ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ | ᠮᠡᠨᠳᠦᠴᠢᠯᠡᠯ ᠬᠢᠭᠡᠳ ᠴᠢᠩ ᠰᠡᠳᠬᠢᠯ ᠤᠨ ᠵᠥᠩᠨᠡᠯ ᠳᠡᠪᠰᠢᠭᠦᠯᠪᠡ | ᠯᠢ ᠴᠢᠶᠠᠩ ᠴᠣᠬᠤᠯᠠᠪᠤᠷᠢ ᠥᠭᠴᠦ ᠳ᠋ᠢᠩ ᠰᠢᠤᠸᠠᠢ ᠰᠢᠶᠠᠩ ᠪᠦᠭᠦ ᠤᠯᠤᠰ ᠤᠨ ᠰᠢᠯᠢᠳᠡᠭ ᠪᠠᠭᠰᠢ ᠨᠠᠷ ᠤᠨ | ᠲᠥᠯᠥᠭᠡᠯᠡᠭᠴᠢᠳ ᠤᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ | ᠪᠦᠭᠦ ᠤᠯᠤᠰ ᠤᠨ ᠰᠢᠯᠢᠳᠡᠭ ᠪᠠᠭᠰᠢ ᠨᠠᠷ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ 9 ᠰᠠᠷ᠎ᠠ ᠶᠢᠨ 9 ᠤ ᠡᠳᠦᠷ | ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠠᠭᠰᠢ | ᠨᠠᠷ ᠤᠨ ᠲᠥᠯᠥᠭᠡᠯᠡᠭᠴᠢᠳ ᠲᠤ ᠵᠠᠬᠢᠳᠠᠯ ᠢᠯᠡᠭᠡᠵᠦ᠂ ᠭᠤᠴᠢ ᠶᠢᠰᠦᠳᠡᠬᠢ ᠪᠠᠭᠰᠢ ᠶᠢᠨ ᠪᠠᠶᠠᠷ ᠬᠦᠷᠴᠦ ᠢᠷᠡᠬᠦ | ᠲᠠᠰᠢᠷᠠᠮ ᠢᠶᠠᠷ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠲᠡᠳᠡ ᠨᠠᠷ ᠵᠢᠴᠢ ᠪᠦᠭᠦ ᠤᠯᠤᠰ ᠤᠨ ᠥᠷᠭᠡᠨ ᠣᠯᠠᠨ ᠪᠠᠭᠰᠢ | ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ | ᠵᠥᠩᠨᠡᠯ ᠳᠡᠪᠰᠢᠭᠦᠯᠪᠡ᠃ | ᠰᠢ ᠶᠢᠨ ᠫᠢᠩ ᠵᠠᠬᠢᠳᠠᠯ ᠳᠠᠭᠠᠨ᠂ ᠤᠷᠳᠤ ᠬᠤᠭᠤᠴᠠᠭᠠᠨ ᠤ ᠲᠤᠷᠰᠢ᠂ ᠲᠠ ᠨᠠᠷ ᠢᠶᠠᠷ ᠲᠥᠯᠥᠭᠡᠯᠡᠭᠦᠯᠦᠭᠰᠡᠨ ᠪᠦᠭᠦ | ᠤᠯᠤᠰ ᠤᠨ ᠥᠷᠭᠡᠨ ᠤᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠵᠦ᠂ ᠦᠨᠳᠦᠰᠦ ᠰᠠᠭᠤᠷᠢ ᠶᠢ ᠪᠤᠶᠢᠵᠢᠭᠤᠯᠤᠨ ᠰᠦᠭ | ᠰᠦᠨᠡᠰᠦ ᠶᠢ ᠱᠤᠭᠤᠵᠤ᠂ ᠦᠶ᠎ᠡ ᠦᠶ᠎ᠡ ᠶᠢᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ | ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠥᠵᠢᠭᠦᠯᠵᠦ᠂ ᠶᠡᠭᠡ ᠬᠡᠷᠡᠭᠴᠡᠭᠡ ᠲᠠᠢ ᠪᠥᠭᠡᠳ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠴᠢᠳᠠᠪᠤᠷᠢᠲᠠᠨ ᠢ | ᠦᠯᠡᠮᠵᠢ ᠤᠯᠠᠨ ᠬᠥᠮᠥᠵᠢᠭᠦᠯᠵᠦ᠂ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠬᠥᠭᠵᠢᠯ ᠮᠠᠨᠳᠤᠯ ᠳᠤ ᠴᠢᠬᠤᠯᠠ | ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠪᠠᠭᠰᠢ ᠨᠠᠷ ᠤᠨ ᠳᠣᠲᠣᠷ᠎ᠠ ᠠᠴᠠ ᠨᠢᠭᠡ ᠪᠦᠯᠦᠭ ᠰᠤᠷᠭᠠᠨ ᠬᠥᠮᠥᠵᠢᠯᠲᠡᠨ ᠪᠠ | ᠰᠢᠯᠢᠳᠡᠭ ᠪᠠᠭᠰᠢ ᠨᠠᠷ ᠴᠣᠯᠭᠤᠷᠠᠨ ᠭᠠᠷᠴᠤ᠂ ᠲᠡᠳᠡ ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ | ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ ᠪᠢᠰᠢᠷᠡᠯ ᠲᠠᠢ ᠪᠠᠶᠢᠵᠤ᠂ ᠦᠭᠡ ᠶᠠᠷᠢᠶ᠎ᠠ ᠨᠢ ᠡᠷᠳᠡᠮᠲᠡᠨ ᠤ ᠪᠠᠷᠢᠮᠵᠢᠶ᠎ᠠ᠂ | ᠦᠢᠯᠡ ᠠᠵᠢᠯᠯᠠᠭ᠎ᠠ ᠨᠢ ᠶᠢᠷᠲᠢᠨᠴᠦ ᠶᠢᠨ ᠬᠡᠪ ᠨᠠᠮᠪᠠ ᠲᠠᠢ ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ᠂ ᠤᠶᠤᠨ | ᠤᠬᠠᠭᠠᠨ ᠢ ᠰᠡᠬᠡᠭᠡᠷᠡᠭᠦᠯᠦᠨ ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ ᠵᠢᠭᠠᠬᠤ ᠬᠥᠮᠥᠨ ᠢ ᠬᠥᠮᠥᠵᠢᠭᠦᠯᠬᠦ | ᠤᠶᠤᠨ ᠤᠬᠠᠭᠠᠨ ᠲᠠᠢ᠂ ᠰᠢᠷᠭᠠᠭᠤ ᠰᠤᠷᠤᠯᠴᠠᠨ ᠦᠨᠡᠨᠴᠢ ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ | ᠡᠭᠦᠳᠬᠦ ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠲᠠᠢ᠂ ᠵᠢᠭᠠᠨ ᠰᠤᠷᠭᠠᠬᠤ ᠳᠤᠷᠠᠲᠠᠢ ᠰᠤᠷᠤᠬᠴᠢ ᠪᠠᠨ ᠬᠠᠶᠢᠷᠠᠯᠠᠬᠤ᠂ | ᠬᠠᠷᠠᠮ ᠦᠭᠡᠢ ᠵᠣᠷᠢᠭᠤᠯᠬᠤ ᠡᠨᠡᠷᠢᠩᠭᠦᠢ ᠰᠡᠳᠬᠢᠯ ᠲᠠᠢ᠂ ᠥᠷᠥᠴᠡ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ | ᠰᠣᠶᠣᠯ ᠢᠶᠠᠷ ᠬᠥᠮᠥᠨ ᠢ ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠢᠶᠠᠨ ᠳᠤᠮᠳᠠᠳᠤ ᠤᠯᠤᠰ ᠲᠤ ᠣᠨᠴᠠ ᠪᠠᠶᠢᠳᠠᠭ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠢᠯᠡᠷᠡᠭᠦᠯᠵᠡᠢ ᠭᠡᠵᠦ ᠬᠡᠯᠡᠪᠡ᠃ | ᠰᠢ ᠶᠢᠨ ᠫᠢᠩ᠂ ᠰᠢᠨ᠎ᠡ ᠠᠶᠠᠨ ᠳᠤ᠂ ᠲᠠ ᠨᠠᠷ ᠬᠢᠭᠡᠳ ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠰᠤᠷᠭᠠᠨ | ᠬᠥᠮᠥᠵᠢᠯᠲᠡᠨ ᠢᠶᠠᠷ ᠳᠠᠭᠤᠷᠢᠶᠠᠯ ᠪᠤᠯᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ | ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠰᠤᠷᠭᠠᠨ ᠬᠥᠮᠦᠵᠢᠯ ᠤᠨ ᠦᠢᠯᠡᠰ ᠲᠤ ᠵᠢᠳᠬᠦᠵᠦ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢ ᠪᠤᠢ︾ ᠭᠡᠬᠦ ᠬᠦᠰᠡᠯ ᠵᠣᠷᠢᠯᠲᠠ ᠶᠢ ᠪᠤᠢ ᠪᠤᠯᠭᠠᠵᠤ᠂ ᠢᠲᠡᠭᠡᠯ ᠲᠠᠢ ᠪᠠᠷ ᠥᠪᠡᠷ ᠢ ᠪᠠᠨ | ᠬᠦᠴᠦᠷᠬᠡᠭᠵᠢᠭᠦᠯᠵᠦ᠂ ᠡᠷᠡᠯᠬᠡᠭᠯᠡᠨ ᠲᠡᠮᠡᠴᠡᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠭᠦ ᠶᠢ | ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | | ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠪᠠᠭᠰᠢ ᠪᠣᠯ ᠰᠤᠷᠭᠠᠨ | ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠡᠬᠢ ᠰᠤᠷᠪᠤᠯᠵᠢ ᠮᠥᠨ᠂ ᠰᠤᠷᠭᠠᠨ ᠬᠥᠮᠦᠵᠢᠯ ᠤᠨ | ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠪᠠᠭᠰᠢ ᠶᠢᠨ ᠡᠩᠨᠡᠭᠡᠨ ᠤ ᠬᠡᠪ ᠴᠢᠨᠠᠷ ᠳᠠᠰᠤᠷᠠᠯᠳᠠ ᠦᠭᠡᠢ ᠳᠡᠭᠡᠭᠰᠢᠯᠡᠵᠦ᠂ ᠪᠦᠲᠦᠴᠡ | ᠳᠠᠰᠤᠷᠠᠯᠳᠠ ᠦᠭᠡᠢ ᠰᠢᠯᠢᠳᠡᠭᠵᠢᠵᠦ᠂ ᠬᠠᠷᠠᠭᠠᠯᠵᠠᠯ ᠬᠦᠷᠲᠡᠭᠡᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠨᠠᠮ ᠪᠣᠯᠣᠨ ᠤᠯᠤᠰ ᠲᠤ ᠦᠯᠡᠮᠵᠢ ᠤᠯᠠᠨ | ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ | ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ | ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ | ᠬᠦᠷᠲᠡᠭᠡᠮᠵᠢ ᠶᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠰᠢᠰᠲ᠋ᠧᠮ ᠢ | ᠲᠡᠭᠦᠯᠳᠡᠷᠵᠢᠭᠦᠯᠵᠦ᠂ ᠪᠦᠭᠦ ᠨᠡᠶᠢᠭᠡᠮ ᠢᠶᠠᠷ ᠢᠶᠠᠨ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ | ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠠᠭᠰᠢ ᠨᠠᠷ ᠢ ᠨᠡᠶᠢᠭᠡᠮ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠪᠠ | ᠬᠥᠮᠥᠰ ᠢ ᠪᠢᠰᠢᠷᠡᠭᠦᠯᠦᠮ᠎ᠡ ᠠᠵᠢᠯ ᠮᠡᠷᠭᠡᠵᠢᠯ ᠪᠤᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ᠂ ᠰᠢ ᠶᠢᠨ | ᠫᠢᠩ ᠤᠨ ᠵᠠᠬᠢᠳᠠᠯ ᠪᠣᠯᠣᠨ ᠯᠢ ᠴᠢᠶᠠᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ | ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠭᠦᠭᠰᠡᠨ ᠨᠢ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠥᠷᠭᠡᠨ ᠣᠯᠠᠨ ᠪᠠᠭᠰᠢ ᠨᠠᠷ ᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠷᠭᠡᠨ ᠤᠯᠠᠨ ᠪᠠᠭᠰᠢ ᠨᠠᠷ ᠤᠨ ᠤᠯᠤᠰ ᠤᠨ ᠬᠥᠭᠵᠢᠯᠲᠡ᠂ | ᠦᠨᠳᠦᠰᠦᠲᠡᠨ ᠤ ᠬᠥᠭᠵᠢᠯ ᠮᠠᠨᠳᠤᠯ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠰᠤᠷᠭᠠᠨ | ᠬᠥᠮᠥᠵᠢᠯᠲᠡᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠪᠠᠭᠰᠢ ᠳᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠣᠯᠭᠤᠪᠠ᠃ | ᠥᠷᠭᠡᠨ ᠤᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠢᠭᠡ ᠰᠡᠳᠬᠢᠯ ᠢᠶᠠᠷ ᠪᠢᠴᠢᠭ ᠵᠢᠭᠠᠵᠤ | ᠬᠥᠮᠥᠨ ᠢ ᠬᠥᠮᠥᠵᠢᠭᠦᠯᠵᠦ᠂ ᠤᠭ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠵᠤ᠂ ᠤᠯᠤᠰ ᠲᠤ ᠶᠣᠰᠣ | ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠦᠷᠭᠦᠯᠵᠢᠯᠡᠨ ᠬᠥᠮᠥᠵᠢᠭᠦᠯᠵᠦ᠂ ᠨᠡᠩ ᠤᠯᠠᠨ ᠶᠡᠭᠡ | ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠴᠢᠳᠠᠪᠤᠷᠢᠲᠠᠨ ᠢ ᠬᠥᠮᠥᠵᠢᠭᠦᠯᠬᠦ ᠶᠢ ᠬᠦᠰᠡᠵᠦ | ᠪᠠᠶᠢᠨ᠎ᠠ᠃ ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ ᠵᠢᠳᠬᠦᠬᠦ ᠬᠦᠰᠡᠯᠡᠩ | ᠢᠲᠡᠭᠡᠯ ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ︔ ᠦᠭᠡ ᠶᠠᠷᠢᠶ᠎ᠠ ᠨᠢ ᠡᠷᠳᠡᠮᠲᠡᠨ ᠤᠨ ᠪᠠᠷᠢᠮᠵᠢᠶ᠎ᠠ᠂ ᠦᠢᠯᠡ ᠠᠵᠢᠯᠯᠠᠭ᠎ᠠ ᠨᠢ | ᠶᠢᠷᠲᠢᠨᠴᠦ ᠶᠢᠨ ᠬᠡᠪ ᠨᠠᠮᠪᠠ ᠲᠠᠢ ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ ᠶᠢ ᠪᠤᠢ ᠪᠤᠯᠭᠠᠵᠤ᠂ ︽ᠨᠣᠮ ᠤᠨ | ᠪᠠᠭᠰᠢ︾ ᠪᠠ ︽ᠬᠥᠮᠥᠨ ᠤ ᠪᠠᠭᠰᠢ︾ ᠶᠢ ᠬᠠᠷᠢᠯᠴᠠᠨ ᠨᠢᠭᠡᠳᠬᠡᠭᠰᠡᠨ ︽ᠶᠡᠭᠡ ᠪᠠᠭᠰᠢᠲᠠᠨ︾ ᠪᠤᠯᠬᠤ ᠪᠠᠷ ᠴᠢᠷᠮᠠᠶᠢᠬᠤ | ᠭᠡᠷᠡᠭᠲᠡᠢ︔ ᠤᠶᠤᠨ ᠤᠬᠠᠭᠠᠨ ᠢ ᠰᠡᠬᠡᠭᠡᠷᠡᠭᠦᠯᠦᠨ ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ ᠵᠢᠭᠠᠬᠤ | ᠬᠥᠮᠥᠨ ᠢ ᠬᠥᠮᠥᠵᠢᠭᠦᠯᠬᠦ ᠤᠶᠤᠨ ᠤᠬᠠᠭᠠᠨ ᠲᠠᠢ ᠪᠠᠶᠢᠵᠤ᠂ ᠰᠤᠷᠤᠬᠴᠢ ᠨᠢᠭᠡ ᠪᠦᠷᠢ ᠳᠤ ᠴᠥᠮ ᠬᠥᠮᠥᠨ ᠤ | ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠲᠣᠭᠢᠶᠠᠯ ᠣᠯᠭᠤᠬᠤ ᠭᠡᠷᠡᠭᠲᠡᠢ︔ ᠰᠢᠷᠭᠠᠭᠤ ᠰᠤᠷᠤᠯᠴᠠᠨ ᠦᠨᠡᠨᠴᠢ | ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠢ | ᠪᠠᠷᠢᠮᠲᠠᠯᠠᠵᠤ᠂ ᠨᠠᠰᠤᠨ ᠲᠤᠷᠰᠢᠲᠠ ᠰᠤᠷᠤᠯᠴᠠᠬᠤ ᠶᠢᠨ ᠦᠢᠯᠡᠳᠦᠯᠭᠡᠵᠢᠭᠦᠯᠦᠭᠴᠢ ᠪᠤᠯᠬᠤ ᠭᠡᠷᠡᠭᠲᠡᠢ︔ ᠵᠢᠭᠠᠨ ᠰᠤᠷᠭᠠᠬᠤ | ᠳᠤᠷᠠᠲᠠᠢ ᠰᠤᠷᠤᠬᠴᠢ ᠪᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ ᠡᠨᠡᠷᠢᠩᠭᠦᠢ ᠰᠡᠳᠬᠢᠯ ᠲᠠᠢ᠂ ᠶᠡᠭᠡ ᠬᠠᠶᠢᠷ᠎ᠠ ᠪᠠᠷ | ᠬᠥᠮᠥᠨ ᠬᠥᠮᠥᠵᠢᠭᠦᠯᠬᠦ ᠠᠮᠢᠳᠤᠷᠠᠯ ᠢ ᠪᠢᠴᠢᠭᠯᠡᠬᠦ ᠭᠡᠷᠡᠭᠲᠡᠢ︔ ᠥᠷᠥᠴᠡ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ | ᠰᠣᠶᠣᠯ ᠢᠶᠠᠷ ᠬᠥᠮᠥᠨ ᠢ ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ | ᠥᠷᠲᠡᠭ ᠢ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠰᠠᠭᠤᠷᠢ ᠠᠵᠢᠯ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ | ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ᠂ ᠨᠢᠭᠡ ᠪᠦᠯᠦᠭ ᠥᠨᠳᠥᠷ ᠬᠡᠪ ᠴᠢᠨᠠᠷ ᠲᠠᠢ ᠪᠠᠭᠰᠢ ᠶᠢ ᠬᠥᠮᠥᠵᠢᠭᠦᠯᠦᠨ | ᠪᠤᠶᠢᠵᠢᠭᠤᠯᠬᠤ ᠭᠡᠷᠡᠭᠲᠡᠶ︔ ᠪᠠᠭᠰᠢ ᠶᠢᠨ ᠬᠠᠷᠠᠭᠠᠯᠵᠠᠯ ᠬᠦᠷᠲᠡᠭᠡᠮᠵᠢ ᠶᠢ ᠬᠠᠤᠯᠢ ᠶᠣᠰᠣᠭᠠᠷ ᠪᠠᠲᠤᠯᠠᠵᠤ᠂ ᠰᠢᠯᠢᠳᠡᠭ | ᠴᠢᠳᠠᠪᠤᠷᠢᠲᠠᠨ ᠢ ᠪᠠᠭᠰᠢᠯᠠᠭᠤᠯᠬᠤ ᠪᠠᠷ ᠲᠠᠳᠠᠨ ᠠᠪᠴᠢᠷᠠᠬᠤ ᠪᠠ ᠲᠣᠭᠲᠠᠭᠤᠨ ᠪᠠᠶᠢᠯᠭᠠᠬᠤ ᠭᠡᠷᠡᠭᠲᠡᠢ︔ ᠪᠠᠭᠰᠢ ᠶᠢᠨ | ᠬᠠᠮᠢᠶᠠᠷᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠦᠬᠡᠳ ᠨᠢᠭᠡ ᠪᠦᠷᠢ ᠳᠤ ᠴᠥᠮ ᠲᠥᠪ | ᠭᠤᠤᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠭᠡᠷᠡᠭᠲᠡᠢ︔ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠠᠵᠢᠯ ᠮᠡᠷᠭᠡᠵᠢᠯ ᠤᠨ | ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ︔ ᠪᠠᠭᠰᠢ ᠶᠢ ᠭᠦᠨᠳᠦᠳᠭᠡᠵᠦ | ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠵᠤ᠂ ︽ᠠᠷᠠᠳ ᠤᠨ ᠪᠠᠭᠰᠢ ᠬᠢᠵᠠᠭᠠᠯᠠᠰᠢ | ᠦᠭᠡᠢ ᠢᠷᠠᠭᠤ ᠠᠯᠳᠠᠷ ᠲᠠᠢ︾ ᠭᠡᠬᠦ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠨᠢᠭᠡᠳᠦᠭᠡᠷ ᠳᠡᠰ ᠤᠨ ᠫᠷᠦ᠋ᠹᠧᠰᠰᠤᠷ | ᠭᠤᠤ ᠮᠢᠩ ᠰᠢᠤᠸᠠᠨ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠫᠷᠦ᠋ᠹᠧᠰᠰᠤᠷ ᠭᠦ᠋ ᠮᠢᠩ | ᠶᠤᠸᠠᠨ᠂ ᠵᠧᠵᠢᠶᠠᠩ ᠮᠤᠵᠢ ᠶᠢᠨ ᠬᠠᠩᠵᠧᠦ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠼᠠᠢ ᠰᠢᠶᠣᠣ | ᠰᠢᠶᠦ᠋ᠩ᠂ ᠴᠢᠩᠬᠤᠸᠠ ᠶᠡᠭᠡ ᠰᠤᠷᠭᠠᠭᠤᠯᠢ ᠶᠢᠨ ᠫᠷᠦ᠋ᠹᠧᠰᠰᠤᠷ ᠾᠧ ᠺᠧ ᠪᠢᠨ᠂ ᠱᠧᠨᠵᠧᠨ ᠤ ᠮᠡᠳᠡᠭᠡ ᠵᠠᠩᠭᠢ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠰᠢᠦᠢ ᡁᠢ ᠯᠢᠶᠠᠩ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ | ᠵᠠᠰᠠᠬᠤ ᠣᠷᠣᠨ ᠤ ᠺᠠᠱᠭᠠᠷ ᠣᠷᠣᠨ ᠤ ᠪᠠ ᠴᠦ᠋ ᠰᠢᠶᠠᠨ ᠤ ᠲᠦᠩ ᠮᠧᠩ ᠬᠡᠦᠬᠡᠳ ᠤᠨ ᠴᠡᠴᠡᠷᠯᠢᠭ ᠤᠨ ᠵᠠᠬᠢᠷᠤᠯ | ᠠᠮᠢᠯᠠᠭᠦᠯᠢ · ᠠᠪᠦ᠋ᠳᠦ᠋᠂ ᠵᠢᠶᠠᠩᠰᠢ ᠮᠤᠵᠢ ᠶᠢᠨ ᠨᠠᠨᠴᠠᠩ ᠬᠤᠳᠠ ᠶᠢᠨ ᠴᠢ ᠶᠢᠨ ᠰᠤᠷᠭᠠᠭᠤᠯᠢ ᠶᠢᠨ ᠵᠠᠬᠢᠷᠤᠯ ᠵᠠᠩ ᠯᠢ᠂ ᠰᠢ | ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠶᠠᠨ | ᠯᠢᠶᠠᠨ ᠹᠦ᠋ ᠤᠷᠢᠳ ᠬᠤᠵᠢᠳ ᠦᠭᠡ ᠬᠡᠯᠡᠵᠡᠢ᠃ | ︽ᠠᠷᠠᠳ ᠤᠨ ᠰᠤᠷᠭᠠᠨ ᠬᠥᠮᠥᠵᠢᠯᠲᠡᠨ︾ ᠤ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ᠂ ︽ᠴᠠᠭ | ᠦᠶ᠎ᠡ ᠶᠢᠨ ᠵᠢᠱᠢᠶᠡᠴᠢ︾ ᠶᠢᠨ ᠳᠣᠲᠣᠷᠠᠬᠢ ᠪᠠᠭᠰᠢ ᠶᠢᠨ ᠲᠥᠯᠥᠭᠡᠯᠡᠭᠴᠢ᠂ ᠪᠦᠭᠦ ᠤᠯᠤᠰ ᠤᠨ ᠪᠢᠴᠢᠭ ᠵᠢᠭᠠᠵᠤ ᠬᠥᠮᠥᠨ | ᠬᠥᠮᠥᠵᠢᠭᠦᠯᠦᠭᠰᠡᠨ ᠵᠢᠱᠢᠶᠡᠴᠢ᠂ ᠪᠦᠭᠦ ᠤᠯᠤᠰ ᠤᠨ ᠬᠠᠮᠤᠭ ᠤᠨ ᠭᠤᠶᠤ ᠪᠠᠭᠰᠢ ᠵᠡᠷᠭᠡ ᠪᠦᠭᠦ ᠤᠯᠤᠰ ᠤᠨ ᠰᠢᠯᠢᠳᠡᠭ | ᠪᠠᠭᠰᠢ ᠶᠢᠨ ᠲᠥᠯᠥᠭᠡᠯᠡᠭᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠰᠤᠷᠭᠠᠨ | ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 9 ᠤ ᠴᠠᠭᠢᠯᠭᠠᠨ ᠮᠡᠳᠡᠭᠡ︶ | | |