︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠪᠠᠶᠢᠭᠤᠯᠤᠯᠲᠠ ᠶᠢᠨ | ᠢᠨᠵᠧᠨᠧᠷᠢᠩ ᠢ ᠳᠥᠭᠦᠮᠴᠢᠯᠡᠭᠡᠳ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠭᠡᠳᠡᠭ᠂ ᠡᠨᠡ ᠪᠣᠯ | ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠪᠣᠯᠣᠨ ᠵᠡᠭᠦᠨ ᠬᠤᠶᠢᠲᠤ ᠣᠷᠣᠨ ᠳᠤ | ᠪᠠᠶᠢᠭᠤᠯᠤᠭᠰᠠᠨ ᠲᠣᠮᠣ ᠭᠡᠯᠪᠡᠷᠢ ᠶᠢᠨ ᠬᠥᠮᠥᠨ ᠤ ᠬᠦᠴᠦᠨ ᠤ ᠣᠶ ᠰᠢᠭᠤᠢ ᠶᠢᠨ ᠠᠮᠢ ᠠᠬᠤᠢ ᠶᠢᠨ ᠢᠨᠵᠧᠨᠧᠷᠢᠩ | ᠪᠣᠯᠣᠨ᠎ᠠ᠂ ᠰᠢᠨᠵᠢᠶᠠᠩ ᠠᠴᠠ ᠡᠬᠢᠯᠡᠵᠦ ᠬᠠᠷᠠᠮᠥ᠋ᠷᠡᠨ ᠭᠦᠷᠳᠡᠭ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠵᠢᠱᠢᠯᠲᠡ ᠪᠠᠷ 2050 ᠣᠨ ᠳᠤ ᠳᠠᠭᠤᠰᠬᠠᠵᠤ᠂ | 73 ᠵᠢᠯ ᠤᠨ ᠬᠤᠭᠤᠴᠠᠭ᠎ᠠ ᠶᠢ ᠬᠡᠷᠡᠭᠰᠡᠵᠦ᠂ ᠭᠤᠷᠪᠠᠨ ᠱᠠᠲᠤ ᠨᠠᠢᠮᠠᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ | 10 ᠵᠢᠯ ᠣᠷᠴᠢᠮ ᠤᠨ ᠴᠠᠭ ᠢ ᠬᠡᠷᠡᠭᠰᠡᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠬᠢᠬᠦ ᠪᠠᠷ ᠴᠢᠷᠮᠠᠶᠢᠨ᠎ᠠ᠃ 2021 — 2030 ᠣᠨ ᠪᠣᠯ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠤᠭᠤᠴᠠᠭ᠎ᠠ ᠪᠤᠯᠤᠨ᠎ᠠ︔ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠷ᠎ᠡ | ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ︔ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ | ᠬᠤᠭᠤᠴᠠᠭ᠎ᠠ ᠮᠥᠨ᠃ | ᠵᠠᠰᠠᠯᠲᠠ ᠶᠢᠨ ᠭᠤᠣᠯᠳᠠᠯᠭ᠎ᠠ ᠶᠢ ᠲᠣᠪᠤᠶᠢᠯᠭᠠᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ᠂ | ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ᠂ ᠬᠤᠯᠠᠨ | ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ ᠳᠠᠶᠢᠯᠠᠯᠳᠤᠭᠠᠨ᠂ ᠾᠧᠰᠢ ᠶᠢᠨ | ᠬᠤᠩᠭᠢᠯ — ᠲᠠᠺᠯᠢᠮᠠᠺᠠᠨ ᠤ ᠡᠯᠡᠰᠦᠨ ᠴᠦᠯ ᠤᠨ ᠬᠥᠪᠡᠭᠡᠨ ᠳᠠᠬᠢ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ | ᠰᠢᠨᠵᠢᠯᠡᠨ ᠪᠠᠶᠢᠴᠠᠭᠠᠭᠰᠠᠨ ᠴᠡᠭ᠄ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ ᠲᠠᠯᠠᠪᠠᠢ 1960 | ᠣᠨ ᠳᠤ ᠪᠠᠶᠢᠭᠤᠯᠤᠭᠳᠠᠵᠤ᠂ ᠭᠠᠵᠠᠷ ᠰᠢᠷᠣᠢ ᠶᠢᠨ ᠲᠠᠯᠠᠪᠠᠢ ᠨᠢ 5.2 ᠲᠦᠮᠡᠨ ᠮᠦ ᠪᠤᠢ᠃ ᠥᠩᠭᠡᠷᠡᠭᠰᠡᠨ ᠳᠤ᠂ | ᠤᠢ ᠰᠢᠭᠤᠢ ᠶᠢᠨ ᠲᠠᠯᠠᠪᠠᠢ ᠶᠢᠨ ᠡᠷᠭᠢᠨ ᠲᠣᠭᠤᠷᠢᠨ ᠤ ᠡᠯᠡᠰᠦᠷᠬᠡᠭᠵᠢᠯ ᠬᠦᠨᠳᠦ ᠨᠣᠴᠢᠲᠠᠢ ᠪᠠᠶᠢᠵᠤ᠂ ᠰᠠᠯᠬᠢ | ᠰᠢᠭᠤᠷᠭ᠎ᠠ ᠳᠡᠭᠳᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ᠃ | ᠲᠠᠪᠢ ᠵᠢᠷᠠᠭᠠᠳ ᠣᠨ ᠠᠴᠠ ᠡᠬᠢᠯᠡᠨ᠂ ᠬᠡᠳᠦᠨ ᠦᠶ᠎ᠡ ᠶᠢᠨ ᠤᠢ ᠰᠢᠭᠤᠢ ᠶᠢᠨ ᠠᠵᠢᠯᠲᠠᠨ ᠴᠥᠬᠦᠷᠡᠰᠢ ᠦᠭᠡᠢ | ᠲᠡᠮᠡᠴᠡᠨ ᠨᠡᠶᠢᠳᠡ 3.9 ᠲᠦᠮᠡᠨ ᠮᠦ ᠮᠣᠳᠣ ᠳᠠᠷᠢᠵᠠᠢ᠃ 1978 ᠣᠨ ᠳᠤ᠂ ︽ᠤᠮᠠᠷᠠᠲᠤ ᠶᠢᠨ ᠭᠤᠷᠪᠠᠨ | ᠣᠷᠣᠨ︾ ᠤ ᠬᠠᠯᠬᠠᠪᠴᠢ ᠤᠢ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠬᠤᠶᠠᠳᠤᠭᠠᠷ | ᠬᠤᠭᠤᠴᠠᠭ᠎ᠠ᠂ ᠴᠢᠨᠠᠷ ᠮᠠᠭᠤ ᠦᠷ᠎ᠡ ᠠᠰᠢᠭ ᠳᠣᠣᠷ᠎ᠠ ᠤᠢ ᠶᠢ ᠥᠭᠡᠷᠡᠴᠢᠯᠡᠬᠦ ᠢᠨᠵᠧᠨᠧᠷᠢᠩ ᠢ ᠵᠠᠯᠭᠠᠭ᠎ᠠ ᠪᠠᠷ | ᠬᠡᠷᠡᠭᠵᠢᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠪᠠᠷ ᠳᠠᠮᠵᠢᠭᠤᠯᠤᠨ ᠰᠠᠯᠬᠢ ᠶᠢ ᠬᠠᠯᠬᠠᠯᠠᠨ ᠡᠯᠡᠰᠦ ᠶᠢ | ᠲᠣᠭᠲᠠᠪᠤᠷᠢᠵᠢᠭᠤᠯᠬᠤ᠂ ᠤᠰᠤᠨ ᠤ ᠡᠬᠢ ᠰᠤᠷᠪᠤᠯᠵᠢ ᠶᠢ ᠰᠠᠶᠢᠵᠢᠷᠠᠭᠤᠯᠬᠤ ᠦᠢᠯᠡᠳᠦᠯ ᠢ ᠪᠠᠳᠠᠷᠠᠭᠤᠯᠪᠠ᠃ ᠤᠳᠤ | ᠤᠢ ᠰᠢᠭᠤᠢ ᠶᠢᠨ ᠲᠠᠯᠠᠪᠠᠢ ᠶᠢᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ 65% ᠳᠤ ᠬᠦᠷᠴᠦ᠂ ᠨᠣᠮᠢᠨ | ᠨᠣᠭᠤᠭᠠᠨ ᠠᠮᠢ ᠠᠬᠤᠢ ᠶᠢᠨ ᠬᠠᠯᠬᠠᠪᠴᠢ ᠶᠢ ᠪᠠᠶᠢᠭᠤᠯᠤᠭᠰᠠᠨ ᠪᠠᠶᠢᠨ᠎ᠠ᠃ | ᠵᠣᠨ ᠤ ᠡᠬᠢ ᠪᠠᠷ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠤᠯᠠᠭᠠᠨᠲᠤᠭ ᠪᠠᠯᠭᠠᠰᠤᠨ ᠤ | ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠡᠪᠡᠰᠦ ᠮᠣᠳᠣ ᠬᠥᠬᠡᠷᠡᠨ ᠨᠣᠭᠤᠭᠠᠷᠠᠵᠤ᠂ | ᠵᠦᠢᠯ ᠤᠨ ᠰᠢᠪᠠᠭᠤᠳ ᠵᠢᠷᠭᠢᠨ ᠳᠣᠩᠭᠤᠳᠴᠤ᠂ ᠨᠠᠭᠤᠷ ᠤᠨ ᠤᠰᠤ ᠲᠣᠯᠢ ᠰᠢᠭ᠋ ᠮᠡᠯᠮᠡᠯᠵᠡᠨ ᠰᠡᠷᠢᠭᠦᠨ ᠰᠠᠯᠬᠢ | ᠦᠯᠢᠶᠡᠨ᠎ᠡ᠃ | 6 ᠰᠠᠷ᠎ᠠ ᠶᠢᠨ 6 ᠤ ᠦᠳᠡ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠯᠢᠨ ᠾᠧ ᠲᠣᠭᠤᠷᠢᠭ ᠤᠨ | ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠢᠷᠡᠵᠦ᠂ ︽ᠤᠮᠠᠷᠠᠲᠤ ᠶᠢᠨ ᠭᠤᠷᠪᠠᠨ | ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ | ᠣᠶᠢᠯᠠᠭᠠᠪᠠ᠃ 1978 ᠣᠨ ᠠᠴᠠ ᠡᠬᠢᠯᠡᠨ᠂ ᠲᠤᠰ ᠤᠢ ᠰᠢᠭᠤᠢ ᠶᠢᠨ ᠲᠠᠯᠠᠪᠠᠢ ᠨᠢ ᠲᠠᠷᠢᠶᠠᠨ ᠭᠠᠵᠠᠷ | ᠬᠤᠵᠢᠷᠰᠢᠭᠰᠠᠨ ᠠᠴᠠ ᠪᠣᠯᠤᠭᠰᠠᠨ ᠡᠯᠡᠰᠦᠷᠬᠡᠭᠵᠢᠯ ᠤᠨ ᠠᠰᠠᠭᠤᠳᠠᠯ ᠢ ᠶᠡᠭᠡ ᠪᠠᠷ ᠵᠠᠰᠠᠵᠤ᠂ ᠨᠡᠶᠢᠲᠡ 3.9 ᠲᠦᠮᠡᠨ | ᠮᠦ ᠮᠣᠳᠣ ᠳᠠᠷᠢᠵᠠᠢ᠃ ᠤᠢ ᠰᠢᠭᠤᠢ ᠶᠢᠨ ᠲᠠᠯᠠᠪᠠᠢ ᠳᠤ᠂ ᠰᠢ ᠶᠢᠨ ᠫᠢᠩ ᠥᠪᠥᠷ ᠮᠣᠩᠭᠤᠯ ᠤᠨ ︽ᠤᠮᠠᠷᠠᠲᠤ ᠶᠢᠨ | ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ | ᠤᠢ ᠰᠢᠭᠤᠢ ᠶᠢᠨ ᠲᠠᠯᠠᠪᠠᠢ ᠶᠢᠨ ᠡᠯᠡᠰᠦ ᠶᠢ ᠵᠠᠰᠠᠵᠤ ᠪᠤᠶᠢᠵᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠰᠠᠨ ᠪᠥᠭᠡᠳ ᠵᠠᠰᠠᠵᠤ ᠪᠠᠶᠢᠭ᠎ᠠ ᠡᠯᠡᠰᠦᠷᠬᠡᠭ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | | ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ ᠣᠶ ᠰᠢᠭᠤᠢ ᠶᠢᠨ ᠲᠠᠯᠠᠪᠠᠶ ᠶᠢᠨ ᠺᠠᠳ᠋ᠷ ᠠᠵᠢᠯᠲᠠᠨ ᠤ ᠡᠷᠴᠢ | ᠵᠣᠷᠢᠭ ᠢ ᠬᠥᠪᠴᠢᠯᠡᠵᠦ᠂ ᠶᠡᠷᠦᠩᠬᠡᠢ ᠱᠦᠵᠢ ᠶᠢᠨ ᠶᠠᠷᠢᠶ᠎ᠠ ᠨᠢ ᠣᠯᠠᠨ ᠢ ᠵᠣᠷᠢᠭᠵᠢᠭᠤᠯᠪᠠ᠃ ᠶᠡᠷᠦᠩᠬᠡᠢ ᠱᠦᠵᠢ ᠶᠢᠨ | ᠰᠢᠨᠵᠢᠯᠡᠨ ᠪᠠᠶᠢᠴᠠᠭᠠᠭᠰᠠᠨ ᠮᠥᠷ ᠢ ᠲᠠᠭᠠᠵᠤ ᠰᠤᠷᠪᠤᠯᠵᠢᠯᠠᠬᠴᠢ ᠤᠯᠤᠰ ᠤᠨ ᠡᠵᠡᠩᠨᠡᠯᠲᠡ ᠶᠢᠨ ᠰᠢᠨᠬᠤᠸᠠ ᠣᠶ | ᠰᠢᠭᠤᠢ ᠶᠢᠨ ᠲᠠᠯᠠᠪᠠᠶ ᠳᠤ ᠢᠷᠡᠵᠦ᠂ ᠠᠳᠡ ᠬᠥᠮᠥᠰ ᠤᠨ ᠰᠡᠳᠬᠢᠯ ᠢ ᠲᠤᠬᠳᠤᠯᠤᠭᠤᠯᠤᠬᠰᠠᠨ ᠴᠠᠭ ᠮᠥᠴᠡ ᠶᠢ | ᠳᠠᠬᠢᠨᠲᠠ ᠰᠤᠷᠪᠤᠯᠵᠢᠯᠠᠵᠤ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ ᠨᠠᠨᠳᠢᠨ ᠡᠷᠡᠮᠡᠯᠵᠡᠯ ᠤᠨ ᠳᠤᠮᠳᠠ | ᠢᠷᠡᠭᠡᠳᠦᠢ ᠶᠢᠨ ᠴᠢᠭᠯᠡᠯ ᠢᠶᠠᠨ ᠭᠤᠶᠢᠪᠢᠰᠢ ᠦᠭᠡᠢ ᠡᠷᠢᠯᠬᠢᠯᠡᠪᠡ᠃ | ︽ᠶᠡᠷᠦᠩᠬᠡᠢ ᠱᠦᠵᠢ ᠰᠢᠷᠬᠡᠭ ᠡᠪᠡᠰᠦ ᠰᠠᠭᠤᠷᠢ ᠮᠣᠳᠣᠨ ᠳᠤ ᠭᠦᠷᠳᠡᠯ᠎ᠡ ᠴᠥᠮ ᠪᠢᠯᠬᠠᠮ᠎ᠠ ᠬᠠᠶᠢᠷ᠎ᠠ | ᠰᠡᠳᠬᠢᠯᠭᠡ ᠲᠠᠢ ᠪᠠᠶᠢᠳᠠᠭ︾ | ︽ᠶᠡᠷᠦᠩᠬᠡᠢ ᠱᠦᠵᠢ ᠲᠡᠷᠭᠡ ᠠᠴᠠ ᠪᠠᠨ ᠪᠠᠭᠤᠮᠠᠭᠴᠠ᠂ ᠪᠢᠳᠠᠨ ᠠᠴᠠ ᠮᠣᠳᠣ ᠲᠠᠷᠢᠬᠤ ᠠᠷᠭ᠎ᠠ ᠭᠡᠯᠪᠡᠷᠢ ᠶᠢ | ᠠᠰᠠᠭᠤᠨ ᠯᠠᠪᠯᠠᠵᠤ᠂ ᠡᠳᠡᠭᠡᠷ ᠮᠣᠳᠣ ᠶᠢ ᠨᠦᠬᠡᠯᠡᠵᠦ ᠵᠠᠶᠢᠯᠠᠭᠰᠠᠨ ᠶᠤᠮ ᠤᠤ︖ ᠨᠢᠰᠬᠡᠯ ᠢᠶᠠᠷ ᠣᠶᠢᠵᠢᠭᠤᠯᠤᠭᠰᠠᠨ | ᠦᠦ︖ ᠭᠡᠵᠦ ᠠᠰᠠᠭᠤᠪᠠ᠃ ᠡᠨᠡ ᠨᠢ ᠶᠡᠷᠦᠩᠬᠡᠢ ᠱᠦᠵᠢ ᠠᠮᠢ ᠠᠬᠤᠢ ᠶᠢᠨ ᠬᠦᠷᠢᠶ᠎ᠡ ᠴᠠᠷᠠᠭ᠎ᠠ ᠶᠢ ᠮᠠᠰᠢ ᠰᠠᠶᠢᠨ | ᠣᠶᠢᠯᠠᠭᠠᠳᠠᠭ ᠭᠡᠵᠦ ᠨᠠᠳᠠ ᠳᠤ ᠰᠠᠨᠠᠭᠳᠠᠭᠰᠠᠨ︾ ᠭᠡᠵᠦ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠯᠢᠨ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠤᠤ ᠵᠢᠶᠦ᠋ᠨ ᠯᠢᠩ | ᠶᠡᠷᠦᠩᠬᠡᠢ ᠱᠦᠵᠢ ᠳᠤ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠪᠠᠶᠢᠳᠠᠯ ᠢ ᠨᠠᠷᠢᠨ | ᠲᠠᠨᠢᠯᠴᠠᠭᠤᠯᠵᠤ᠂ ᠶᠡᠷᠦᠩᠬᠡᠢ ᠱᠦᠵᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠢᠶᠠᠨ ᠡᠷᠭᠢᠴᠡᠭᠦᠯᠬᠦ ᠳᠡᠭᠡᠨ | ᠳᠣᠬᠳᠣᠯᠤᠬᠰᠠᠨ ᠰᠡᠳᠬᠢᠯᠭᠡ ᠪᠠᠨ ᠳᠠᠷᠤᠵᠤ ᠶᠠᠳᠠᠨ ᠶᠠᠷᠢᠯ᠎ᠠ᠃ | ᠥᠨᠥᠳᠥᠷ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠨᠣᠮᠢᠨ ᠳᠣᠯᠭᠢᠶ᠎ᠠ | ᠬᠠᠶᠠᠯᠠᠨ᠎ᠠ᠃ ᠭᠡᠪᠡᠴᠦ ᠬᠠᠭᠠᠰ ᠵᠠᠭᠤᠨ ᠤ ᠡᠮᠦᠨ᠎ᠡ ᠠᠳᠡᠬᠢ ᠨᠢ ᠡᠯᠦᠢ ᠬᠤᠯᠤᠢ᠂ ᠡᠵᠡᠭᠦᠢ ᠴᠦᠯ ᠬᠤᠵᠢᠷᠯᠢᠭ ᠠᠲᠠᠷ | ᠭᠠᠵᠠᠷ ᠪᠠᠶᠢᠵᠠᠢ᠃ ᠬᠠᠲᠠᠭᠤ ᠪᠡᠷᠬᠡ ᠣᠷᠴᠢᠨ ᠲᠣᠭᠤᠷᠢᠨ ᠳᠤ᠂ ᠠᠲᠡ ᠦᠨᠳᠦᠰᠦ ᠬᠠᠳᠬᠤᠨ ᠤᠷᠭᠤᠭᠰᠠᠨ ᠮᠣᠳᠣ | ᠪᠣᠯᠭᠠᠨ ᠳᠤ ᠴᠥᠮ ᠣᠯᠠᠨ ᠤ ᠬᠦᠴᠦ ᠬᠥᠯᠥᠰᠦ ᠰᠢᠩᠭᠡᠭᠰᠡᠨ ᠪᠠᠶᠢᠯ᠎ᠠ᠃ ︽ᠶᠡᠷᠦᠩᠬᠡᠢ ᠱᠦᠵᠢ ᠠᠳᠡᠬᠢ ᠳᠠᠷᠢᠭᠰᠠᠨ | ᠮᠣᠳᠣᠨ ᠤ ᠲᠦᠷᠦᠯ ᠪᠠ ᠲᠡᠳᠡᠭᠡᠷ ᠤᠨ ᠣᠨᠴᠠᠯᠢᠭ ᠢ ᠮᠠᠰᠢ ᠠᠩᠬᠠᠷᠴᠤ ᠪᠠᠶᠢᠯ᠎ᠠ︾ ᠭᠡᠵᠦ ᠵᠤᠤ ᠵᠢᠶᠦ᠋ᠨ ᠯᠢᠩ | ᠬᠡᠯᠡᠨ᠎ᠡ᠃ | ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠨᠢ ᠯᠢᠨ ᠾᠧ ᠲᠣᠭᠤᠷᠢᠭ ᠤᠨ ᠴᠣᠷ ᠤᠨ | ᠭᠠᠭᠴᠠ ᠣᠶ ᠰᠢᠭᠤᠢ ᠶᠢᠨ ᠲᠠᠯᠠᠪᠠᠶ ᠪᠣᠯᠤᠭᠰᠠᠨ ᠤ ᠬᠤᠪᠢ ᠳᠤ᠂ ᠰᠠᠯᠬᠢ ᠶᠢ ᠬᠠᠯᠬᠠᠯᠠᠵᠤ ᠡᠯᠡᠰᠦ ᠶᠢ | ᠲᠣᠭᠲᠠᠪᠤᠷᠢᠵᠢᠭᠤᠯᠬᠤ᠂ ᠤᠰᠤᠨ ᠤ ᠡᠬᠢ ᠰᠤᠷᠪᠤᠯᠵᠢ ᠶᠢ ᠰᠠᠶᠢᠵᠢᠷᠠᠭᠤᠯᠬᠤ ᠦᠢᠯᠡᠳᠦᠯ ᠭᠠᠷᠭᠠᠭᠰᠠᠨ ᠢᠶᠠᠷ ᠪᠠᠷᠠᠬᠤ | ᠦᠭᠡᠢ᠂ ᠡᠷᠭᠢᠨ ᠲᠣᠭᠤᠷᠢᠨ ᠤ ᠲᠠᠷᠢᠶᠠᠨ ᠭᠠᠵᠠᠷ ᠢ ᠬᠠᠮᠠᠭᠠᠯᠠᠵᠤ᠂ ᠮᠥᠨᠳᠥᠷ ᠪᠠ ᠡᠯᠡᠰᠦᠨ ᠰᠢᠭᠤᠷᠭ᠎ᠠ ᠵᠡᠷᠭᠡ | ᠪᠠᠶᠢᠭᠠᠯᠢ ᠶᠢᠨ ᠭᠠᠮᠰᠢᠭ ᠢ ᠪᠠᠭᠠᠰᠬᠠᠵᠤ᠂ ᠣᠶ ᠰᠢᠭᠤᠢ ᠶᠢᠨ ᠲᠠᠯᠠᠪᠠᠶ ᠶᠢᠨ ᠡᠷᠭᠢᠨ ᠲᠣᠭᠤᠷᠢᠨ ᠳᠤ ᠡᠶᠡᠷᠭᠦ ᠠᠭᠤᠷ | ᠠᠮᠢᠰᠬᠤᠯ ᠢ ᠪᠤᠶ ᠪᠣᠯᠭᠠᠵᠠᠢ᠃ | ᠣᠢ ᠰᠢᠭᠤᠢ ᠶᠢᠨ ᠲᠠᠯᠠᠪᠠᠢ ᠶᠢᠨ ᠭᠠᠵᠠᠷ ᠪᠣᠯᠭᠠᠨ ᠳᠤ ᠬᠠᠷᠠᠭᠳᠠᠬᠤ ᠬᠤᠯᠠᠨ ᠪᠤᠶᠠ ᠨᠢ ᠣᠷᠴᠢᠨ ᠲᠣᠭᠤᠷᠢᠨ ᠤ | ᠬᠤᠪᠢᠷᠠᠯᠲᠠ ᠶᠢ ᠭᠡᠷᠡᠴᠢᠯᠡᠨ᠎ᠡ᠃ ᠵᠤᠤ ᠵᠢᠶᠦ᠋ᠨ ᠯᠢᠩ ᠬᠤᠶᠠᠷ ᠪᠠᠭᠴᠠ ᠴᠠᠭᠠᠨ ᠴᠡᠴᠡᠭ ᠳᠡᠯᠭᠡᠷᠡᠭᠰᠡᠨ ᠤᠷᠭᠤᠮᠠᠯ ᠢ | ᠵᠢᠭᠠᠵᠤ᠂ ᠶᠡᠷᠦᠩᠬᠡᠢ ᠱᠦᠵᠢ ᠳᠤ᠄ ︽ᠥᠩᠭᠡᠷᠡᠭᠰᠡᠨ ᠳᠤ ᠠᠳᠡᠬᠢ ᠲᠠᠷᠢᠶᠠᠴᠢᠳ ᠲᠠᠷᠢᠶ᠎ᠠ ᠲᠠᠷᠢᠬᠤ ᠳᠠᠭᠠᠨ ᠬᠤᠯᠠᠨ | ᠪᠤᠶᠠ ᠤᠷᠭᠤᠭᠰᠠᠨ ᠭᠠᠵᠠᠷ ᠢ ᠰᠣᠩᠭᠤᠵᠤ ᠲᠠᠷᠢᠲᠠᠬ ᠪᠠᠶᠢᠵᠠᠢ᠂ ᠬᠤᠯᠠᠨ ᠪᠤᠶᠠ ᠤᠷᠭᠤᠭᠰᠠᠨ ᠭᠠᠵᠠᠷ ᠤᠨ ᠬᠥᠷᠥᠰᠥ | ᠰᠢᠷᠣᠢ ᠶᠢᠨ ᠨᠥᠬᠦᠴᠡᠯ ᠰᠠᠶᠢᠨ ᠪᠠᠶᠢᠳᠠᠭ︾ ᠭᠡᠵᠦ ᠲᠠᠨᠢᠯᠴᠠᠭᠤᠯᠤᠨ᠎ᠠ᠃ | ᠶᠡᠷᠦᠩᠬᠡᠢ ᠱᠦᠵᠢ᠂ ᠬᠥᠮᠥᠨ ᠲᠥᠷᠥᠯᠬᠢᠲᠡᠨ ᠨᠡᠩ ᠰᠠᠶᠢᠲᠤᠷ ᠣᠷᠣᠰᠢᠨ ᠲᠣᠭᠲᠠᠨᠢᠵᠤ ᠬᠥᠭᠵᠢᠬᠦ ᠭᠡᠪᠡᠯ | ᠡᠷᠬᠡᠪᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠡᠷᠡᠭᠲᠡᠢ᠃ ᠡᠨᠡ ᠪᠣᠯ ᠨᠢᠭᠡᠨ ᠴᠢᠯᠠᠭᠤ | ᠥᠩᠬᠦᠷᠢᠭᠦᠯᠦᠨ ᠠᠭᠤᠯᠠᠨ ᠳᠤ ᠭᠠᠷᠬᠤ ᠶᠠᠪᠤᠴᠠ ᠮᠥᠨ᠂ ᠪᠠᠭ᠎ᠠ ᠯᠠ ᠰᠤᠯᠠᠷᠠᠭᠰᠠᠭᠠᠷ ᠳᠠᠭᠢᠨ ᠳᠠᠪᠲᠠᠨ ᠬᠢᠬᠦ | ᠶᠠᠪᠤᠳᠠᠯ ᠭᠠᠷᠳᠠᠭ ᠭᠡᠵᠦ ᠴᠢᠩᠭᠠᠳᠬᠠᠪᠠ᠃ ᠵᠤᠤ ᠵᠢᠶᠦ᠋ᠨ ᠯᠢᠩ ᠪᠠᠰᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠠᠮ | ᠤᠷᠳᠤ ᠪᠠᠶᠢᠭᠰᠠᠭᠠᠷ ᠭᠡᠳᠡᠭ ᠢ ᠭᠦᠨᠵᠡᠭᠡᠢ ᠲᠠᠨᠢᠵᠤ ᠣᠯᠪᠠ᠃ ᠵᠤᠤ ᠵᠢᠶᠦ᠋ᠨ ᠯᠢᠩ᠄ ︽ᠬᠡᠷᠪᠡ ᠰᠠᠶᠢᠲᠤᠷ | ᠬᠠᠮᠠᠭᠠᠯᠠᠪᠠᠯ᠂ ᠡᠯᠡᠰᠦᠨ ᠴᠦᠯ ᠢ ᠨᠣᠭᠤᠭᠠᠨ ᠪᠦᠷᠢᠳᠦ ᠪᠤᠯᠭᠠᠵᠤ ᠪᠣᠯᠣᠨ᠎ᠠ᠂ ᠭᠡᠲᠡᠯ᠎ᠡ ᠰᠠᠶᠢᠲᠤᠷ ᠬᠠᠮᠠᠭᠠᠯᠠᠵᠤ | ᠳᠡᠶᠢᠯᠭᠦ ᠦᠭᠡᠢ ᠪᠣᠯ᠂ ᠨᠣᠭᠤᠭᠠᠨ ᠪᠦᠷᠢᠳᠦ ᠴᠦ ᠡᠯᠡᠰᠦᠨ ᠴᠦᠯ ᠪᠣᠯᠵᠤ ᠬᠤᠪᠢᠷᠠᠵᠤ ᠮᠡᠳᠡᠨ᠎ᠠ᠃ ᠪᠠᠶᠠᠨᠨᠠᠭᠤᠷ | ᠬᠤᠳᠠ ᠶᠢᠨ ᠠᠮᠢ ᠠᠬᠤᠢ ᠶᠢᠨ ᠡᠯᠧᠮᠧᠨ᠋ᠲ ᠪᠦᠷᠢᠨ ᠭᠦᠢᠴᠡᠳ᠂ ᠮᠠᠨ ᠤ ᠤᠯᠤᠰ ᠤᠨ ᠪᠠᠷᠠᠭᠤᠨ ᠬᠤᠶᠢᠲᠤ | ᠣᠷᠣᠨ ᠳᠠᠬᠢ ᠠᠮᠢ ᠠᠬᠤᠢ ᠶᠢᠨ ᠪᠠᠶᠢᠷᠢ ᠰᠠᠭᠤᠷᠢ ᠮᠠᠰᠢ ᠴᠢᠬᠤᠯᠠ᠂ ᠪᠢᠳᠡ ᠯᠠᠪᠲᠠᠢ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠡᠨᠡ ᠬᠦ ᠵᠠᠩᠭᠢᠯᠠᠭ᠎ᠠ ᠶᠢ ᠪᠠᠲᠤ ᠡᠵᠡᠮᠳᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ︾ ᠭᠡᠵᠦ ᠬᠡᠯᠡᠪᠡ᠃ | ︽ᠶᠡᠷᠦᠩᠬᠡᠢ ᠱᠦᠵᠢ ᠪᠢᠳᠡᠨ ᠢ ᠰᠡᠳᠬᠢᠯ ᠳᠡᠭᠡᠨ ᠪᠤᠳᠤᠵᠤ ᠪᠠᠶᠢᠨ᠎ᠠ︾ | ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠶᠢᠨ 3.9 ᠲᠦᠮᠡᠨ ᠮᠦ ᠬᠥᠮᠥᠨ ᠤ | ᠬᠦᠴᠦ ᠪᠠᠷ ᠣᠶᠢᠵᠢᠭᠤᠯᠤᠭᠰᠠᠨ ᠤᠢ ᠰᠢᠭᠤᠢ ᠨᠢ ᠭᠤᠷᠪᠠᠨ ᠦᠶ᠎ᠡ ᠶᠢᠨ ᠬᠥᠮᠥᠰ ᠤᠨ ᠲᠡᠮᠡᠴᠡᠯ ᠠᠴᠠ ᠢᠷᠡᠯᠲᠡ ᠲᠠᠢ | ᠶᠤᠮ᠃ ᠤᠢ ᠰᠢᠭᠤᠢ ᠶᠢᠨ ᠲᠠᠯᠠᠪᠠᠢ ᠶᠢᠨ ᠠᠵᠢᠯᠲᠠᠨ ᠠᠵᠢᠯᠴᠢᠨ ᠤ ᠠᠮᠢᠳᠤᠷᠠᠯ ᠤᠨ ᠬᠢᠷᠢ ᠲᠦᠪᠰᠢᠨ ᠴᠦ ᠶᠡᠷᠦᠩᠬᠡᠢ | ᠱᠦᠵᠢ ᠶᠢᠨ ᠰᠡᠳᠬᠢᠯ ᠠᠴᠠ ᠤᠶᠠᠭᠠᠲᠠᠢ ᠶᠠᠪᠤᠳᠠᠯ ᠪᠣᠯᠣᠨ᠎ᠠ᠃ ︽ᠶᠡᠷᠦᠩᠬᠡᠢ ᠱᠦᠵᠢ ᠪᠢᠳᠡᠨ ᠢ ᠰᠡᠳᠬᠢᠯ ᠳᠡᠭᠡᠨ | ᠪᠤᠳᠤᠵᠤ ᠪᠠᠶᠢᠨ᠎ᠠ᠂ ᠲᠡᠷᠡ ᠪᠠᠷ ᠪᠢᠳᠡᠨ ᠲᠠᠢ ᠭᠡᠷ ᠤᠨ ᠵᠣᠭᠤᠭ ᠳᠡᠯᠭᠡᠵᠦ ᠪᠠᠶᠢᠭ᠎ᠠ ᠮᠡᠲᠦ ᠤᠢ ᠰᠢᠭᠤᠢ ᠶᠢᠨ | ᠲᠠᠯᠠᠪᠠᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠤᠢ ᠰᠢᠭᠤᠢ ᠶᠢᠨ ᠲᠠᠯᠠᠪᠠᠢ ᠶᠢᠨ ᠠᠵᠢᠯᠲᠠᠨ | ᠠᠵᠢᠯᠴᠢᠨ ᠤ ᠬᠥᠯᠥᠰᠦ ᠣᠯᠭᠤᠮᠵᠢ ᠵᠡᠷᠭᠡ ᠠᠰᠠᠭᠤᠳᠠᠯ ᠢ ᠠᠰᠠᠭᠤᠵᠤ ᠭᠠᠷᠤᠯ᠎ᠠ︾ ᠭᠡᠵᠦ ᠤᠯᠤᠰ ᠤᠨ | ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠶᠢᠨ ᠳᠠᠷᠤᠭ᠎ᠠ ᠳ᠋ᠦ᠋ ᠸᠧᠨ ᠬᠤᠸᠠ ᠬᠠᠯᠠᠭᠤᠨ ᠳᠣᠲᠣᠨᠣ | ᠶᠠᠷᠢᠯᠴᠠᠭᠠᠨ ᠤ ᠪᠠᠨ ᠲᠤᠬᠠᠢ ᠡᠷᠭᠢᠴᠡᠭᠦᠯᠦᠨ ᠲᠠᠶᠢᠪᠤᠭᠤᠬᠠᠨ ᠶᠠᠷᠢᠨ᠎ᠠ᠃ | ᠬᠥᠮᠥᠨ ᠤ ᠬᠦᠴᠦ ᠪᠠᠷ ᠤᠰᠤ ᠲᠠᠲᠠᠵᠤ᠂ ᠬᠥᠮᠥᠨ ᠤ ᠬᠦᠴᠦ ᠪᠠᠷ ᠴᠢᠬᠢ ᠵᠥᠭᠡᠭᠡᠪᠦᠷᠢᠯᠡᠨ᠂ ᠥᠩᠭᠡᠷᠡᠭᠰᠡᠨ ᠳᠤ | ᠡᠯᠡᠰᠦᠨ ᠭᠦᠨ ᠳᠤ ᠮᠣᠳᠣ ᠲᠠᠷᠢᠬᠤ ᠳᠤ ᠵᠥᠪᠭᠡᠨ ᠬᠥᠮᠥᠨ ᠤ ᠬᠦᠴᠦᠨ ᠳᠤ ᠲᠦᠰᠢᠭᠯᠡᠵᠦ᠂ ᠠᠵᠢᠯᠲᠠᠨ ᠠᠵᠢᠯᠴᠢᠨ | ᠮᠣᠳᠣᠨ ᠴᠢᠬᠢ ᠪᠠᠨ ᠲᠡᠪᠡᠷᠢᠭᠡᠳ ᠡᠯᠡᠰᠦᠨ ᠳᠤ ᠬᠡᠳᠦᠨ ᠺᠢᠯᠣᠮᠧᠳ᠋ᠷ ᠠᠯᠬᠤᠨ᠎ᠠ᠃ ᠳ᠋ᠦ᠋ ᠸᠧᠨ ᠬᠤᠸᠠ᠄ ︽ᠲᠡᠷᠡ | ᠦᠶ᠎ᠡ ᠳᠤ ᠮᠣᠳᠣᠨ ᠴᠢᠬᠢᠨ ᠤ ᠡᠳᠡᠭᠡᠷᠡᠯᠲᠡ ᠶᠢᠨ ᠨᠣᠷᠮ᠎ᠠ ᠳᠣᠣᠷ᠎ᠠ ᠪᠠᠶᠢᠭᠰᠠᠨ ᠪᠣᠯᠬᠤᠷ ᠪᠠᠰᠠ ᠰᠡᠵᠢᠭᠯᠡᠭᠳᠡᠵᠦ | ᠥᠩᠭᠡᠷᠡᠭᠰᠡᠨ ᠶᠤᠮ᠃ ᠭᠡᠪᠡᠴᠦ ᠨᠢᠭᠡ ᠮᠣᠳᠣ ᠠᠮᠢᠳᠤ ᠪᠠᠶᠢᠳᠠᠭ ᠯᠠ ᠶᠤᠮ ᠪᠣᠯ ᠮᠠᠨ ᠤ ᠴᠢᠭᠯᠡᠯ ᠪᠠ ᠠᠷᠭ᠎ᠠ ᠵᠥᠪ | ᠪᠤᠯᠬᠤ ᠶᠢ ᠭᠡᠷᠡᠴᠢᠯᠡᠨ᠎ᠡ︾ ᠭᠡᠵᠦ ᠶᠠᠷᠢᠨ᠎ᠠ᠃ ᠣᠳᠣᠬᠠᠨ ᠳᠤ᠂ ᠣᠶ ᠰᠢᠭᠤᠢ ᠶᠢᠨ ᠲᠠᠯᠠᠪᠠᠶ ᠶᠢᠨ 80 ᠭᠠᠷᠤᠢ | ᠵᠦᠢᠯ ᠤᠨ ᠬᠡᠭᠡᠷ᠎ᠡ ᠶᠢᠨ ᠠᠮᠢᠲᠠᠨ ᠪᠠ 30 ᠭᠠᠷᠤᠢ ᠵᠦᠢᠯ ᠤᠨ ᠤᠷᠭᠤᠮᠠᠯ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠵᠤ᠂ ᠬᠠᠶᠢᠯᠠᠷ ᠨᠠᠷᠠᠰᠤ᠂ ᠭᠠᠴᠤᠷ᠎ᠠ ᠵᠡᠷᠭᠡ ᠥᠩᠭᠡᠷᠡᠭᠰᠡᠨ ᠳᠤ ᠣᠷᠣᠰᠢᠨ ᠠᠮᠢᠳᠤᠷᠠᠬᠤ ᠳᠤ ᠬᠦᠴᠢᠷᠲᠡᠢ | ᠪᠠᠶᠢᠭᠰᠠᠨ ᠮᠣᠳᠣᠨ ᠤ ᠲᠥᠷᠥᠯ ᠴᠦ ᠢᠳᠡᠯᠢᠭ ᠤᠷᠭᠤᠵᠤ ᠪᠠᠶᠢᠨ᠎ᠠ᠃ | ᠰᠠᠶᠢᠨ ᠰᠠᠶᠢᠬᠠᠨ ᠠᠮᠢ ᠠᠬᠤᠢ ᠶᠢᠨ ᠲᠤᠰ ᠪᠡᠶ᠎ᠡ ᠳᠤ ᠠᠵᠤ ᠠᠬᠤᠢ ᠨᠡᠶᠢᠭᠡᠮ ᠤᠨ ᠦᠷᠳᠡᠭ ᠠᠭᠤᠯᠤᠭᠳᠠᠵᠤ | ᠪᠠᠶᠢᠳᠠᠭ᠃ ᠲᠥᠰᠥᠭᠡᠯᠡᠨ ᠪᠤᠳᠣᠬᠰᠠᠨ ᠢᠶᠠᠷ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠨᠢ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠷᠥᠰᠥ ᠰᠢᠷᠣᠢ ᠶᠢ ᠰᠠᠶᠢᠵᠢᠷᠠᠭᠤᠯᠵᠤ᠂ ᠲᠠᠷᠢᠮᠠᠯ ᠤᠨ ᠵᠦᠢᠯ ᠤᠨ | ᠤᠨᠠᠯᠲᠠ ᠶᠢ 15% ᠣᠷᠴᠢᠮ ᠨᠡᠮᠡᠭᠳᠡᠭᠦᠯᠵᠦ᠂ ᠮᠦ ᠪᠦᠷᠢ ᠶᠢᠨ ᠳᠤᠮᠳᠠᠴᠢ ᠣᠷᠣᠯᠭ᠎ᠠ ᠶᠢ 200 ᠲᠥᠭᠦᠷᠢᠭ | ᠣᠷᠴᠢᠮ ᠨᠡᠮᠡᠭᠳᠡᠭᠦᠯᠵᠦ᠂ ᠲᠠᠷᠢᠶᠠᠴᠢᠳ ᠤᠨ ᠬᠥᠮᠥᠨ ᠳᠤᠮᠳᠠᠴᠢ ᠣᠷᠣᠯᠭ᠎ᠠ ᠶᠢ 1500 ᠲᠥᠭᠦᠷᠢᠭ ᠣᠷᠴᠢᠮ | ᠨᠡᠮᠡᠭᠳᠡᠭᠦᠯᠪᠡ᠃ ᠣᠢ ᠰᠢᠭᠤᠢ ᠶᠢᠨ ᠲᠠᠯᠠᠪᠠᠢ ᠪᠠᠰᠠ ᠠᠮᠢ ᠠᠬᠤᠢ ᠶᠢᠨ ᠦᠷ᠎ᠡ ᠠᠰᠢᠭ ᠢ ᠠᠳᠬᠤᠵᠤ᠂ ᠣᠯᠠᠨ | ᠶᠠᠩᠵᠤ ᠶᠢᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ ᠡᠬᠢᠯᠡᠪᠡ᠃ | ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠤᠢ ᠰᠢᠭᠤᠢ ᠶᠢᠨ ᠠᠵᠢᠯᠲᠠᠨ ᠠᠵᠢᠯᠴᠢᠨ ᠤ ᠣᠷᠣᠯᠭ᠎ᠠ ᠵᠢᠯ | ᠳᠠᠷᠠᠭᠠᠯᠠᠨ ᠨᠡᠮᠡᠭᠳᠡᠵᠦ ᠪᠠᠶᠢᠨ᠎ᠠ᠂ ᠳ᠋ᠦ᠋ ᠸᠧᠨ ᠬᠤᠸᠠ ᠡᠳᠡᠭᠡᠷ ᠪᠠᠶᠢᠳᠠᠯ ᠢ ᠨᠢᠭᠡᠳ ᠨᠢᠭᠡ ᠪᠠᠷ ᠶᠡᠷᠦᠩᠬᠡᠢ ᠱᠦᠵᠢ ᠳᠤ | ᠬᠠᠷᠢᠭᠤ ᠮᠡᠳᠡᠭᠦᠯᠵᠦ᠂ ᠶᠡᠷᠦᠩᠬᠡᠢ ᠱᠦᠵᠢ ᠰᠠᠨᠠᠭ᠎ᠠ ᠠᠮᠤᠷ ᠪᠠᠶᠢᠵᠤ᠂ ᠣᠯᠠᠨ ᠤ ᠠᠮᠢᠳᠤᠷᠠᠯ ᠤᠯᠠᠮ ᠠᠴᠠ ᠤᠯᠠᠮ | ᠰᠠᠶᠢᠵᠢᠷᠠᠬᠤ ᠶᠢ ᠬᠦᠰᠡᠪᠡ︕ | ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠬᠦᠴᠢᠷ ᠪᠡᠷᠬᠡᠰᠢᠶᠡᠯ ᠠᠴᠠ | ᠦᠯᠦ ᠬᠠᠯᠠᠰᠢᠷᠠᠵᠤ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠬᠤ ᠬᠡᠷᠡᠭᠲᠡᠢ | 40 ᠭᠠᠷᠤᠢ ᠵᠢᠯ ᠳᠤ᠂ ᠳᠤᠮᠳᠠᠳᠤ ᠤᠯᠤᠰ ᠳᠡᠯᠡᠬᠡᠢ ᠳ᠋ᠠᠬᠢᠨ ᠢ ᠳᠣᠩᠰᠣᠯᠭᠠᠮ᠎ᠠ ᠨᠣᠮᠢᠨ ᠨᠣᠭᠤᠭᠠᠨ ᠤᠷᠳᠤ ᠴᠠᠭᠠᠨ | ᠬᠡᠷᠡᠮ ᠢ ᠴᠣᠭᠴᠠᠯᠠᠪᠠ᠃ | 1978 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠷᠠᠭᠤᠨ ᠬᠤᠶᠢᠲᠤ | ᠣᠷᠣᠨ᠂ ᠤᠮᠠᠷᠠᠲᠤ ᠣᠷᠣᠨ ᠤ ᠬᠤᠶᠢᠲᠤ ᠬᠡᠰᠡᠭ᠂ ᠵᠡᠭᠦᠨ ᠬᠤᠶᠢᠲᠤ ᠣᠷᠣᠨ ᠤ ᠪᠠᠷᠠᠭᠤᠨ ᠬᠡᠰᠡᠭ ᠤᠨ ᠰᠠᠯᠬᠢ | ᠡᠯᠡᠰᠦᠨ ᠤ ᠬᠥᠨᠥᠭᠡᠯ᠂ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠭᠠᠵᠠᠷ ᠣᠷᠣᠨ ᠳᠤ ︽ᠤᠮᠠᠷᠠᠲᠤ ᠶᠢᠨ | ᠭᠤᠷᠪᠠᠨ ᠣᠷᠣᠨ︾ ᠤ ᠬᠠᠯᠬᠠᠪᠴᠢ ᠣᠶ ᠶᠢᠨ ᠢᠨᠵᠧᠨᠧᠷᠢᠩ ᠢ ᠪᠠᠶᠢᠭᠤᠯᠬᠤ ᠪᠠᠷ ᠲᠣᠭᠲᠠᠵᠤ᠂ ᠬᠥᠮᠥᠨ | ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠶᠡᠭᠡ ᠬᠥᠮᠥᠨ ᠤ ᠬᠦᠴᠦᠨ ᠤ ᠠᠮᠢ ᠠᠬᠤᠢ ᠶᠢᠨ ᠣᠶ | ᠰᠢᠭᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠡᠬᠢᠯᠡᠭᠰᠡᠨ ᠪᠠᠶᠢᠨ᠎ᠠ᠃ ᠡᠳᠦᠷ ᠰᠥᠨᠢ ᠶᠢᠨ ᠰᠣᠯᠢᠭᠳᠠᠯ᠂ | ᠳᠦᠷᠪᠡᠨ ᠤᠯᠠᠷᠢᠯ ᠤᠨ ᠡᠷᠭᠢᠯᠲᠡ ᠳᠤ᠂ ᠤᠮᠠᠷᠠᠲᠤ ᠶᠢᠨ ᠭᠤᠷᠪᠠᠨ ᠣᠷᠣᠨ ᠤ ᠬᠥᠮᠥᠰ ᠡᠯᠡᠰᠦ ᠲᠠᠢ ᠲᠡᠮᠡᠴᠡᠬᠦ ᠪᠠᠨ | ᠶᠡᠷᠦ ᠠᠴᠠ ᠵᠣᠭᠰᠣᠭᠰᠠᠨ ᠦᠭᠡᠢ᠃ ᠬᠡᠳᠦᠨ ᠦᠶ᠎ᠡ ᠶᠢᠨ ᠬᠥᠮᠥᠰ᠂ ᠲᠦᠭ ᠲᠦᠮᠡᠨ ᠠᠷᠠᠳ ᠤᠯᠠᠨ ᠤ ᠬᠠᠯᠠᠰᠢᠷᠠᠯ | ᠦᠭᠡᠢ ᠲᠡᠮᠡᠴᠡᠯ ᠢᠶᠠᠷ ᠳᠡᠮᠵᠢᠨ᠂ ᠰᠠᠯᠬᠢ ᠡᠯᠡᠰᠦ ᠶᠢ ᠬᠠᠮᠲᠤ ᠪᠠᠷ ᠰᠡᠷᠭᠡᠶᠢᠯᠡᠨ ᠬᠤᠷᠢᠭᠯᠠᠬᠤ᠂ ᠬᠥᠷᠥᠰᠥ ᠰᠢᠷᠣᠢ ᠶᠢ | ᠬᠠᠮᠠᠭᠠᠯᠠᠬᠤ᠂ ᠲᠠᠷᠢᠶᠠᠯᠠᠩ ᠢ ᠬᠠᠮᠠᠭᠠᠯᠠᠨ ᠮᠠᠯ ᠠᠵᠤ ᠠᠬᠤᠢ ᠶᠢ ᠬᠥᠭᠵᠢᠭᠦᠯᠬᠦ ᠨᠣᠮᠢᠨ ᠨᠣᠭᠤᠭᠠᠨ ᠬᠠᠯᠬᠠᠪᠴᠢ ᠡᠬᠡ | ᠤᠯᠤᠰ ᠤᠨ ᠤᠮᠠᠷᠠᠲᠤ ᠬᠢᠯᠢ ᠳᠤ ᠰᠡᠬᠦ᠋ᠢᠨ ᠰᠦᠨᠳᠡᠷᠯᠡᠪᠡ᠃ | ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠳᠠᠭᠠᠨ᠂ | ᠶᠡᠷᠦᠩᠬᠡᠢ ᠱᠦᠵᠢ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠬᠡᠷᠡᠭᠵᠢᠭᠦᠯᠬᠦ | ᠬᠡᠪᠴᠢᠶᠡᠨ ᠤ ᠲᠠᠷᠬᠠᠯᠲᠠ ᠶᠢᠨ ᠵᠢᠷᠤᠭ ᠤᠨ ᠡᠮᠦᠨ᠎ᠡ ᠵᠤᠬᠰᠤᠬᠤ ᠳᠤ᠂ ᠥᠪᠡᠷᠲᠡᠭᠡᠨ ᠵᠠᠰᠠᠬᠤ ᠣᠷᠣᠨ ᠤ ᠤᠢ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠸᠠᠩ ᠵᠤᠤ ᠱᠧᠩ ᠶᠡᠷᠦᠩᠬᠡᠢ ᠱᠦᠵᠢ ᠳᠤ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ | ᠣᠷᠣᠨ︾ ᠤ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ︽ᠪᠢᠳᠡ ︿ | ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠢ ᠬᠡᠷᠡᠭᠵᠢᠭᠦᠯᠬᠦ ᠬᠡᠪᠴᠢᠶᠡᠨ ᠤ ᠲᠠᠷᠬᠠᠯᠲᠠ ᠶᠢᠨ ᠵᠢᠷᠤᠭ ᠤᠨ | ᠡᠮᠦᠨ᠎ᠡ ᠬᠦᠷᠬᠦ ᠳᠤ᠂ ᠶᠡᠷᠦᠩᠬᠡᠢ ᠱᠦᠵᠢ ᠶᠡᠭᠡ ᠬᠢᠩᠭᠠᠨ ᠳᠠᠪᠠᠭ᠎ᠠ ᠶᠢ ᠬᠠᠷᠠᠵᠤ᠂ ᠨᠠᠳᠠ ᠠᠴᠠ ᠶᠡᠭᠡ ᠬᠢᠩᠭᠠᠨ | ᠳᠠᠪᠠᠭ᠎ᠠ ᠤᠳᠤ ᠶᠠᠮᠠᠷ ᠵᠡᠷᠭᠡ ᠪᠠᠶᠢᠨ᠎ᠠ ᠪᠤᠢ ᠭᠡᠵᠦ ᠠᠰᠠᠭᠤᠪᠠ︖ ᠪᠢ ᠶᠡᠷᠦᠩᠬᠡᠢ ᠱᠦᠵᠢ ᠳᠤ᠂ ᠶᠡᠭᠡ ᠬᠢᠩᠭᠠᠨ | ᠳᠠᠪᠠᠭ᠎ᠠ ᠤᠳᠤ ᠨᠢᠭᠡᠨᠲᠡ ᠮᠣᠳᠣ ᠣᠭᠲᠣᠯᠬᠤ ᠪᠠᠨ ᠵᠣᠭᠰᠣᠵᠤ᠂ ᠪᠠᠶᠢᠭᠠᠯᠢ ᠪᠠ ᠤᠢ ᠰᠢᠭᠤᠢ ᠮᠠᠰᠢ ᠰᠠᠶᠢᠨ | ᠰᠡᠷᠭᠦᠵᠦ ᠪᠠᠶᠢᠨ᠎ᠠ ᠭᠡᠵᠦ ᠬᠠᠷᠢᠭᠤᠯᠪᠠ︾ ᠭᠡᠵᠦ ᠸᠠᠩ ᠵᠤᠤ ᠱᠧᠩ ᠶᠠᠷᠢᠯ᠎ᠠ᠃ | ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ︽ᠤᠮᠠᠷᠠᠲᠤ ᠶᠢᠨ ᠭᠤᠷᠪᠠᠨ ᠣᠷᠣᠨ︾ | ᠢ ᠰᠤᠨᠳᠠᠯᠠᠨ᠂ ᠠᠮᠢ ᠠᠬᠤᠢ ᠣᠷᠴᠢᠨ ᠲᠣᠭᠤᠷᠢᠨ ᠬᠡᠪᠡᠷᠡᠭ ᠪᠠᠶᠢᠳᠠᠭ᠃ ︽ᠡᠬᠡ ᠤᠯᠤᠰ ᠤᠨ ᠤᠮᠠᠷᠠᠲᠤ ᠶᠢᠨ | ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ︾᠂ ︽ | ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ︾᠂ ︽ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠶ᠎ᠡ ᠶᠢᠨ | ᠦᠶ᠎ᠡ ᠳᠡᠭᠡᠨ ᠴᠢᠷᠮᠠᠶᠢᠨ ᠠᠵᠢᠯᠯᠠᠬᠤ ᠬᠡᠷᠡᠭᠲᠡᠢ︾ ᠁ ᠶᠡᠷᠦᠩᠬᠡᠢ ᠱᠦᠵᠢ ᠢᠮᠠᠭᠲᠠ ᠥᠪᠥᠷ ᠮᠣᠩᠭᠤᠯ ᠤᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠬᠦᠨᠳᠦ ᠨᠠᠶᠢᠳᠠᠯᠭ᠎ᠠ ᠲᠠᠯᠪᠢᠭᠰᠠᠭᠠᠷ | ᠢᠷᠡᠵᠡᠶ᠃ | ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ | ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠪᠦᠭᠦ ᠲᠠᠯ᠎ᠠ ᠪᠠᠷ ᠬᠡᠷᠡᠭᠵᠢᠭᠦᠯᠵᠦ᠂ | ᠴᠥᠯᠯᠡᠷᠭᠡᠭᠵᠢᠭᠰᠡᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠠᠬᠢᠴᠠ ᠶᠢ ᠦᠷᠭᠦᠯᠵᠢᠯᠡᠨ ᠠᠭᠢᠭᠤᠯᠪᠠ︔ | ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠢ 18 ᠪᠠᠶᠢᠭᠤᠯᠵᠤ᠂ ︽ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ | ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠵᠦ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ | ᠪᠠᠷᠢᠮᠲᠠᠯᠠᠪᠠ︔ | ᠮᠡᠷᠭᠡᠵᠢᠯ ᠤᠨ ᠳᠦᠷᠢᠮ ᠳᠤ ᠵᠠᠰᠠᠪᠤᠷᠢ ᠣᠷᠣᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠦᠨ ᠵᠢᠱᠢᠶ᠎ᠡ ᠦᠵᠡᠭᠦᠯᠭᠦ ᠶᠡᠭᠡ ᠬᠡᠮᠵᠢᠶᠡᠨ ᠤ ᠲᠥᠷᠥᠯ | ᠵᠦᠢᠯ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠪᠡ︔ | ᠠᠵᠤ ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠶ ᠰᠢᠭᠤᠢ | ᠡᠯᠡᠰᠦᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠂ ᠣᠶ ᠰᠢᠭᠤᠢ ᠡᠯᠡᠰᠦᠨ ᠤ ᠠᠵᠤ ᠦᠢᠯᠡᠰ ᠤᠨ | ᠬᠡᠪᠴᠢᠶᠡᠵᠢᠭᠰᠡᠨ᠂ ᠡᠷᠴᠢᠮᠵᠢᠭᠰᠡᠨ᠂ ᠰᠢᠯᠢᠳᠡᠭᠵᠢᠭᠰᠡᠨ ᠴᠢᠭᠯᠡᠯ ᠢᠶᠠᠷ ᠬᠥᠭᠵᠢᠬᠦ ᠶᠢ ᠳᠠᠶᠢᠴᠢᠯᠠᠪᠠ ᠁ | ᠥᠪᠥᠷ ᠮᠣᠩᠭᠤᠯ ᠶᠠᠭ ᠦᠢᠯᠡᠳᠦᠯᠭᠡ ᠶᠢᠨ ᠳᠤᠮᠳᠠ ᠡᠯᠡᠰᠦ ᠶᠢ ᠨᠣᠮᠣᠬᠠᠳᠬᠠᠬᠤ ᠶᠢ ᠰᠦᠪᠡᠭᠴᠢᠯᠡᠵᠦ᠂ | ᠨᠣᠭᠤᠭᠠᠷᠠᠭᠤᠯᠤᠯᠲᠠ ᠶᠢ ᠪᠡᠶᠡᠯᠡᠭᠦᠯᠵᠦ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠥᠪᠥᠷ ᠮᠣᠩᠭᠤᠯ 1.22 ᠳ᠋ᠦᠩᠰᠢᠭᠤᠷ ᠮᠦ ᠣᠶᠢᠵᠢᠭᠤᠯᠵᠤ᠂ 2.86 ᠳ᠋ᠦᠩᠰᠢᠭᠤᠷ ᠮᠦ ᠡᠪᠡᠰᠦ ᠳᠠᠷᠢᠵᠤ᠂ ᠵᠢᠯ | ᠳᠤᠮᠳᠠᠴᠢ ᠪᠠᠷ 1200 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ | ᠬᠡᠪᠴᠢᠶ᠎ᠡ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠪᠠ᠃ ᠪᠦᠭᠦ ᠣᠷᠣᠨ ᠤ ᠠᠮᠢ ᠠᠬᠤᠢ ᠣᠷᠴᠢᠨ | ᠲᠣᠭᠤᠷᠢᠨ ︽ᠪᠦᠬᠦᠯᠢ ᠴᠣᠭᠴᠠ ᠪᠠᠷ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ ᠴᠢᠬᠤᠯᠠ ᠶᠡᠭᠡ | ᠬᠤᠪᠢᠷᠠᠯᠲᠠ ᠶᠢ ᠪᠡᠶᠡᠯᠡᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ | ᠲᠠᠯᠠᠪᠠᠶ ᠦᠷᠭᠦᠯᠵᠢᠯᠡᠨ ᠪᠠᠭᠠᠰᠪᠠ᠃ | ︽ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ ᠬᠥᠮᠥᠰ ᠢ ᠵᠣᠷᠢᠭᠵᠢᠭᠤᠯᠤᠭᠰᠠᠨ ᠪᠥᠭᠡᠳ ᠮᠠᠨ ᠤ | ᠢᠷᠡᠭᠡᠳᠦᠢ ᠶᠢᠨ ᠠᠵᠢᠯ ᠳᠤ ᠬᠢᠵᠠᠭᠠᠯᠠᠰᠢ ᠦᠭᠡᠢ ᠬᠥᠳᠡᠯᠭᠡᠬᠦ ᠬᠦᠴᠦᠨ ᠢ ᠠᠪᠴᠢᠷᠠᠵᠤ ᠥᠭᠴᠡᠢ︾ ᠭᠡᠵᠦ ᠸᠠᠩ ᠵᠤᠤ | ᠱᠧᠩ ᠡᠷᠡᠰ ᠪᠠᠲᠤ ᠬᠡᠯᠡᠪᠡ᠃ 2021 ᠣᠨ ᠠᠴᠠ 2030 ᠣᠨ ᠪᠣᠯ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ᠂ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ | ᠬᠤᠭᠤᠴᠠᠭ᠎ᠠ ᠪᠣᠯᠣᠨ᠎ᠠ᠃ ᠸᠠᠩ ᠵᠣᠣ ᠱᠧᠩ᠄ ︽ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠠᠵᠢᠯ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ | ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ | ᠪᠤᠶ ᠪᠤᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠨ᠎ᠡ︾ ᠭᠡᠵᠦ ᠢᠯᠡᠳᠬᠡᠪᠡ᠃ | ᠬᠥᠬᠡᠮᠳᠦᠭ ᠨᠣᠭᠤᠭᠠᠨ ᠢ ᠬᠥᠭᠡᠭᠡᠴᠡᠯᠳᠦᠵᠦ᠂ ᠬᠦᠰᠡᠯ ᠵᠡᠭᠦᠳᠦ ᠪᠠᠨ ᠲᠡᠷᠭᠡᠯᠰᠢᠭᠦᠯᠦᠨᠡᠮ᠃ ᠶᠡᠷᠦᠩᠬᠡᠢ | ᠱᠦᠵᠢ ᠶᠢᠨ ᠪᠣᠳᠣᠯᠬᠢᠯᠠᠯ ᠪᠣᠯ ᠵᠢᠷᠤᠭᠯᠠᠨ ᠪᠢᠴᠢᠭᠰᠡᠨ ᠠᠤᠭ᠎ᠠ ᠶᠡᠭᠡ ᠠᠷᠭ᠎ᠠ ᠪᠣᠳᠣᠯᠭ᠎ᠠ ᠪᠣᠯᠣᠨ᠎ᠠ︔ ᠶᠡᠷᠦᠩᠬᠡᠢ | ᠱᠦᠵᠢ ᠶᠢᠨ ᠬᠠᠯᠠᠮᠵᠢᠯᠠᠯ ᠪᠣᠯ ᠲᠣᠮᠣ ᠤᠯᠤᠰ ᠤᠨ ᠤᠳᠤᠷᠢᠳᠤᠭᠴᠢ ᠶᠢᠨ ᠠᠷᠠᠳ ᠤᠨ ᠲᠥᠯᠥᠭᠡ ᠵᠢᠳᠬᠦᠬᠦ | ᠰᠡᠳᠬᠢᠯᠭᠡ ᠮᠥᠨ᠃ ᠤᠮᠠᠷᠠᠲᠤ ᠬᠢᠯᠢ ᠶᠢᠨ ᠬᠥᠪᠡᠭᠦᠳ ᠥᠬᠢᠳ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ | ᠤᠷᠤᠭᠰᠢᠯᠠᠵᠤ᠂ ᠡᠬᠡ ᠤᠯᠤᠰ ᠤᠨ ᠤᠮᠠᠷᠠᠲᠤ ᠬᠢᠯᠢ ᠳᠤ ᠰᠡᠬᠦ᠋ᠢᠨ ᠰᠦᠨᠳᠡᠷᠯᠡᠭᠰᠡᠨ ᠡᠨᠡ ᠬᠦ ᠲᠦᠮᠡᠨ ᠭᠠᠵᠠᠷ ᠤᠨ | ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠨᠡᠩ ᠪᠠᠲᠤ ᠪᠠᠬᠢ ᠪᠣᠯᠭᠠᠨ᠎ᠠ᠃ | | | | |