︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠬᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠳᠠ ᠶᠢᠨ ᠬᠠᠤᠯᠢ︾
ᠨᠡᠶᠢᠲᠡᠯᠡᠭᠰᠡᠨ ᠴᠠᠭ᠄
2023/9/14
 ᠵᠢᠷᠭᠤᠳᠤᠭᠠᠷ ᠪᠦᠯᠦᠭ    ᠬᠢᠨᠠᠵᠤ ᠬᠠᠮᠢᠶᠠᠷᠬᠤ   ᠲᠠᠪᠢᠨ ᠨᠠᠢᠮᠠᠳᠤᠭᠠᠷ ᠵᠦᠢᠯ ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠯᠤᠨ‌ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠬᠠᠤᠯᠢ ᠶᠣᠰᠣᠭᠠᠷ ᠬᠢᠨᠠᠯᠲᠠ  ᠲᠠᠯᠪᠢᠨ ᠪᠠᠶᠢᠴᠠᠭᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠨ᠎ᠠ᠃   ᠲᠠᠪᠢ ᠶᠢᠰᠦᠳᠦᠭᠡᠷ ᠵᠦᠢᠯ ᠄ ᠤᠯᠤᠰ ᠠᠴᠠ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠬᠢᠨᠠᠨ ᠰᠢᠯᠭᠠᠵᠤ ᠦᠨᠡᠯᠡᠬᠦ ᠳᠦᠷᠢᠮ ᠢ ᠬᠡᠷᠡᠭᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠬᠢᠨᠠᠨ ᠰᠢᠯᠭᠠᠬᠤ ᠪᠣᠳᠠᠲᠠᠢ ᠠᠷᠭ᠎ᠠ ᠶᠢ ᠲᠤᠬᠳᠠᠭᠠᠨ᠎ᠠ᠃   ᠵᠢᠷᠠᠳᠤᠭᠠᠷ ᠵᠦᠢᠯ ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠦᠨᠳᠡᠯᠡᠨ ᠤ ᠪᠠᠶᠢᠭᠤᠯᠤᠮᠵᠢ  ᠳᠤ ᠨᠠᠶᠢᠳᠠᠵᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠬᠦᠯᠬᠦ ᠶᠢᠨ ᠬᠠᠮᠲᠤ ᠦᠨᠡᠯᠡᠭᠰᠡᠨ ᠳ᠋ᠦᠩ ᠢᠶᠠᠨ ᠢᠯᠡᠵᠢᠬᠦᠯᠵᠤ᠂ ᠨᠡᠶᠢᠭᠡᠮ ᠨᠡᠶᠢᠳᠡ ᠶᠢᠨ  ᠬᠢᠨ ᠤ ᠬᠢᠨᠠᠯᠲᠠ ᠶᠢ ᠬᠦᠯᠢᠶᠡᠨ᠎ᠡ᠃   ᠵᠢᠷᠠᠨ ᠨᠢᠭᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠵᠠᠷᠯᠠᠬᠤ ᠳᠦᠷᠢᠮ ᠢ ᠪᠠᠶᠢᠭᠤᠯᠵᠤ᠂   ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃   ᠵᠢᠷᠠᠨ ᠬᠤᠶᠠᠳᠤᠭᠠᠷ ᠵᠦᠢᠯ᠄ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠮᠡᠳᠡᠬᠦᠯᠬᠦ ᠡᠷᠬᠡ ᠲᠠᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠭᠰᠠᠨ ᠵᠠᠭᠠᠯᠳᠤᠯᠭ᠎ᠠ ᠪᠠ ᠮᠡᠳᠡᠭᠦᠯᠦᠯᠲᠡ ᠶᠢ ᠣᠯᠣᠭᠰᠠᠨ ᠲᠠᠷᠤᠢ ᠰᠢᠢᠳᠪᠦᠷᠢᠯᠡᠬᠦ ᠶᠢᠨ ᠬᠠᠮᠲᠤ ᠬᠠᠷᠢᠭᠤᠯᠲᠠ ᠥᠭᠬᠦ ᠬᠡᠷᠡᠭᠲᠡᠢ    ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠬᠢᠨ ᠬᠡᠷᠡᠭᠴᠡᠭᠡ ᠪᠠᠨ ᠦᠨᠳᠦᠰᠦᠯᠡᠨ᠂ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠬᠥᠮᠥᠰ ᠢ ᠤᠷᠢᠵᠤ᠂ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠣᠯᠣᠨ᠎ᠠ᠃   ᠰᠣᠨᠢᠨ ᠮᠡᠳᠡᠭᠡᠨ ᠤ  ᠵᠠᠭᠤᠴᠢᠰ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠵᠤ ᠪᠣᠯᠣᠨ᠎ᠠ᠃   ᠵᠢᠷᠠᠨ ᠭᠤᠷᠪᠠᠳᠤᠭᠠᠷ ᠵᠦᠢᠯ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠳᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠰᠠᠨᠠᠭᠤᠯᠭ᠎ᠠ ᠳᠤᠷᠠᠳᠬᠤ ᠪᠤᠶᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠣᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号