ᠰᠦᠨ ᠱᠤᠤ ᠴᠧᠩ ᠬᠤᠷᠠᠯ ᠢ ᠡᠷᠬᠢᠯᠡᠪᠡ | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠢᠨ 9 ᠳ᠋ᠤᠬᠡᠷ ᠰᠠᠷ᠎ᠠ ᠶᠢᠨ 10 ᠤ ᠡᠳᠦᠷ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃ | ᠬᠤᠷᠠᠯ ᠠᠴᠠ ᠵᠢᠭᠠᠬᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠮᠠᠰᠢ ᠴᠢᠩᠭ᠎ᠠ | ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ | ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠨᠡᠩ ᠥᠨᠳᠥᠷ ᠵᠣᠭᠰᠣᠴᠠ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ | ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠥᠪᠥᠷ | ᠮᠣᠩᠭᠤᠯ ᠳᠤ ᠠᠳᠠᠯᠢᠬᠠᠨ ᠢᠶᠠᠷ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠵᠡᠭᠦᠨ | ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠡᠷᠲᠡᠭᠡᠨ ᠵᠠᠰᠠᠬᠤ ᠣᠷᠣᠨ ᠳᠤ ᠵᠢᠭᠠᠭᠰᠠᠨ ᠴᠢᠭᠯᠡᠯ ᠶᠣᠰᠣᠭᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ | ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ | ᠰᠠᠶᠢᠲᠤᠷ ᠪᠡᠶᠡᠯᠡᠭᠦᠯᠵᠦ᠂ ᠰᠢᠨ᠎ᠡ ᠵᠠᠮ ᠢᠶᠠᠷ ᠬᠦᠴᠦᠯᠡᠨ ᠤᠷᠤᠭᠰᠢᠯᠠᠵᠤ᠂ ᠳᠤᠮᠳᠠ ᠲᠦᠪᠰᠢᠨ ᠳᠤ ᠤᠷᠤᠬᠤ ᠪᠠᠷ | ᠤᠷᠤᠭᠰᠢᠯᠠᠵᠤ᠂ ᠭᠠᠵᠠᠷ ᠣᠷᠣᠨ ᠤ ᠠᠵᠤ ᠠᠬᠤᠢ ᠶᠢᠨ ᠴᠢᠨᠠᠷᠯᠢᠭ ᠬᠦᠭᠵᠢᠬᠦᠯᠤᠯᠳᠡ ᠪᠠᠷ ᠪᠦᠬᠦ ᠤᠯᠤᠰ ᠤᠨ | ᠬᠦᠭᠵᠢᠬᠦᠯᠤᠯᠳᠡ ᠶᠢᠨ ᠶᠡᠭᠡ ᠲᠠᠯ᠎ᠠ ᠳᠤ ᠨᠡᠩ ᠰᠠᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠡᠭᠵᠢᠭᠦᠯᠬᠦ ᠲᠥᠰᠥᠯ ᠪᠣᠯᠭᠠᠨ | ᠨᠠᠷᠢᠯᠢᠭᠵᠢᠭᠤᠯᠵᠤ᠂ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠪᠦᠲᠦᠮᠵᠢᠲᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠲᠡᠬᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠰᠢᠯᠢᠳᠡᠭ ᠪᠠᠭᠰᠢ ᠶᠢᠨ | ᠲᠦᠯᠤᠬᠡᠯᠡᠭᠴᠢᠳ ᠲᠤ ᠥᠭᠭᠦᠭᠰᠡᠨ ᠵᠠᠬᠢᠳᠠᠯ ᠪᠣᠯᠣᠨ ᠯᠢ ᠴᠢᠶᠠᠩ ᠨᠥᠬᠦᠷ ᠤᠨ ᠴᠣᠬᠤᠯᠠᠪᠤᠷᠢ᠂ ᠪᠦᠬᠦ ᠤᠯᠤᠰ ᠤᠨ | ᠰᠢᠯᠢᠳᠡᠭ ᠪᠠᠭᠰᠢ ᠶᠢᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠬᠰᠠᠨ ᠪᠦᠬᠡᠳ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠠᠭᠤᠷᠢ ᠠᠵᠢᠯ ᠪᠣᠯᠭᠠᠨ ᠴᠢᠩᠭ᠎ᠠ | ᠠᠳᠬᠤᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠪᠠᠭᠰᠢ ᠨᠠᠷ ᠤᠨ ᠬᠦᠯᠤᠰᠤ ᠣᠯᠭᠤᠮᠵᠢ ᠶᠢ ᠰᠠᠶᠢᠲᠤᠷ ᠪᠠᠲᠤᠯᠠᠨ᠂ ᠪᠠᠭᠰᠢ ᠶᠢ ᠬᠥᠮᠥᠵᠢᠭᠦᠯᠬᠦ | ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ | ᠴᠢᠬᠤᠯᠠᠴᠢᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠪᠠᠭᠰᠢ ᠨᠠᠷ ᠤᠨ | ᠢᠷᠠᠭᠤ ᠠᠯᠳᠠᠷ ᠤᠨ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠮᠠᠨ ᠤ | ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠨᠭ᠍ᠭᠠᠬᠤ ᠬᠡᠷᠡᠭᠳᠡᠢ ᠭᠡᠵᠤ ᠴᠢᠬᠤᠯᠠᠴᠢᠯᠠᠪᠠ᠃ | ᠬᠤᠷᠠᠯ ᠲᠡᠬᠡᠷ᠎ᠡ ᠰᠢ ᠶᠢᠨ ᠫᠢᠩ ᠤ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ | ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ᠂ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠭᠠᠷ ᠤᠨ ᠠᠶᠠᠯᠠᠯ ᠤᠨ | ᠠᠵᠤ ᠦᠢᠯᠡᠰ ᠤᠨ ᠬᠦᠭᠵᠢᠬᠦᠯᠤᠯᠳᠡ ᠶᠢ ᠲᠦᠷᠭᠡᠳᠬᠡᠬᠦ᠂ ᠭᠠᠳᠠᠭᠠᠳᠤ ᠦᠢᠯᠡᠴᠢᠯᠡᠭᠡᠨ ᠤ ᠠᠷᠠᠯᠵᠢᠶ᠎ᠠ ᠶᠢ | ᠥᠷᠭᠡᠳᠬᠡᠬᠦ᠂ ᠲᠣᠭᠠᠴᠢᠯᠠᠭᠰᠠᠨ ᠠᠵᠤ ᠠᠬᠤᠢ ᠶᠢᠨ ᠬᠦᠭᠵᠢᠬᠦᠯᠤᠯᠳᠡ ᠶᠢ ᠠᠬᠢᠭᠤᠯᠬᠤ᠂ ᠬᠠᠤᠯᠢᠵᠢᠯ ᠤᠨ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠴᠠᠢ᠃ | ᠬᠤᠷᠠᠯ ᠲᠡᠬᠡᠷ᠎ᠡ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠪᠠ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠥᠯ ᠪᠣᠯᠣᠨ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠰᠠᠨᠠᠯ ᠢ | ᠬᠢᠨᠠᠨ ᠵᠦᠪᠯᠡᠬᠡᠳ᠂ ᠬᠤᠶᠠᠷ ᠪᠦᠯᠦᠭ ᠭᠤᠣᠯ ᠰᠡᠳᠦᠪᠲᠦ ᠬᠥᠮᠦᠵᠢᠯ ᠢ ᠰᠠᠶᠢᠲᠤᠷ ᠵᠣᠯᠭᠠᠭᠤᠯᠤᠨ ᠬᠤᠯᠪᠣᠯᠳᠤᠭᠤᠯᠵᠤ | ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠠᠷᠭ᠎ᠠ ᠶᠢ ᠨᠠᠷᠢᠯᠢᠭᠵᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠡᠬᠦᠷᠬᠡ ᠬᠠᠷᠢᠭᠤᠴᠠᠯᠭᠠᠲᠤ ᠰᠡᠳᠬᠢᠯᠭᠡ ᠪᠠᠷ ᠭᠤᠣᠯ ᠰᠡᠳᠦᠪᠲᠦ ᠬᠥᠮᠦᠵᠢᠯ ᠤᠨ ᠡᠯ᠎ᠡ ᠡᠭᠦᠷᠭᠡ ᠶᠢ | ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠲᠡᠬᠡᠷ᠎ᠡ ᠣᠷᠳᠣᠰ ᠬᠤᠳᠠ ᠶᠢᠨ ᠬᠠᠩᠭᠢᠨ ᠬᠤᠰᠢᠭᠤᠨ ᠤ ᠢ ᠳ᠋ᠢᠩ ᠠᠮᠢ ᠠᠬᠤᠢ ᠶᠢᠨ ᠲᠠᠷᠢᠶᠠᠯᠠᠩ ᠤᠨ | ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠭᠳᠡᠭᠰᠡᠨ | ᠠᠳᠡᠯ ᠢ ᠠᠪᠤᠷᠠᠨ ᠲᠤᠰᠠᠯᠠᠵᠤ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠰᠢᠷᠬᠠᠲᠤᠭᠰᠠᠳ ᠢ | ᠴᠢᠳᠠᠯ ᠢᠶᠠᠷ ᠢᠶᠠᠨ ᠠᠪᠤᠷᠠᠨ ᠡᠮᠨᠡᠵᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠬᠦᠯᠢᠴᠡᠩᠭᠦᠢ ᠨᠠᠷᠢᠨ | ᠨᠢᠮᠪᠠᠢ ᠰᠠᠶᠢᠲᠤᠷ ᠬᠢᠵᠦ᠂ ᠠᠳᠡᠯ ᠤᠨ ᠰᠢᠯᠲᠠᠭᠠᠨ ᠢ ᠦᠳᠲᠡᠷ ᠪᠠᠶᠢᠴᠠᠭᠠᠨ ᠲᠣᠳᠣᠯᠠᠵᠤ᠂ ᠬᠠᠤᠯᠢ ᠲᠣᠭᠲᠠᠭᠠᠯ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠠᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ | ᠠᠪᠴᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠴᠠᠭ ᠢᠮᠠᠭᠲᠠ ᠰᠡᠷᠡᠮᠵᠢ ᠲᠠᠢ ᠪᠠᠶᠢᠬᠤ | ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠪᠠᠳᠠᠷᠠᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠨᠢᠭᠡ | ᠮᠥᠴᠡ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠢ᠃ ᠬᠦᠭᠵᠢᠬᠦᠯᠤᠯᠳᠡ ᠪᠣᠯᠣᠨ ᠠᠮᠤᠷ | ᠲᠦᠪᠰᠢᠨ ᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠶᠤᠯ ᠦᠬᠡᠢ ᠦᠢᠯᠡᠳᠪᠦᠷᠢᠯᠡᠯ ᠤᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠦᠷᠭᠡᠨ ᠲᠡᠭᠦᠯᠳᠡᠷᠵᠢᠭᠦᠯᠵᠦ᠂ ᠠᠶᠤᠯ ᠦᠬᠡᠢ ᠦᠢᠯᠡᠳᠪᠦᠷᠢᠯᠡᠯ ᠤᠨ | ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠬᠡᠮ ᠰᠣᠭᠤᠭ ᠢ ᠦᠨᠳᠦᠰᠦᠨ ᠠᠴᠠ ᠨᠢ ᠠᠷᠢᠯᠭᠠᠬᠤ ᠪᠠᠷ | ᠬᠦᠴᠦᠯᠡᠵᠦ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠲᠡᠬᠡᠷ᠎ᠡ ᠪᠠᠰᠠ ᠪᠤᠰᠤᠳ ᠵᠦᠢᠯ ᠢ ᠰᠤᠳᠤᠯᠵᠠᠢ᠃ | | | | | |