᠳᠤ ᠲᠦᠢᠯ ᠤᠨ ᠶᠡᠭᠡ | ᠵᠣᠷᠢᠭᠵᠢᠭᠤᠯᠤᠯ ᠪᠣᠯᠪᠠ᠃ ︽30 ᠭᠠᠷᠤᠢ ᠵᠢᠯ ᠠᠵᠢᠯᠯᠠᠭᠰᠠᠨ ᠦᠨᠳᠦᠰᠦᠨ ᠱᠠᠲᠤᠨ ᠤ ᠲᠠᠷᠢᠶᠠᠯᠠᠩ ᠤᠨ | ᠮᠡᠷᠭᠡᠵᠢᠯᠲᠡᠨ ᠪᠣᠯᠤᠭᠰᠠᠨ ᠤ ᠬᠤᠪᠢ ᠳᠤ᠂ ᠪᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠪᠣᠭᠤᠮᠲᠠ ᠰᠢᠪᠲᠤᠯᠵᠤ᠂ ᠲᠠᠷᠢᠶᠠᠯᠠᠩ ᠳᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠢᠭᠦᠷ ᠤᠷᠭᠤᠭᠤᠯᠵᠤ᠂ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠶᠢ | ᠢᠳᠡᠪᠬᠢᠲᠡᠢ ᠰᠠᠶᠢᠲᠤᠷ ᠬᠢᠵᠦ᠂ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ ᠬᠥᠳᠡᠭᠡ ᠠᠵᠤ ᠠᠬᠤᠢ ᠶᠢᠨ | ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠡᠢ᠃ | ᠬᠦᠷᠢᠶᠡᠯᠡᠩ ᠲᠣᠭᠤᠷᠢᠭ ᠤᠨ ᠲᠠᠷᠢᠶᠠᠨ ᠭᠠᠵᠠᠷ ᠢ ᠵᠥᠭᠡᠯᠡᠨ ᠰᠠᠯᠬᠢ ᠢᠯᠪᠢᠬᠦ ᠳᠤ᠂ ︽ᠪᠣᠷᠣᠳᠣᠬᠤᠢ ᠶᠢᠨ | ᠠᠮᠤ ᠶᠢᠨ ᠰᠠᠩ︾ ᠶᠢᠨ ᠬᠦᠰᠡᠯ ᠡᠷᠡᠮᠡᠯᠵᠡᠯ ᠪᠢᠯᠬᠠᠵᠤ᠂ ᠮᠥᠨ ᠴᠦ ᠥᠪᠥᠷ ᠮᠣᠩᠭᠤᠯ ᠤᠨ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠭᠦ | ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠢᠲᠡᠭᠡᠯ ᠵᠣᠷᠢᠭ ᠪᠢᠯᠬᠠᠵᠤ ᠪᠠᠶᠢᠯ᠎ᠠ᠃ | ︽ᠶᠡᠷᠦᠩᠬᠡᠢ ᠱᠦᠵᠢ ᠪᠢᠳᠡᠨ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾ | ᠰᠤᠪᠠᠭ ᠤᠨ ᠳᠤᠰᠤᠯ ᠤᠰᠤ᠂ ᠤᠯᠤᠰ ᠭᠡᠷ ᠤᠨ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ᠃ ᠬᠠᠲᠤᠨ | ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠨᠢ ᠶᠡᠷᠦᠩᠬᠡᠢ | ᠱᠦᠵᠢ ᠶᠢᠨ ᠢᠮᠠᠭᠲᠠ ᠠᠩᠬᠠᠷᠴᠤ ᠪᠠᠶᠢᠭ᠎ᠠ ᠠᠰᠠᠭᠤᠳᠠᠯ ᠶᠤᠮ᠃ | 2019 ᠣᠨ ᠳᠤ᠂ ᠶᠡᠷᠦᠩᠬᠡᠢ ᠱᠦᠵᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ᠂ ᠬᠠᠲᠤᠨ ᠭᠤᠣᠯ ᠤᠨ ᠤᠰᠤᠨ ᠤ ᠡᠬᠢ | ᠪᠠᠶᠠᠯᠢᠭ ᠡᠳᠦ᠋ᠢᠬᠡᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠬᠦ ᠳᠤ ᠤᠰᠤ ᠬᠡᠷᠡᠭᠯᠡᠨ᠎ᠡ᠂ ᠠᠵᠤ ᠠᠬᠤᠢ ᠶᠢ | ᠬᠥᠭᠵᠢᠭᠦᠯᠬᠦ᠂ ᠢᠳᠡᠵᠦ ᠡᠮᠦᠰᠬᠦ ᠳᠡᠭᠡᠨ ᠴᠦ ᠤᠰᠤ ᠠᠴᠠ ᠰᠠᠯᠵᠤ ᠴᠢᠳᠠᠬᠤ ᠦᠭᠡᠢ᠂ ᠤᠰᠤ ᠶᠢ ᠬᠢᠵᠠᠭᠠᠷ ᠦᠭᠡᠢ | ᠬᠠᠩᠭᠠᠬᠤ ᠡᠬᠢ ᠪᠠᠶᠠᠯᠢᠭ ᠪᠤᠯᠭᠠᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ ︽ᠪᠣᠷᠣᠳᠣᠬᠤᠢ ᠤᠰᠤ ᠳᠤᠲᠠᠬᠤ | ᠦᠭᠡᠢ ᠪᠤᠯᠪᠠᠴᠤ ᠤᠰᠤᠨ ᠤ ᠡᠬᠢ ᠪᠠᠶᠠᠯᠢᠭ ᠢ ᠠᠷᠪᠢᠯᠠᠵᠤ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ | ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠂ ᠬᠠᠷᠢᠨ ᠴᠦ ᠬᠡᠲᠦᠷᠡᠲᠡᠯ᠎ᠡ ᠤᠰᠤᠯᠠᠵᠤ | ᠪᠤᠯᠬᠤ ᠦᠭᠡᠢ︾᠃ 6 ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ | ᠪᠠᠶᠢᠴᠠᠭᠠᠬᠤ ᠳᠠᠭᠠᠨ ᠤᠰᠤᠨ ᠤ ᠡᠬᠢ ᠪᠠᠶᠠᠯᠢᠭ ᠢ ᠠᠷᠪᠢᠯᠠᠬᠤ ᠶᠢᠨ ᠴᠢᠬᠤᠯᠠ ᠴᠢᠨᠠᠷ ᠢ ᠳᠠᠬᠢᠨᠲᠠ ᠴᠢᠬᠤᠯᠠᠴᠢᠯᠠᠪᠠ᠃ | | ᠡᠨᠡ ᠲᠠᠯ᠎ᠠ ᠪᠠᠷ ᠥᠪᠥᠷ ᠮᠣᠩᠭᠤᠯ ᠤᠨ ᠾᠧ ᠰᠢᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ | ᠺᠤᠮᠫᠠᠨᠢ ᠶᠢᠨ ᠶᠡᠷᠦᠩᠬᠡᠢ ᠳᠠᠭᠠᠭᠠᠮᠠᠯ ᠪᠠᠢ ᠧᠨ ᠽᠧ ᠲᠥᠷᠥᠭᠳᠡᠯ ᠭᠦᠨ ᠪᠠᠶᠢᠯ᠎ᠠ᠃ 6 ᠰᠠᠷ᠎ᠠ ᠶᠢᠨ 5 ᠤ ᠦᠳᠡ ᠶᠢᠨ | ᠬᠤᠶᠢᠨ᠎ᠠ᠂ ᠰᠤᠷᠪᠤᠯᠵᠢᠯᠠᠬᠴᠢ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠲᠡᠭᠦᠨ ᠲᠠᠢ ᠠᠭᠤᠯᠵᠠᠪᠠ᠃ | ᠠᠮᠤ ᠪᠤᠳᠠᠭ᠎ᠠ ᠳᠠᠷᠢᠬᠤ ᠲᠣᠮᠣ ᠡᠷᠦᠭᠡ ᠪᠣᠯᠤᠭᠰᠠᠨ ᠤ ᠬᠤᠪᠢ ᠳᠤ᠂ ᠪᠠᠢ ᠧᠨ ᠽᠧ ᠣᠶᠢᠷ᠎ᠠ ᠶᠢᠨ ᠵᠢᠯ ᠤᠳ ᠲᠤ | ᠲᠠᠷᠢᠶ᠎ᠠ ᠳᠠᠷᠢᠬᠤ ᠲᠠᠯ᠎ᠠ ᠪᠠᠷ ᠬᠤᠪᠢᠷᠠᠯᠲᠠ ᠭᠠᠷᠤᠭᠰᠠᠨ ᠲᠤᠬᠠᠢ ᠲᠥᠷᠥᠭᠳᠡᠯ ᠭᠦᠨ ᠪᠠᠶᠢᠯ᠎ᠠ᠃ ︽ | ᠥᠩᠭᠡᠷᠡᠭᠡᠭᠰᠡᠨ ᠳᠤ ᠲᠠᠷᠢᠶ᠎ᠠ ᠲᠠᠷᠢᠬᠤ ᠳᠤ ︿ᠣᠷᠴᠢᠨ ᠲᠣᠭᠤᠷᠢᠨ﹀ ᠭᠡᠬᠦ ᠤᠬᠠᠮᠰᠠᠷ ᠪᠠᠶᠢᠬᠤ ᠦᠭᠡᠢ᠂ ᠶᠡᠭᠡ | ᠤᠰᠤ ᠪᠠᠷ ᠨᠡᠯᠦ᠋ᠢᠲᠡᠯ᠎ᠡ ᠤᠰᠤᠯᠠᠵᠤ᠂ ᠪᠣᠷᠳᠣᠭᠤᠷ ᠢ ᠬᠡᠮᠵᠢᠶ᠎ᠡ ᠲᠣᠮᠵᠢᠶ᠎ᠠ ᠦᠭᠡᠢ ᠬᠡᠷᠡᠭᠯᠡᠵᠦ᠂ ᠪᠣᠷᠳᠣᠭᠤᠷ ᠢ | ᠪᠦᠷᠢᠯᠭᠡᠭᠰᠡᠨ ᠮᠥᠷᠲᠡᠭᠡᠨ ᠤᠰᠤᠨ ᠤ ᠡᠬᠢ ᠰᠤᠷᠪᠤᠯᠵᠢ ᠶᠢ ᠴᠤ ᠪᠣᠬᠢᠷᠲᠤᠭᠤᠯᠪᠠ︾ ᠭᠡᠵᠦ ᠬᠡᠯᠡᠪᠡ᠃ | ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠥᠭᠡᠷᠡᠴᠢᠯᠡᠨ ᠰᠠᠶᠢᠵᠢᠷᠠᠭᠤᠯᠬᠤ ᠪᠠᠷ ᠰᠠᠭᠤᠷᠢ ᠪᠤᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠭᠡᠯᠪᠡᠷᠢ᠂ | ᠡᠬᠢ ᠪᠠᠶᠠᠯᠢᠭ ᠢ ᠠᠰᠢᠭᠯᠠᠬᠤ ᠠᠷᠭ᠎ᠠ ᠭᠡᠯᠪᠡᠷᠢ ᠪᠠ ᠡᠵᠡᠩᠨᠡᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠶᠢ | ᠬᠦᠴᠦᠯᠡᠨ ᠠᠬᠢᠭᠤᠯᠵᠤ᠂ ᠲᠠᠷᠢᠶᠠᠯᠠᠩ ᠤᠨ ᠪᠣᠷᠳᠣᠭᠤᠷ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠥᠦ | ᠪᠦᠷᠬᠦᠪᠴᠢ ᠶᠢ ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ | ᠪᠠᠶᠢᠩᠭᠤ ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ︽ᠪᠣᠬᠢᠷᠳᠤᠯ ᠦᠭᠡᠢ ᠲᠡᠶᠢᠰᠢ | ᠬᠥᠭᠵᠢᠬᠦ︾ ᠶᠢ ᠠᠬᠢᠭᠤᠯᠵᠤ᠂ ᠨᠠᠩ ᠴᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ ᠳᠠᠭᠤᠷᠢᠶᠠᠯ︾ ᠢ | ᠪᠤᠢ ᠪᠣᠯᠭᠠᠵᠠᠢ᠃ | ︽ᠣᠳᠣᠬᠠᠨ ᠳᠤ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠬᠢᠨ ᠨᠠᠷᠢᠯᠢᠭᠵᠢᠭᠤᠯᠤᠨ ᠲᠠᠷᠢᠶᠠᠯᠠᠬᠤ᠂ | ᠳᠣᠬᠢᠭᠤᠷ ᠲᠤᠯᠤᠭᠠᠨ ᠣᠲᠣ ᠨᠡᠷᠡᠮᠵᠢᠲᠦ ᠠᠶᠠᠯᠠᠯ ᠵᠠᠮᠴᠢᠯᠠᠬᠤ ᠮᠡᠷᠭᠡᠵᠢᠯ ᠢ ᠬᠡᠷᠡᠭᠯᠡᠨ ᠳᠠᠷᠢᠵᠤ᠂ ᠮᠦ ᠪᠦᠷᠢ ᠳᠤ | ᠢᠯᠡᠭᠦᠦ 1200 ᠰᠠᠭᠤᠷᠢ ᠣᠷᠴᠢᠮ ᠳᠠᠷᠢᠵᠤ᠂ ᠠᠰᠢᠭᠯᠠᠯᠲᠠ ᠶᠢᠨ ᠨᠣᠷᠮ᠎ᠠ ᠶᠢ 8% ᠪᠠᠷ ᠨᠡᠮᠡᠭᠳᠡᠭᠦᠯᠪᠡ᠃ | ᠡᠭᠦᠨ ᠤ ᠬᠠᠮᠲᠤ᠂ ᠨᠡᠯᠦ᠋ᠢᠲᠡᠯ᠎ᠡ ᠤᠰᠤᠯᠠᠬᠤ ᠶᠢ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠨᠠᠷᠢᠯᠢᠭ | ᠣᠨᠣᠴᠠᠲᠠᠢ ᠳᠤᠰᠤᠯᠠᠭᠠᠨ ᠤᠰᠤᠯᠠᠬᠤ ᠪᠣᠯᠭᠠᠨ ᠥᠭᠡᠷᠡᠴᠢᠯᠡᠵᠦ᠂ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠯᠲᠡ | ᠵᠠᠰᠠᠯᠲᠠ ᠶᠢ ᠬᠡᠷᠡᠭᠵᠢᠭᠦᠯᠵᠦ᠂ ᠤᠰᠤ᠂ ᠪᠣᠷᠳᠣᠭᠤᠷ᠂ ᠡᠮ ᠤᠨ ᠬᠡᠷᠡᠭᠯᠡᠯᠲᠡ ᠶᠢᠨ ᠨᠣᠷᠮ᠎ᠠ ᠶᠢ ᠨᠠᠩ ᠰᠢᠨᠵᠢᠯᠡᠬᠦ | ᠤᠬᠠᠭᠠᠨᠴᠢ ᠨᠠᠷᠢᠯᠢᠭ ᠣᠨᠣᠴᠠᠲᠠᠢ ᠪᠤᠯᠭᠠᠵᠤ᠂ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠤᠰᠤ ᠶᠢ 30% ᠣᠷᠴᠢᠮ ᠠᠷᠪᠢᠯᠠᠵᠤ᠂ ᠪᠣᠷᠳᠣᠭᠤᠷ ᠢ 20% ᠣᠷᠴᠢᠮ ᠠᠷᠪᠢᠯᠠᠵᠤ᠂ ᠤᠨᠠᠯᠲᠠ ᠶᠢ ᠨᠠᠭᠠᠲᠤ | ᠵᠠᠬ᠎ᠠ ᠳᠠᠭᠠᠨ 10% ᠨᠡᠮᠡᠭᠳᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠠᠰᠢᠭ ᠢ ᠬᠠᠷᠢᠨ | ᠳᠡᠭᠡᠭᠰᠢᠯᠡᠭᠦᠯᠪᠡ︾᠃ ᠪᠠᠢ ᠧᠨ ᠽᠧ ᠪᠠᠶᠠᠷ ᠲᠠᠢ ᠪᠠᠷ ᠲᠠᠨᠢᠯᠴᠠᠭᠤᠯᠬᠤ ᠳᠠᠭᠠᠨ᠂ ᠣᠶᠢᠷ᠎ᠠ ᠶᠢᠨ ᠵᠢᠯ ᠤᠳ ᠲᠤ | ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ᠂ ᠬᠠᠲᠤᠨ ᠭᠤᠣᠯ ᠤᠨ ᠤᠰᠤ ᠶᠢ ᠲᠤᠩᠭᠠᠵᠤ | ᠳᠤᠰᠤᠯᠠᠭᠠᠨ ᠤᠰᠤᠯᠠᠬᠤ ᠵᠡᠷᠭᠡ ᠮᠡᠷᠭᠡᠵᠢᠯ ᠢ ᠬᠡᠷᠡᠭᠵᠢᠭᠦᠯᠦᠭᠰᠡᠨ ᠢᠶᠠᠷ ᠲᠤᠬᠠᠢ ᠶᠢᠨ ᠭᠠᠵᠠᠷ ᠤᠨ ᠲᠠᠷᠢᠶᠠᠨ | ᠭᠠᠵᠠᠷ ᠤᠨ ᠶᠠᠰᠤ ᠴᠢᠨᠠᠷ ᠨᠢᠰᠬᠦ ᠮᠡᠲᠦ ᠲᠦᠷᠭᠡᠨ ᠳᠡᠭᠡᠭᠰᠢᠯᠡᠪᠡ ᠭᠡᠵᠡᠢ᠃ | ︽ᠶᠡᠷᠦᠩᠬᠡᠢ ᠱᠦᠵᠢ ᠤᠳᠤ ᠦᠶ᠎ᠡ ᠶᠢᠨ ᠥᠨᠳᠥᠷ ᠪᠦᠲᠦᠮᠵᠢᠲᠡᠢ ᠲᠠᠷᠢᠶᠠᠯᠠᠩ ᠪᠣᠯᠣᠨ ᠤᠰᠤ ᠠᠷᠪᠢᠯᠠᠬᠤ ᠠᠵᠤ | ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠬᠡᠯᠡᠪᠡ᠂ ᠡᠨᠡ ᠨᠢ ᠪᠢᠳᠡᠨ ᠳᠤ ᠴᠢᠭᠯᠡᠯ ᠢ ᠵᠢᠭᠠᠵᠤ ᠥᠭᠴᠡᠢ᠃ | ᠬᠤᠶᠢᠰᠢᠳᠠ ᠪᠢᠳᠡ ᠳᠠᠷᠢᠵᠤ ᠤᠷᠭᠤᠭᠤᠯᠬᠤ ᠮᠡᠷᠭᠡᠵᠢᠯ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ | ᠬᠡᠪᠴᠢᠶᠡᠲᠦ ᠡᠵᠡᠩᠨᠡᠯᠲᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠥᠷᠭᠡᠨ ᠣᠯᠠᠨ ᠲᠠᠷᠢᠶᠠᠴᠢᠨ ᠡᠷᠦᠭᠡ ᠶᠢ ᠳᠠᠶᠢᠴᠢᠯᠠᠨ | ᠢᠯᠡᠭᠦᠦ ᠠᠮᠤ ᠪᠤᠳᠠᠭ᠎ᠠ ᠳᠠᠷᠢᠵᠤ᠂ ᠰᠠᠶᠢᠨ ᠡᠭᠦᠯᠳᠡᠷ ᠤᠨ ᠠᠮᠤ ᠪᠤᠳᠠᠭ᠎ᠠ ᠲᠠᠷᠢᠵᠤ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠪᠠᠢ ᠧᠨ ᠽᠧ ᠢᠯᠡᠳᠬᠡᠪᠡ᠃ | |