︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠬᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠳᠠ ᠶᠢᠨ ᠬᠠᠤᠯᠢ︾
ᠨᠡᠶᠢᠲᠡᠯᠡᠭᠰᠡᠨ ᠴᠠᠭ᠄
2023/9/14
ᠲᠠᠪᠤᠳᠤᠭᠠᠷ ᠪᠦᠯᠦᠭ   ᠪᠠᠲᠤᠯᠠᠭ᠎ᠠ ᠶᠢᠨ ᠠᠷᠭ᠎ᠠ    ᠲᠠᠪᠢᠳᠤᠭᠠᠷ ᠵᠦᠢᠯ᠄ ᠤᠯᠤᠰ ᠠᠴᠠ ᠬᠠᠷᠰᠢ ᠰᠠᠭᠠᠳ ᠦᠭᠡᠢ ᠣᠷᠴᠢᠨ ᠲᠤᠭᠤᠷᠢᠨ ᠤ ᠣᠶᠢᠯᠠᠭᠠᠭᠳᠠᠬᠤᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠰᠠᠭᠠᠳ ᠦᠭᠡᠢ ᠣᠷᠴᠢᠨ ᠲᠤᠭᠤᠷᠢᠨ ᠤ ᠮᠡᠳᠡᠯᠭᠡ ᠶᠢ ᠲᠦᠭᠡᠮᠡᠯᠵᠢᠭᠦᠯᠵᠦ ᠂  ᠰᠠᠭᠠᠳ ᠦᠭᠡᠢ ᠣᠷᠴᠢᠨ ᠲᠤᠭᠤᠷᠢᠨ ᠤ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠨᠡᠶᠢᠭᠡᠮ ᠳᠠᠶᠠᠭᠠᠷ ᠤᠨ ᠬᠢᠨ  ᠤ ᠰᠠᠭᠠᠳ ᠦᠭᠡᠢ ᠣᠷᠴᠢᠨ  ᠲᠤᠭᠤᠷᠢᠨ ᠤ ᠲᠤᠬᠠᠢ ᠤᠬᠠᠮᠰᠠᠷ ᠢ ᠳᠡᠭᠡᠭᠰᠢᠯᠡᠭᠦᠯᠦᠨ᠎ᠡ᠃  ᠰᠣᠨᠢᠨ ᠮᠡᠳᠡᠭᠡᠨ ᠤ ᠵᠠᠭᠤᠴᠢᠰ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ ᠬᠢᠬᠦ ᠬᠡᠷᠡᠭᠳᠡᠢ᠃   ᠲᠠᠪᠢᠨ ᠨᠢᠭᠡᠳᠦᠭᠡᠷ ᠵᠦᠢᠯ᠄ ᠤᠯᠤᠰ ᠠᠴᠠ ᠨᠡᠶᠢᠳᠡᠮ ᠬᠡᠷᠡᠭᠯᠡᠭᠡᠨ ᠤ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠳᠡᠯᠭᠡᠷᠡᠭᠦᠯᠵᠦ᠂ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠭᠠᠭᠤᠯᠬᠤ ᠦᠢᠯᠡᠳᠤᠯ ᠪᠦᠬᠦᠢ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠵᠣᠷᠢᠭᠵᠢᠭᠤᠯᠤᠨ ᠬᠥᠭᠵᠢᠭᠦᠯᠵᠦ᠂ ᠪᠠᠷᠢᠮᠵᠢᠶ᠎ᠠ ᠶᠢᠨ ᠬᠤᠭᠤᠷᠣᠨᠳᠣᠬᠢ ᠵᠤᠯᠭᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ᠎ᠠ᠃   ᠣᠷᠣᠨ ᠨᠤᠲᠤᠭ ᠤᠨ ᠬᠢᠨ ᠤ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠭᠰᠠᠨ ᠣᠷᠣᠨ ᠨᠤᠲᠤᠭ ᠤᠨ ᠪᠠᠷᠢᠮᠵᠢᠶ᠎ᠠ ᠨᠢ ᠤᠯᠤᠰ ᠤᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃  ᠲᠠᠪᠢᠨ ᠬᠤᠶᠠᠳᠤᠭᠠᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠪᠠᠷᠢᠮᠵᠢᠶ᠎ᠠ ᠶᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠤ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ  ᠪᠤᠯᠤᠨ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠬᠢᠨ ᠤ ᠰᠠᠨᠠᠯ ᠢ ᠬᠤᠷᠢᠶᠠᠬᠤ ᠬᠡᠷᠡᠭᠲᠡᠢ᠃ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠬᠢᠨ ᠬᠠᠤᠯᠢ ᠶᠣᠰᠣᠭᠠᠷ ᠳᠤᠷᠠᠳᠴᠤ ᠪᠣᠯᠣᠨ᠎ᠠ᠃  ᠲᠠᠪᠢᠨ ᠭᠤᠷᠪᠠᠳᠤᠭᠠᠷ ᠵᠦᠢᠯ᠄ ᠰᠠᠭᠠᠳ ᠦᠭᠡᠢ ᠤᠷᠴᠢᠨ ᠲᠤᠭᠤᠷᠢᠨ ᠤ ᠵᠢᠷᠤᠭ ᠲᠥᠯᠥᠪᠯᠡᠭᠡ᠂ ᠲᠥᠬᠦᠭᠡᠷᠦᠮᠵᠢ᠂ ᠦᠢᠯᠡᠳᠬᠦᠨ᠂ ᠦᠢᠯᠡᠴᠢᠯᠡᠭᠡ ᠶᠢ ᠭᠡᠷᠡᠴᠢᠯᠡᠬᠦ ᠪᠠ ᠰᠠᠭᠠᠳ ᠦᠭᠡᠢ ᠤᠷᠴᠢᠨ ᠲᠤᠭᠤᠷᠢᠨ ᠤ ᠮᠡᠳᠡᠭᠡ ᠵᠠᠩᠭᠢ ᠶᠢ  ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠦᠷ᠎ᠡ ᠳ᠋ᠦᠩ ᠢ ᠦᠨᠡᠮᠰᠢᠭᠦᠯᠦᠨ ᠬᠡᠷᠡᠭᠯᠡᠬᠦ ᠶᠢ ᠤᠯᠤᠰ ᠠᠴᠠ ᠠᠬᠢᠭᠤᠯᠤᠨ᠎ᠠ᠃   ᠲᠠᠪᠢᠨ ᠳᠥᠷᠪᠡᠳᠦᠭᠡᠷ ᠵᠦᠢᠯ᠄ ᠵᠠᠷᠤᠳᠠᠯ ᠤᠨ ᠳᠡᠮᠵᠢᠯᠭᠡ ᠦᠵᠡᠭᠦᠯᠬᠦ᠂ ᠵᠠᠰᠠᠭ ᠤᠨ ᠣᠷᠳᠣᠨ ᠬᠤᠳᠠᠯᠳᠤᠨ ᠠᠪᠴᠤ ᠦᠭᠭᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠪᠠᠷ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠬᠢ ᠬᠡᠷᠡᠭᠯᠡᠯᠲᠡ ᠶᠢ ᠠᠬᠢᠭᠤᠯᠵᠤ᠂ ᠰᠠᠭᠠᠳ ᠦᠭᠡᠢ ᠤᠷᠴᠢᠨ ᠲᠤᠭᠤᠷᠢᠨ ᠤ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠬᠡᠷᠡᠭᠯᠡᠬᠦ ᠪᠠ ᠳᠡᠯᠭᠡᠷᠡᠭᠦᠯᠬᠦ ᠶᠢ ᠤᠯᠤᠰ ᠠᠴᠠ ᠵᠣᠷᠢᠭᠵᠢᠭᠤᠯᠵᠤ᠂ ᠰᠠᠭᠠᠳ ᠦᠭᠡᠢ ᠲᠥᠬᠦᠭᠡᠷᠦᠮᠵᠢ᠂ ᠮᠡᠳᠡᠭᠡ ᠵᠠᠩᠭᠢ ᠪᠠ ᠦᠢᠯᠡᠴᠢᠯᠡᠭᠡ ᠶᠢ ᠠᠭᠤᠰᠤᠯᠴᠠᠨ ᠬᠦᠭᠵᠢᠬᠦᠯᠬᠦ ᠶᠢ ᠤᠯᠤᠰ ᠠᠴᠠ ᠳᠡᠮᠵᠢᠨ᠎ᠡ᠃   ᠲᠠᠪᠢᠨ ᠲᠠᠪᠤᠳᠤᠭᠠᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠦᠷᠢᠶ᠎ᠡ ᠴᠠᠷᠠᠭ᠎ᠠ ᠳᠤ ᠬᠢ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠤᠯᠤᠰ ᠠᠴᠠ ᠪᠠᠶᠢᠭᠤᠯᠤᠨ᠎ᠠ᠃    ᠳᠡᠭᠡᠳᠦ ᠵᠡᠷᠭᠡ ᠶᠢᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠪᠠ ᠬᠢᠴᠢᠶᠡᠯ ᠨᠡᠭᠡᠭᠡᠵᠦ᠂ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠤᠨᠤᠯ ᠤᠨ ᠰᠤᠳᠤᠯᠭᠠᠨ᠂ ᠤᠯᠠᠨ ᠤᠯᠤᠰ ᠤᠨ ᠰᠣᠯᠢᠯᠴᠠᠭ᠎ᠠ ᠪᠠ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠶᠢ ᠤᠯᠤᠰ ᠠᠴᠠ ᠵᠣᠷᠢᠭᠵᠢᠭᠤᠯᠤᠨ᠎ᠠ᠃   ᠪᠠᠷᠢᠯᠭ᠎ᠠ᠂ ᠵᠠᠮ ᠲᠡᠭᠡᠭᠡᠪᠦᠷᠢ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠵᠡᠷᠭᠡ ᠬᠤᠯᠪᠣᠭᠳᠠᠯ ᠪᠦᠬᠦᠢ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠳᠤ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠢᠭᠠᠨ ᠰᠤᠷᠭᠠᠯᠲᠠ ᠪᠠ ᠦᠢᠯᠡᠳᠦᠯᠭᠡ ᠶᠢᠨ ᠠᠭᠤᠯᠭ᠎ᠠ ᠶᠢ ᠨᠡᠮᠡᠬᠦ ᠬᠡᠷᠡᠭᠲᠡᠢ᠂ ᠬᠤᠯᠪᠣᠭᠳᠠᠯ ᠪᠦᠬᠦᠢ  ᠬᠦᠷᠢᠶ᠎ᠡ ᠴᠠᠷᠠᠭᠠᠨ‌‍ᠦ ᠠᠵᠢᠯ ᠮᠡᠷᠭᠡᠵᠢᠯ ᠤᠨ ᠬᠢᠷᠢ ᠬᠡᠮ᠂ ᠦᠷᠭᠦᠯᠵᠢᠯᠡᠭᠰᠡᠨ ᠰᠤᠷᠭᠠᠨ ᠬᠥᠮᠦᠵᠢᠯ ᠪᠤᠯᠤᠨ ᠪᠤᠰᠤᠳ ᠪᠣᠯᠪᠠᠰᠤᠷᠠᠯ ᠤᠨ ᠰᠢᠯᠭᠠᠯᠲᠠ ᠶᠢᠨ ᠠᠭᠤᠯᠭ᠎ᠠ ᠳᠤ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠮᠡᠳᠡᠯᠭᠡ ᠶᠢ ᠪᠠᠭᠲᠠᠭᠠᠬᠤ ᠬᠡᠷᠡᠭᠲᠡᠢ᠃  ᠲᠠᠪᠢᠨ ᠵᠢᠷᠭᠤᠳᠤᠭᠠᠷ ᠵᠦᠢᠯ᠄  ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠤᠯᠤᠨ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ` ᠶᠢᠨ ᠬᠢᠨ ᠠᠵᠢᠯᠲᠠᠳ ᠲᠤ ᠪᠠᠨ ᠰᠠᠭᠠᠳ ᠦᠭᠡᠢ ᠦᠢᠯᠡᠴᠢᠯᠡᠭᠡᠨ ᠤ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ ᠶᠢ ᠤᠯᠤᠰ ᠠᠴᠠ ᠵᠣᠷᠢᠭᠵᠢᠭᠤᠯᠤᠨ᠎ᠠ᠃   ᠲᠠᠪᠢᠨ ᠳᠣᠯᠣᠳᠤᠭᠠᠷ ᠵᠦᠢᠯ᠄ ᠬᠤᠳᠠ᠂ ᠪᠣᠯᠪᠠᠰᠤᠨ ᠭᠠᠴᠠᠭ᠎ᠠ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠰᠤᠷᠭᠠᠭᠤᠯᠢ ᠶᠢ ᠡᠬᠦᠳᠬᠦ ᠠᠵᠢᠯᠯᠠᠭ᠎ᠠ ᠶᠢ ᠲᠣᠳᠣᠷᠬᠠᠶᠢᠯᠠᠬᠤ ᠳᠤ ᠪᠠᠨ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号