ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠭᠡᠷ ᠤᠨ ᠬᠢᠨ ᠤ 9 ᠳ᠋ᠤᠬᠡᠷ ᠰᠠᠷ᠎ᠠ ᠶᠢᠨ 12 ᠤᠨ ᠡᠳᠦᠷ ᠬᠤᠷᠠᠯᠳᠤᠭᠤᠯᠤᠭᠰᠠᠨ ᠭᠤᠣᠯ ᠰᠡᠳᠦᠪᠲᠦ ᠰᠣᠨᠢᠨ | ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠪᠤᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ 60 ᠲᠦᠮᠡᠨ ᠵᠦᠢᠯᠡᠰ ᠢ ᠴᠥᠮ ︽ᠨᠢᠭᠡ ᠰᠦᠯᠵᠢᠶᠡᠨ ᠳᠤ ᠣᠷᠣᠭᠤᠯᠵᠤ᠂ | ᠨᠡᠶᠢᠳᠡᠮ ᠰᠢᠢᠳᠪᠦᠷᠢᠯᠡᠵᠦ ᠪᠣᠯᠬᠤ︾ ᠶᠢ ᠪᠡᠶᠡᠯᠡᠭᠦᠯᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠬᠡᠬᠦ ᠨᠣᠷᠮ᠎ᠠ 98% ᠳᠤ ᠬᠦᠷᠴᠦ᠂ ᠪᠥᠬᠦ | ᠶᠠᠪᠤᠴᠠ ᠶᠢᠨ ᠰᠦᠯᠵᠢᠶᠡᠨ ᠳᠡᠭᠡᠷ᠎ᠡ ᠬᠦᠢᠴᠡᠳᠬᠡᠬᠦ ᠨᠣᠷᠮ᠎ᠠ 85% ᠶᠢ ᠲᠠᠪᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠢᠨ ᠠᠵᠤ | ᠠᠬᠤᠶᠢᠯᠠᠯ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠶᠠᠪᠤᠳᠠᠯ | ᠭᠦᠢᠴᠡᠳᠬᠡᠬᠦ ᠶᠠᠪᠤᠴᠨ ᠳᠤ ᠬᠢ ᠲᠦᠭᠵᠢᠷᠡᠯ᠂ ᠬᠦᠴᠢᠷᠳᠡᠯ᠂ ᠪᠡᠷᠬᠡᠰᠢᠶᠡᠯ ᠤᠨ ᠲᠣᠭᠤᠷᠢᠨ ᠳᠤ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ 81 ᠵᠦᠢᠯᠡᠰ ᠢ | ᠵᠢᠷᠤᠮᠵᠢᠭᠤᠯᠵᠤ᠂ ᠣᠯᠠᠨ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ | ᠰᠦᠢᠳᠬᠡᠯ ᠲᠤᠰᠢᠶᠠᠬᠤ ᠴᠢᠬᠤᠯᠠᠲᠠᠢ ᠭᠤᠷᠪᠠᠳᠤᠭᠠᠷ ᠡᠲᠡᠭᠡᠳ ᠠᠴᠠ ᠭᠠᠷᠭᠠᠵᠤ ᠥᠭᠬᠦ ᠭᠡᠷᠡᠴᠢ ᠮᠠᠲ᠋ᠧᠷᠢᠶᠠᠯ ᠢ | ᠪᠠᠭᠠᠰᠬᠠᠪᠠ᠃ ᠢᠯᠠᠩᠭᠤᠶ᠎ᠠ ︽ᠬᠤᠶᠠᠷ ᠰᠢᠯᠢᠳᠡᠭ︾ ᠲᠤᠰᠬᠠᠢ ᠠᠵᠢᠯᠯᠠᠭ᠎ᠠ ᠦᠷᠨᠢᠬᠦᠯᠦᠭᠰᠡᠨ ᠠᠴᠠ ᠨᠠᠭᠠᠰᠢ | ᠥᠪᠡᠷᠲᠡᠭᠡᠨ ᠵᠠᠰᠠᠬᠤ ᠣᠷᠣᠨ ᠤ ᠱᠠᠲᠤᠨ ᠤ 72 ᠡᠷᠬᠡ ᠶᠢ ᠬᠦᠴᠦᠨ ᠦᠭᠡᠢ ᠪᠣᠯᠭᠠᠵᠤ᠂ 679 ᠵᠦᠢᠯ ᠢ | ᠳᠣᠷᠣᠭᠰᠢ ᠪᠠᠭᠤᠯᠭᠠᠨ᠂ ᠬᠡᠷᠡᠭ ᠭᠦᠢᠴᠡᠳᠬᠡᠬᠦ ᠴᠠᠭ ᠢ 49.4%᠂ ᠭᠤᠭᠴᠤᠭ᠎ᠠ ᠶᠢ 20.8%᠂ ᠮᠠᠲ᠋ᠧᠷᠢᠶᠠᠯ ᠢ | 26.5% ᠪᠠᠷ ᠪᠠᠭᠠᠰᠬᠠᠪᠠ᠃ | ᠡᠭᠦᠨ ᠠᠴᠠ ᠭᠠᠳᠠᠨ᠎ᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ | 1114 ᠵᠦᠢᠯ ᠤᠨ ᠣᠨᠴᠠᠯᠢᠭᠲᠤ ᠬᠡᠷᠡᠭᠯᠡᠭᠡᠨ ᠳᠤ ᠣᠷᠣᠭᠤᠯᠵᠤ᠂ 2707 ᠲᠤᠰᠬᠠᠢ ᠰᠡᠳᠦᠪᠲᠦ ᠣᠨᠴᠠᠯᠢᠭᠲᠤ | ᠦᠢᠯᠡᠴᠢᠯᠡᠭᠡ ᠶᠢ ᠲᠣᠬᠢᠷᠠᠭᠤᠯᠪᠠ᠃ ᠰᠠᠯᠠᠭ᠎ᠠ ᠮᠥᠴᠢᠷ ᠠᠯᠤᠰᠯᠠᠭᠰᠠᠨ ᠬᠡᠷᠡᠭ ᠶᠠᠪᠤᠳᠠᠯ ᠢ ︽ᠲᠥᠪᠯᠡᠷᠡᠭᠦᠯᠦᠨ | ᠭᠦᠢᠴᠡᠳᠬᠡᠬᠦ︾ ᠲᠠᠪᠴᠠᠩ ᠢ ᠨᠠᠩ ᠣᠯᠠᠨ ᠭᠠᠷᠭᠠᠵᠤ᠂ ᠪᠥᠬᠦ ᠣᠷᠣᠨ ᠳᠤ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠴᠤᠩᠬᠤᠪᠴᠢ 1200 ᠭᠠᠷᠤᠢ ᠭᠠᠷᠭᠠᠵᠤ᠂ 115 ᠵᠦᠢᠯ ᠢ ︽ᠨᠢᠭᠡ ᠶᠠᠪᠤᠳᠠᠯ︾ | ᠢ ᠦᠨᠳᠦᠰᠦᠨ ᠳᠤ ᠪᠠᠨ ᠳᠠᠭᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠪᠤᠯᠭᠠᠪᠠ᠃ ᠪᠠᠰᠨ︽ | ᠨᠢᠭᠡ ᠰᠦᠯᠵᠢᠶ᠎ᠡ ᠪᠠᠷ ᠲᠤᠭᠤᠰᠢᠳᠠᠢ ᠰᠢᠢᠳᠪᠦᠷᠢᠯᠡᠬᠦ︾ ᠲᠤᠭ᠎ᠠ ᠪᠠᠷᠢᠮᠲᠠ ᠶᠢᠨ ᠰᠠᠭᠤᠷᠢ ᠶᠢ ᠪᠥᠬᠦ ᠲᠠᠯ᠎ᠠ ᠪᠠᠷ | ᠪᠠᠬᠢᠵᠢᠭᠦᠯᠵᠦ᠂ ᠪᠥᠬᠦ ᠣᠷᠣᠨ ᠤ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠶᠢ ᠨᠢᠭᠡᠨᠲᠡ 640 ᠲᠥᠷᠥᠯ᠂ | 6980 ᠲᠦᠮᠡᠨ ᠵᠤᠷᠪᠤᠰ ᠴᠤᠭᠯᠠᠭᠤᠯᠵᠤ᠂ ᠬᠤᠪᠢᠶᠠᠯᠴᠠᠵᠤ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 11 | ᠳ᠋ᠦᠩᠰᠢᠭᠤᠷ ᠤᠳᠠᠭ᠎ᠠ ᠶᠢ ᠳᠠᠪᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ 12.3 | ᠳ᠋ᠦᠩᠰᠢᠭᠤᠷ ᠵᠤᠷᠪᠤᠰ ᠬᠤᠷᠠᠮᠳᠤᠭᠤᠯᠵᠤ᠂ ᠦᠨᠤ ᠵᠢᠯ ᠤᠨ 1 ᠳ᠋ᠤᠬᠡᠷ ᠰᠠᠷ᠎ᠠ ᠠᠴᠠ ᠣᠲᠣ ᠪᠣᠯᠲᠠᠯ᠎ᠠ ᠲᠤᠭ᠎ᠠ | ᠪᠠᠷᠢᠮᠲᠠ ᠶᠢ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 100.29 ᠳ᠋ᠦᠩᠰᠢᠭᠤᠷ ᠤᠳᠠᠭ᠎ᠠ ᠳᠤ ᠬᠦᠷᠦᠭᠰᠡᠨ ᠪᠠᠶᠢᠨ᠎ᠠ᠃ | | | | | | | | | | | | | | |