ᠰᠢ ᠶᠢᠨ ᠫᠢᠩ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶᠢᠲᠡᠯᠡᠭᠰᠡᠨ ᠴᠠᠭ᠄
2023/9/11
   ᠰᠢᠨᠬᠤᠸᠠ ᠬᠤᠷᠢᠶ᠎ᠠ ᠶᠢᠨ ᠬᠠᠷᠪᠢᠨ ᠤ 9 ᠰᠠᠷ᠎ᠠ ᠶᠢᠨ 9 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠳᠤ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠵᠡᠭᠦᠨ ᠬᠤᠶᠢᠲᠤ ᠣᠷᠣᠨ ᠤ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠭᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠠᠪᠠᠭᠤᠯᠢᠭ ᠢᠶᠠᠨ ᠪᠠᠬᠢᠵᠢᠭᠦᠯᠬᠦ᠂ ᠳᠤᠲᠠᠭᠤᠳᠠᠯ ᠢᠶᠠᠨ ᠨᠥᠬᠦᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠪᠠ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠵᠣᠷᠢᠭᠲᠠᠢ ᠬᠢᠵᠦ ᠵᠣᠷᠢᠭᠲᠠᠢ ᠠᠵᠢᠯᠯᠠᠵᠤ ᠪᠣᠳᠠᠲᠠᠢ ᠠᠵᠢᠯᠯᠠᠵᠤ᠂ ᠴᠢᠨᠠᠷ ᠰᠠᠶᠢᠲᠠᠢ ᠬᠥᠭᠵᠢᠭᠰᠡᠨ᠂ ᠦᠷᠭᠦᠯᠵᠢᠯᠡᠨ ᠬᠥᠭᠵᠢᠨ ᠮᠠᠨᠳᠤᠬᠤ ᠰᠢᠨ᠎ᠡ ᠵᠠᠮ ᠢᠶᠠᠷ ᠴᠢᠷᠮᠠᠶᠢᠨ ᠵᠠᠮᠨᠠᠵᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
6383002758998031462434350.jpg    
    9 ᠰᠠᠷ᠎ᠠ ᠶᠢᠨ 7 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠳᠤ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠧᠩ᠂ ᠭᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠢᠩ ᠵᠢᠶᠦ᠋ᠨ ᠬᠠᠢ᠂ ᠬᠠᠷᠠᠮᠥ᠋ᠷᠡᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠦᠢ ᠴᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠳ ᠬᠤᠵᠢᠳ ᠦᠭᠡ ᠬᠡᠯᠡᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠪᠠᠶᠢᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃    ᠤᠯᠠᠨ ᠤ ᠶᠠᠷᠢᠬᠤ ᠶᠢ ᠰᠣᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2018 ᠣᠨ ᠤ 9 ᠰᠠᠷ᠎ᠠ ᠳᠤ ᠮᠦᠭᠳᠡᠨ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠰᠠᠨ ᠠᠴᠠ ᠨᠠᠭᠠᠰᠢ᠂ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠭᠠᠷᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠴᠢᠨᠠᠭᠰᠢᠳᠠ ᠪᠠᠬᠢᠵᠢᠵᠦ᠂ ᠠᠵᠤ ᠦᠢᠯᠡᠰ ᠤᠨ ᠠᠮᠤᠷ ᠲᠦᠪᠰᠢᠨ ᠤ ᠰᠠᠭᠤᠷᠢ ᠲᠠᠰᠤᠷᠠᠯᠳᠡ ᠦᠭᠡᠢ ᠪᠠᠬᠢᠵᠢᠵᠦ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠦᠢᠯᠡᠳᠦᠯ ᠲᠠᠰᠤᠷᠠᠯᠳᠡ ᠦᠭᠡᠢ ᠴᠢᠩᠭᠠᠷᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠳᠤ ᠰᠢᠨ᠎ᠡ ᠳᠦᠷᠰᠦ ᠪᠠᠶᠢᠳᠠᠯ ᠢᠯᠡᠷᠡᠵᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ᠂ ᠠᠵᠤ ᠦᠢᠯᠡᠰ ᠤᠨ ᠰᠠᠭᠤᠷᠢ ᠨᠡᠯᠢᠶᠡᠳ ᠵᠤᠵᠠᠭᠠᠨ᠂ ᠣᠷᠣᠨ ᠪᠠᠶᠢᠷᠢ ᠶᠢᠨ ᠳᠠᠪᠠᠭᠤᠯᠢᠭ ᠥᠪᠡᠷᠮᠢᠴᠡ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ᠃ ᠣᠳᠣᠬᠠᠨ ᠳᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ᠄ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠨᠢ ᠵᠡᠭᠦᠨ ᠬᠤᠶᠢᠲᠤ ᠣᠷᠣᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠪᠣᠯᠣᠨ ᠠᠵᠤ ᠦᠢᠯᠡᠰ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠠᠰᠢᠬᠲᠠᠢ︔ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠵᠡᠭᠦᠨ ᠬᠤᠶᠢᠲᠤ ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠴᠢᠨᠠᠭᠰᠢᠳᠠ ᠲᠤᠪᠤᠶᠢᠯᠭᠠᠪᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠵᠡᠭᠦᠨ ᠬᠤᠶᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠴᠢᠬᠤᠯᠠᠲᠠᠢ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠵᠡᠭᠦᠨ ᠬᠤᠶᠢᠲᠤ ᠣᠷᠣᠨ ᠤ ᠬᠢᠨ ᠯᠠᠪᠲᠠᠢ ᠰᠦᠷ ᠵᠢᠪᠬᠤᠭ᠎ᠠ ᠪᠠᠨ ᠳᠠᠬᠢᠨᠲᠠ ᠪᠠᠳᠠᠷᠠᠭᠤᠯᠵᠤ᠂ ᠳᠠᠬᠢᠨᠲᠠ ᠰᠢᠯᠢᠳᠡᠭ ᠠᠮᠵᠢᠯᠲᠠ ᠣᠯᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠵᠡᠭᠦᠨ ᠬᠤᠶᠢᠲᠤ ᠶᠢᠨ ᠣᠨᠴᠠᠯᠢᠭ ᠲᠠᠢ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠦᠨᠳᠦᠰᠦ ᠰᠠᠭᠤᠷᠢ ᠨᠢ ᠪᠣᠳᠠᠲᠤ ᠴᠣᠭᠴᠠ ᠶᠢᠨ ᠠᠵᠤ ᠠᠬᠤᠢ ᠳᠤ ᠪᠤᠢ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠤᠢ᠂ ᠴᠢᠭᠯᠡᠯ ᠨᠢ ᠠᠵᠤ ᠦᠢᠯᠡᠰ ᠤᠨ ᠳᠡᠰ ᠳᠡᠪᠰᠢᠬᠦ ᠳᠤ ᠪᠤᠢ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠬᠢᠵᠢᠭᠦᠯᠬᠦ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠦᠷᠳᠡᠭ ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠤᠯᠠᠮᠵᠢᠯᠠᠯᠲᠤ ᠦᠢᠯᠡᠳᠬᠦ ᠦᠢᠯᠡᠰ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠳᠣᠣᠷᠠᠳᠤ ᠬᠡᠯᠬᠢᠶ᠎ᠡ ᠲᠡᠶᠢᠰᠢ ᠤᠷᠲᠤᠳᠬᠠᠬᠤ ᠶᠢ ᠠᠬᠢᠭᠤᠯᠵᠤ᠂ ᠨᠡᠯᠢᠶᠡᠳ ᠲᠡᠭᠦᠯᠳᠡᠷᠵᠢᠭᠰᠡᠨ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠶᠢᠳᠬᠡᠵᠦ ᠰᠢᠯᠢᠳᠡᠭᠵᠢᠭᠦᠯᠦᠨ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠨᠡᠩ ᠤᠯᠠᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠰᠢᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠪᠤᠶᠢᠵᠢᠭᠤᠯᠵᠤ᠂ ᠠᠵᠢᠯ ᠲᠥᠷᠥᠯ ᠢᠶᠠᠷ ᠬᠠᠮᠲᠤᠷᠠᠯᠴᠠᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠣᠨᠳᠣᠣᠰᠢᠭᠤᠯᠬᠤ ᠶᠢ ᠲᠦᠷᠭᠡᠳᠬᠡᠬᠦ ᠬᠡᠷᠡᠭᠲᠡᠢ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠬᠦ ᠦᠢᠯᠡᠰ᠂ ᠡᠯᠧᠺᠳ᠋ᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠤᠢ ᠪᠤᠯᠭᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠴᠢᠩᠭᠠᠷᠠᠭᠤᠯᠬᠤ ᠬᠡᠷᠡᠭᠲᠡᠢ᠃ ᠰᠠᠯᠬᠢᠨ ᠬᠦᠴᠦᠨ ᠤ ᠴᠠᠭᠢᠯᠭᠠᠨ᠂ ᠭᠡᠷᠡᠯ ᠴᠠᠭᠢᠯᠭᠠᠨ᠂ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢ ᠲᠦᠷᠭᠡᠪᠴᠢᠯᠡᠨ ᠬᠥᠭᠵᠢᠭᠦᠯᠵᠦ᠂ ᠰᠠᠯᠬᠢᠨ ᠭᠡᠷᠡᠯ ᠢᠯᠴᠢ ᠴᠥᠮ᠎ᠡ ᠶᠢᠨ ᠨᠥᠭᠡᠴᠡᠯᠡᠯᠲᠡ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠮᠢᠳᠤ ᠪᠣᠳᠠᠰ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠤᠳᠤ ᠦᠶ᠎ᠡ ᠶᠢᠨ ᠠᠮᠢᠳᠤ ᠪᠣᠳᠠᠰ᠂ ᠲᠣᠮᠣ ᠳ᠋ᠠᠶᠢᠲ᠋ᠠ ᠵᠡᠷᠭᠡ ᠰᠢᠨ᠎ᠡ ᠪᠠᠷ ᠬᠥᠭᠵᠢᠭᠰᠡᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠮᠥᠰᠥ ᠴᠠᠰᠤᠨ ᠤ ᠠᠵᠤ ᠠᠬᠤᠢ ᠪᠠ ᠲᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠭᠵᠢᠭᠦᠯᠦᠨ ᠮᠠᠨᠳᠤᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠲᠡᠶᠢᠰᠢ ᠲᠥᠪᠯᠡᠷᠡᠬᠦ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠲᠥᠪ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠡᠮᠵᠢᠨ ᠵᠣᠷᠢᠭᠵᠢᠭᠤᠯᠵᠤ᠂ ᠬᠥᠲᠥᠯᠥᠨ ᠵᠢᠯᠤᠭᠤᠳᠴᠤ᠂ ᠳᠤᠮᠳᠠ ᠪᠠᠭ᠎ᠠ ᠠᠵᠤ ᠠᠬᠤᠶᠢᠯᠠᠯ ᠳᠤ ᠬᠠᠨᠳᠤᠭᠤᠯᠤᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠩ ᠤᠯᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠠᠨ ᠲᠦᠷᠦᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠤᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ︽ᠲᠣᠭᠲᠠᠪᠤᠷᠢᠵᠢᠭᠤᠯᠤᠭᠴᠢ︾ ᠪᠤᠯᠬᠤ ᠪᠣᠯ ᠵᠡᠭᠦᠨ ᠬᠤᠶᠢᠲᠤ ᠣᠷᠣᠨ ᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠯ ᠪᠣᠯᠣᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠪᠡᠶᠡᠯᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠡᠩ ᠤᠨ ᠦᠶ᠎ᠡ ᠳᠤ ᠤᠨᠠᠯᠲᠠ ᠲᠠᠢ᠂ ᠬᠠᠩᠭᠠᠯᠭ᠎ᠠ ᠭᠦᠢᠴᠡᠳ᠂ ᠬᠡᠲᠦᠷᠡᠮᠡᠬᠡᠢ ᠪᠠᠶᠢᠳᠠᠯ ᠳᠣᠣᠷ᠎ᠠ ᠳᠠᠭᠠᠭᠠᠵᠤ ᠳᠡᠶᠢᠯᠭᠦ᠂ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠣᠷᠣᠭᠤᠯᠤᠯᠲᠠ ᠪᠠᠨ ᠨᠡᠮᠡᠭᠳᠡᠭᠦᠯᠦᠨ᠂ ᠦᠨᠳᠦᠰᠦᠨ ᠲᠠᠷᠢᠶᠠᠨ ᠭᠠᠵᠠᠷ ᠢ ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠬᠡᠷᠡᠭᠵᠢᠭᠦᠯᠬᠦ ᠬᠡᠪᠴᠢᠶ᠎ᠡ ᠶᠢ ᠵᠡᠷᠭᠡ ᠳᠤᠨᠢ ᠥᠷᠭᠡᠳᠬᠡᠨ᠂ ᠭᠤᠣᠯ ᠨᠠᠭᠤᠷ ᠢ ᠬᠤᠯᠪᠣᠨ ᠨᠡᠪᠲᠡᠷᠡᠭᠦᠯᠬᠦ᠂ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠥᠭᠡᠷᠡᠴᠢᠯᠡᠬᠦ ᠢᠨᠵᠧᠨᠧᠷᠢᠩ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠲᠠᠷᠢᠶᠠᠯᠠᠬᠤ ᠳᠤ ᠲᠣᠬᠢᠷᠠᠬᠤ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠤᠨᠠᠯᠲᠠ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠢ᠃ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ᠂ ᠵᠡᠭᠦᠨ ᠬᠤᠶᠢᠲᠤ ᠶᠢᠨ ᠡᠯ᠎ᠡ ᠲᠥᠷᠥᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠣᠳᠣ ᠦᠶ᠎ᠡ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠠᠬᠤᠢ ᠶᠢ ᠵᠡᠷᠭᠡ ᠳᠤᠨᠢ ᠬᠥᠭᠵᠢᠭᠦᠯᠬᠦ ᠠᠵᠤ ᠦᠢᠯᠡᠰ ᠤᠨ ᠰᠢᠰᠲ᠋ᠧᠮ ᠢ ᠪᠤᠶ ᠪᠤᠯᠭᠠᠵᠤ᠂ ᠲᠠᠷᠢᠶᠠᠯᠠᠩ ᠢ ᠲᠣᠮᠣ ᠠᠵᠤ ᠦᠢᠯᠡᠰ ᠪᠣᠯᠭᠠᠨ ᠪᠠᠶᠢᠭᠤᠯᠬᠤ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠤᠯᠪᠠᠰᠤᠷᠠᠭᠤᠯᠬᠤ ᠪᠠ ᠨᠠᠷᠢᠯᠢᠭ ᠪᠤᠯᠪᠠᠰᠤᠷᠠᠭᠤᠯᠬᠤ ᠶᠢ ᠬᠠᠮᠵᠢᠯᠴᠠᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ  ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠵᠡᠭᠦᠨ ᠬᠤᠶᠢᠲᠤ ᠣᠷᠣᠨ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠡᠭᠦᠳᠡ ᠡᠷᠦᠭᠡ ᠮᠥᠨ᠂ ᠮᠠᠨ ᠤ ᠤᠯᠤᠰ ᠵᠡᠭᠦᠨ ᠬᠤᠶᠢᠲᠤ ᠠᠽᠢᠶ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠠ ᠦᠢᠯᠡᠳᠦᠯ ᠡᠳᠦᠷ ᠢᠷᠡᠬᠦᠶ᠎ᠡ ᠲᠣᠪᠤᠶᠢᠮ᠎ᠠ ᠪᠣᠯᠵᠤ ᠪᠠᠶᠢᠨ᠎ᠠ᠃ ᠬᠤᠰᠢᠭᠤᠷᠠᠯ ᠤᠨ ᠤᠬᠠᠮᠰᠠᠷ᠂ ᠨᠡᠭᠡᠭᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠵᠡᠭᠦᠨ ᠬᠡᠰᠡᠭ ᠤᠨ ᠲᠠᠯᠠᠢ ᠳᠠᠭᠠᠤ ᠣᠷᠣᠨ ᠪᠣᠯᠣᠨ ᠪᠡᠭᠡᠵᠢᠩ ᠲᠢᠶᠠᠨᠵᠢᠨ ᠾᠧᠪᠧᠢ ᠯᠦᠭᠡ ᠶᠢᠨ ᠬᠠᠷᠢᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ᠃ ᠵᠡᠭᠦᠨ ᠬᠤᠶᠢᠲᠤ ᠣᠷᠣᠨ ᠤ ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠰᠢᠰᠲ᠋ᠧᠮ ᠲᠠᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ᠂ ᠲᠦᠷᠭᠡᠨ ᠤ ᠲᠡᠮᠦᠷ ᠵᠠᠮ ᠤᠨ ᠲᠣᠣᠷ ᠪᠣᠯᠣᠨ ᠲᠡᠮᠦᠷ ᠵᠠᠮ ᠤᠨ ᠲᠣᠣᠷ᠂ ᠰᠢᠨ᠎ᠡ ᠭᠡᠯᠪᠡᠷᠢ ᠶᠢᠨ ᠴᠠᠭᠢᠯᠭᠠᠨ ᠲᠣᠣᠷ ᠪᠣᠯᠣᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ᠂ ᠰᠢᠨ᠎ᠡ ᠨᠢᠭᠡ ᠦᠶ᠎ᠡ ᠶᠢᠨ ᠰᠢᠯᠵᠢᠭᠡ ᠴᠢᠮᠡᠭᠡ ᠬᠤᠯᠪᠤᠭ᠎ᠠ ᠪᠣᠯᠣᠨ ᠳ᠋ᠠᠶᠢᠲ᠋ᠠ ᠶᠢᠨ ᠲᠣᠣᠷ ᠢ ᠲᠦᠷᠭᠡᠨ ᠨᠤᠲᠠᠯᠠᠬᠤ ᠪᠠ ᠪᠦᠲᠦᠭᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠪᠦᠭᠦ ᠤᠯᠤᠰ ᠤᠨ ᠨᠢᠭᠡᠳᠦᠯᠲᠡᠢ ᠶᠡᠭᠡ ᠵᠠᠬ᠎ᠠ ᠳᠡᠯᠭᠡᠭᠦᠷ ᠲᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠳᠦᠷᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ᠃ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠳᠥᠭᠦᠮᠴᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠭᠡ ᠪᠠᠷ ᠬᠥᠭᠵᠢᠭᠦᠯᠵᠦ᠂ ᠭᠡᠷ ᠪᠦᠯᠢ ᠶᠢᠨ ᠦᠷᠡᠵᠢᠯ ᠠᠰᠠᠷᠠᠬᠤ ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠵᠣᠬᠢᠬᠤ ᠦᠷᠡᠵᠢᠯ ᠤᠨ ᠨᠣᠷᠮ᠎ᠠ ᠪᠠ ᠬᠥᠮᠥᠨ ᠠᠮᠠ ᠶᠢᠨ ᠬᠡᠪᠴᠢᠶ᠎ᠡ ᠶᠢ ᠪᠠᠲᠤᠯᠠᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠵᠡᠭᠦᠨ ᠬᠤᠶᠢᠲᠤ ᠶᠢᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠪᠦᠭᠦ ᠠᠷᠠᠳ ᠢᠯᠠᠩᠭᠤᠶ᠎ᠠ ᠵᠠᠯᠠᠭᠤᠴᠤᠳ ᠤᠨ ᠰᠤᠷᠭᠠᠨ ᠬᠥᠮᠦᠵᠢᠯ ᠭᠦᠷᠲᠡᠭᠦ ᠲᠦᠪᠰᠢᠨ ᠢ ᠳᠡᠭᠡᠭᠰᠢᠯᠡᠭᠦᠯᠵᠦ᠂ ᠬᠥᠮᠥᠨ ᠠᠮᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠶᠢ ᠡᠭᠦᠳᠬᠦ ᠠᠵᠤ ᠦᠢᠯᠡᠰ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠦᠢᠯᠡᠰ ᠪᠣᠰᠬᠠᠵᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠡᠭᠦᠨ ᠬᠤᠶᠢᠲᠤ ᠣᠷᠣᠨ ᠤ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ ᠬᠡᠷᠡᠭᠲᠡᠢ᠃ ᠬᠢᠯᠢ ᠳᠠᠭᠠᠤ ᠣᠷᠣᠨ ᠤ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠳᠠᠭᠠᠤ ᠠᠶᠢᠯ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠣᠲᠣ ᠶᠢᠨ ᠪᠠᠶᠢᠭ᠎ᠠ ᠬᠥᠮᠥᠨ ᠠᠮᠠ ᠶᠢ ᠴᠢᠷᠮᠠᠶᠢᠨ ᠦᠯᠡᠳᠡᠭᠡᠬᠦ ᠶᠢᠨ ᠬᠠᠮᠲᠤ ᠬᠢᠯᠢ ᠳᠠᠭᠠᠤ ᠶᠢᠨ ᠠᠷᠠᠯᠵᠢᠶ᠎ᠠ᠂ ᠬᠢᠯᠢ ᠳᠠᠭᠠᠤ ᠶᠢᠨ ᠵᠢᠭᠤᠯᠴᠢᠯᠠᠯ ᠪᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠬᠢᠯᠢ ᠳᠠᠭᠠᠤ ᠬᠤᠲᠠ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠᠶᠢᠭᠤᠯᠬᠤ ᠶᠢ ᠳᠡᠮᠵᠢᠵᠦ᠂ ᠰᠢᠶᠠᠨ ᠤ ᠬᠤᠲᠠ ᠪᠣᠯᠣᠨ ᠵᠢᠵᠢᠭ ᠬᠤᠲᠠ ᠪᠠᠯᠭᠠᠰᠤ ᠶᠢ ᠬᠠᠪᠰᠤᠷᠤᠨ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ ᠪᠣᠯᠣᠨ ᠬᠥᠮᠥᠨ ᠠᠮᠠ ᠶᠢ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠬᠢᠯᠢ ᠬᠢᠵᠠᠭᠠᠷ ᠣᠷᠣᠨ ᠢ ᠬᠠᠮᠠᠭᠠᠯᠠᠬᠤ ᠨᠠᠩ ᠬᠦᠴᠦᠲᠡᠢ ᠨᠥᠬᠦᠪᠦᠷᠢ ᠥᠭᠬᠦ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠢᠯᠢᠳᠡᠭᠵᠢᠭᠦᠯᠵᠦ᠂ ᠬᠤᠳᠠᠯᠳᠤᠭ᠎ᠠ ᠡᠷᠭᠢᠯᠡᠭᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠵᠡᠭᠦᠨ ᠬᠤᠶᠢᠲᠤ ᠶᠢᠨ ᠶᠠᠫᠤᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠵᠣᠷᠢᠭ ᠰᠠᠨᠠᠭ᠎ᠠ᠂ ᠳ᠋ᠠᠴᠢᠩ ᠤᠨ ᠵᠣᠷᠢᠭ ᠰᠠᠨᠠᠭ᠎ᠠ ︵ᠲᠡᠮᠦᠷ ᠬᠥᠮᠥᠨ ᠤ ᠵᠣᠷᠢᠭ ᠰᠠᠨᠠᠭ᠎ᠠ︶᠂ ᠤᠮᠠᠷᠠᠲᠤ ᠶᠢᠨ ᠶᠡᠭᠡ ᠠᠲᠠᠷ ᠬᠠᠭᠠᠯᠪᠤᠷᠢᠯᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠵᠤ᠂ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠬᠦ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠠᠵᠢᠯ ᠬᠢᠬᠦ ᠶᠢ ᠱᠠᠯᠠᠪᠳᠠᠭᠤᠯᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠪᠠᠨ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠲᠡᠪᠴᠢᠬᠦ ᠬᠡᠷᠡᠭᠲᠡᠢ᠃ ᠵᠠᠰᠠᠭ ᠤᠨ ᠣᠷᠳᠣᠨ ᠪᠠ ᠬᠤᠳᠠᠯᠳᠤᠭᠠᠨ ᠤ ᠬᠤᠭᠤᠷᠣᠨᠳᠣᠭᠢ ᠳᠣᠲᠣᠨᠣ ᠴᠢᠬᠡᠴᠢ ᠨᠢᠭᠡᠳᠦᠯᠲᠡᠢ ᠰᠢᠨ᠎ᠡ ᠭᠡᠯᠪᠡᠷᠢ ᠶᠢᠨ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠦᠴᠢᠷ ᠵᠣᠪᠠᠯᠠᠩ ᠢ ᠨᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠮᠥᠷᠲᠡᠭᠡᠨ ᠪᠠᠰᠠ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ᠂ ᠵᠥᠷᠢᠴᠡᠯ ᠢ ᠰᠢᠢᠳᠪᠦᠷᠢᠯᠡᠬᠦ᠂ ᠬᠠᠷᠢᠴᠠᠭ᠎ᠠ ᠶᠢ ᠵᠣᠬᠢᠴᠠᠭᠤᠯᠬᠤ ᠳᠠᠭᠠᠨ ᠴᠢᠳᠠᠮᠠᠭᠠᠢ ᠪᠠᠶᠢᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠲᠣᠭᠲᠠᠭᠤᠨ᠂ ᠢᠯᠡ ᠲᠣᠳᠣ᠂ ᠵᠢᠷᠤᠮᠵᠢᠯ ᠲᠠᠢ᠂ ᠵᠢᠱᠢᠵᠦ ᠪᠣᠯᠬᠤᠶᠢᠴᠠ ᠬᠠᠤᠯᠢᠵᠢᠯ ᠤᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ ᠨᠠᠮᠳᠠᠭᠠᠵᠤ᠂ ᠳᠤᠮᠳᠠ ᠪᠠᠭ᠎ᠠ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠦᠷᠭᠡᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠵᠤ᠂ ᠡᠷᠡᠭᠦᠯ ᠡᠩᠬᠡ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠳᠠᠭᠢᠨ ᠴᠣᠭᠴᠠᠯᠠᠬᠤ ᠬᠡᠷᠡᠭᠲᠡᠢ᠃ ᠵᠡᠭᠦᠨ ᠬᠤᠶᠢᠲᠤ ᠣᠷᠣᠨ ᠪᠣᠯᠣᠨ ᠲᠥᠪ ᠤᠨ ᠪᠠ ᠲᠦᠷᠦ ᠶᠢᠨ ᠪᠠᠶᠢᠭᠤᠯᠭ᠎ᠠ᠂ ᠵᠡᠭᠦᠨ ᠡᠮᠦᠨᠡᠲᠦ ᠲᠠᠯᠠᠢ ᠳᠠᠭᠠᠤ ᠣᠷᠣᠨ ᠤ ᠺᠠᠳ᠋ᠷ ᠲᠠᠢ ᠲᠤᠰᠢᠶᠠᠯ ᠡᠭᠦᠷᠭᠡᠯᠡᠬᠦ ᠲᠦᠷ ᠴᠠᠭ ᠲᠤᠰᠢᠶᠠᠯ ᠡᠭᠦᠷᠭᠡᠯᠡᠬᠦ ᠪᠠ ᠬᠤᠣᠰ ᠴᠢᠭᠯᠡᠯ ᠢᠶᠠᠷ ᠰᠣᠯᠢᠯᠴᠠᠬᠤ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠲᠤᠰᠬᠠᠶᠢᠵᠢᠭᠰᠠᠨ ᠬᠡᠪ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢ ᠲᠠᠢ ᠶᠢ ᠨᠢ ᠳᠡᠪᠰᠢᠭᠦᠯᠬᠦ᠂ ᠰᠢᠯᠢᠳᠡᠭ ᠢ ᠨᠢ ᠱᠠᠩᠨᠠᠬᠤ᠂ ᠶᠡᠷᠦᠮᠳᠡᠭ ᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠣᠯᠭᠠᠭᠤᠯᠵᠤ ᠬᠤᠯᠪᠣᠯᠳᠤᠭᠤᠯᠬᠤ ᠶᠢ ᠴᠢᠬᠤᠯᠠᠴᠢᠯᠠᠨ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠶᠢᠨ ᠳᠤᠷᠠᠳᠤᠭᠰᠠᠨ ᠬᠠᠷᠠᠯᠲᠠ ᠱᠠᠭᠠᠷᠳᠠᠯᠭ᠎ᠠ ᠪᠣᠯᠣᠨ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ᠂ ᠨᠠᠮ ᠤᠨ ᠭᠡᠰᠢᠭᠦᠨ᠂ ᠺᠠᠳ᠋ᠷ ᠤᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠵᠣᠷᠢᠭ ᠰᠠᠨᠠᠭ᠎ᠠ ᠪᠠᠨ ᠬᠥᠪᠴᠢᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠥᠯᠥᠪᠵᠢᠭᠦᠯᠬᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ  ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠣᠪᠣᠷ ᠪᠣᠯᠣᠨ ᠪᠣᠳᠠᠲᠠᠢ ᠶᠢ ᠡᠷᠭᠢᠮᠯᠡᠭᠦ ᠵᠣᠷᠢᠭ ᠰᠠᠨᠠᠭ᠎ᠠ ᠪᠠᠷ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷ ᠢ ᠱᠠᠯᠠᠪᠳᠠᠭᠤᠯᠤᠨ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠲᠠᠯ᠎ᠠ ᠪᠠᠷ ᠬᠢ ᠠᠰᠠᠭᠤᠳᠠᠯ ᠳᠤ ᠵᠥᠪ ᠢᠶᠠᠷ ᠬᠠᠨᠳᠤᠬᠤ ᠪᠠ ᠰᠢᠢᠳᠪᠦᠷᠢᠯᠡᠵᠦ᠂ ᠰᠢᠨ᠎ᠡ ᠰᠤᠷᠲᠠᠯ ᠲᠥᠪ ᠰᠤᠷᠲᠠᠯ ᠢᠶᠠᠷ ᠠᠷᠠᠳ ᠤᠯᠠᠨ ᠤ ᠬᠥᠭᠵᠢᠯᠲᠡ ᠶᠢᠨ ᠢᠲᠡᠭᠡᠯ ᠵᠣᠷᠢᠭ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ ᠬᠠᠮᠤᠭ ᠤᠨ ᠰᠡᠭᠦᠯ ᠳᠤ᠂ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠵᠡᠭᠦᠨ ᠬᠤᠶᠢᠲᠤ ᠶᠢᠨ ᠵᠠᠷᠢᠮ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠤᠴᠠᠷᠠᠪᠠ᠃ ᠨᠠᠮ ᠤᠨ ᠲᠥᠪ ᠬᠤᠷᠢᠶ᠎ᠠ ᠠᠴᠠ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠭᠠᠮᠰᠢᠭᠳᠠᠭᠰᠠᠨ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠣᠷᠣᠨ ᠤ ᠰᠤᠷᠤᠬᠴᠢᠳ ᠢ ᠰᠤᠷᠭᠠᠭᠤᠯᠢ ᠳᠤ ᠰᠠᠭᠤᠯᠭᠠᠬᠤ ᠶᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠶᠢ ᠬᠦᠰᠡᠵᠦ ᠪᠠᠶᠢᠨ᠎ᠠ᠃ ᠨᠠᠮᠤᠷ ᠤᠨ ᠦᠶᠡᠷ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠵᠦ᠂ ᠪᠡᠯᠡᠳᠬᠡᠯ ᠲᠠᠢ ᠪᠣᠯ ᠪᠠᠯᠠᠳᠠᠬᠤ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ ᠥᠷᠭᠡᠳᠬᠡᠵᠦ᠂ ᠬᠥᠭᠵᠢᠯᠲᠡ ᠶᠢᠨ ᠳᠣᠲᠣᠭᠠᠳᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡ ᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠢᠯᠡᠳᠬᠡᠪᠡ᠃    ᠯᠢ ᠭᠠᠨ ᠵᠢᠶᠧ᠂ ᠾᠧ ᠯᠢ ᠹᠧᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号