︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠬᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠳᠠ ᠶᠢᠨ ᠬᠠᠤᠯᠢ︾
ᠨᠡᠶᠢᠲᠡᠯᠡᠭᠰᠡᠨ ᠴᠠᠭ᠄
2023/9/14
ᠳᠣᠯᠣᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ   ᠵᠢᠷᠠᠨ ᠳᠥᠷᠪᠡᠳᠦᠭᠡᠷ ᠵᠦᠢᠯ ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠬᠤ ᠨᠢᠭᠡᠴᠢ ᠲᠤᠰ ᠬᠠᠤᠯᠢ ᠶᠢᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠤᠯᠲᠠ ᠬᠢᠭᠰᠡᠨ ᠦᠭᠡᠢ ᠪᠤᠯ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠰᠢᠢᠳᠬᠡᠨ᠎ᠡ᠃   ᠵᠢᠷᠠᠨ ᠲᠠᠪᠤᠳᠤᠭᠠᠷ ᠵᠦᠢᠯ᠄ ᠲᠤᠰ ᠬᠠᠤᠯᠢ ᠶᠢ ᠵᠥᠷᠢᠴᠡᠵᠦ᠂ ᠲᠠᠷᠠᠭᠠᠬᠢ ᠪᠠᠶᠢᠳᠠᠯ ᠤᠨ ᠨᠢᠭᠡ ᠶᠢ ᠭᠠᠷᠭᠠᠪᠠᠯ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠲᠦᠮᠡᠨ ᠠᠴᠠ ᠭᠤᠷᠪᠠᠨ ᠲᠦᠮᠡᠨ ᠲᠥᠭᠦᠷᠢᠭ ᠤᠨ ᠲᠤᠳᠤᠷ᠎ᠠ ᠵᠣᠭᠤᠰ ᠢᠶᠠᠷ ᠲᠤᠷᠭᠠᠵᠤ᠂ ᠬᠤᠪᠢ ᠬᠥᠮᠥᠨ ᠢ ᠵᠠᠭᠤ  ᠠᠴᠠ ᠲᠠᠪᠤᠨ ᠵᠠᠭᠤᠨ ᠲᠥᠭᠦᠷᠢᠭ ᠤᠨ ᠲᠤᠳᠤᠷ᠎ᠠ ᠵᠣᠭᠤᠰ ᠢᠶᠠᠷ  ᠲᠤᠷᠭᠠᠨ᠎ᠠ᠄   ︵ᠨᠢᠭᠡ︶ ᠰᠠᠭᠠᠳ ᠦᠭᠡᠢ  ᠲᠦᠬᠦᠬᠡᠷᠤᠮᠵᠢ ᠶᠢᠨ ᠬᠠᠷᠢᠭᠤᠴᠠᠯᠭᠠᠲᠠᠨ ᠨᠢ ᠬᠠᠮᠠᠭᠠᠯᠠᠬᠤ ᠪᠠ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠰᠠᠭᠠᠳ ᠦᠭᠡᠢ ᠲᠦᠬᠦᠬᠡᠷᠤᠮᠵᠢ ᠶᠢᠨ ᠴᠢᠳᠠᠮᠵᠢ ᠬᠡᠪ ᠤᠨ ᠪᠤᠰᠤ ᠪᠠ ᠠᠮᠤᠷ ᠲᠦᠪᠰᠢᠨ ᠤ ᠪᠠᠳᠤᠯᠠᠭ᠎ᠠ ᠦᠭᠡᠢ᠃   ︵ᠬᠤᠶᠠᠷ︶ ᠲᠥᠷ ᠴᠠᠭ ᠤᠨ ᠲᠣᠬᠢᠷᠠᠭᠤᠯᠤᠭᠰᠠᠨ ᠰᠠᠭᠠᠳ ᠦᠭᠡᠢ ᠲᠦᠬᠦᠬᠡᠷᠤᠮᠵᠢ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠢ᠃︵ᠭᠤᠷᠪᠠ︶  ᠰᠠᠭᠠᠳ ᠦᠭᠡᠢ ᠲᠥᠬᠦᠭᠡᠷᠦᠮᠵᠢ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠰᠠᠭᠠᠳ ᠦᠭᠡᠢ ᠲᠥᠬᠦᠭᠡᠷᠦᠮᠵᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠪᠳᠡᠭᠰᠡᠨ᠃   ᠵᠢᠷᠠᠨ ᠵᠢᠷᠭᠤᠳᠤᠭᠠᠷ ᠵᠦᠢᠯ ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠠᠭᠠᠳ ᠦᠭᠡᠢ ᠤᠷᠴᠢᠨ ᠲᠤᠭᠤᠷᠢᠨ ᠤ ᠮᠡᠳᠡᠭᠡ ᠵᠠᠩᠭᠢ ᠰᠣᠯᠢᠯᠴᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ  ᠪᠤᠯ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠴᠠᠬᠢᠯᠭᠠᠨ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠮᠡᠳᠡᠭᠡ ᠬᠡᠪᠯᠡᠯ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠨᠢ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠨᠡᠶᠢᠳᠡ ᠳᠤ ᠵᠠᠷᠯᠠᠨ ᠰᠢᠭᠦᠮᠵᠢᠯᠡᠨ᠎ᠡ᠃  ᠵᠢᠷᠠᠨ ᠳᠣᠯᠣᠳᠤᠭᠠᠷ ᠵᠦᠢᠯ᠄ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠬᠠᠤᠯᠢ ᠶᠣᠰᠣᠭᠠᠷ  ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠰᠠᠨ ᠦᠭᠡᠢ ᠪᠤᠯ ᠴᠠᠬᠢᠯᠭᠠᠨ ᠬᠤᠯᠪᠣᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠲᠤᠬᠠᠢ ᠶᠢᠨ ᠡᠵᠡᠩᠨᠡᠭᠴᠢ ᠶᠢ ᠲᠦᠮᠨ ᠠᠴᠠ ᠠᠷᠪᠠᠨ ᠲᠦᠮᠡᠨ ᠲᠥᠭᠦᠷᠢᠭ ᠤᠨ ᠲᠤᠳᠤᠷ᠎ᠠ ᠵᠣᠭᠤᠰ ᠢᠶᠠᠷ ᠲᠤᠷᠭᠠᠨ᠎ᠠ᠃   ᠵᠢᠷᠠᠨ ᠨᠠᠢᠮᠠᠳᠤᠭᠠᠷ ᠵᠦᠢᠯ᠄ ᠤᠯᠠᠨ ᠨᠡᠶᠢᠲᠡ ᠶᠢᠨ ᠦᠢᠯᠡᠴᠢᠯᠡᠭᠡᠨ ᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠠ ᠨᠢᠭᠡᠴᠢ ᠬᠠᠤᠯᠢ ᠶᠣᠰᠣᠭᠠᠷ ᠰᠠᠭᠠᠳ ᠦᠭᠡᠢ ᠨᠡᠶᠢᠭᠡᠮ ᠤᠨ ᠦᠢᠯᠡᠴᠢᠯᠡᠭᠡ ᠬᠠᠩᠭᠠᠭᠰᠠᠨ ᠦᠭᠡᠢ ᠪᠤᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ  ᠰᠢᠢᠳᠬᠡᠯ ᠥᠭᠭᠦᠨ᠎ᠡ᠃   ᠵᠢᠷᠠ ᠶᠢᠰᠦᠳᠦᠭᠡᠷ ᠵᠦᠢᠯ᠄ ᠰᠢᠯᠭᠠᠯᠲᠠ ᠶᠢ ᠡᠷᠬᠢᠯᠡᠭᠴᠢ᠂ ᠵᠣᠬᠢᠶᠠᠨ ᠪᠠᠶᠢᠭᠤᠯᠤᠭᠴᠢ ᠨᠢ ᠵᠡᠮᠳᠡᠭ ᠰᠢᠯᠭᠠᠭᠤᠯᠤᠭᠴᠢ ᠳᠤ ᠬᠠᠤᠯᠢ ᠶᠣᠰᠣᠭᠠᠷ ᠲᠦᠬᠦᠮ ᠦᠵᠡᠭᠦᠯᠬᠦ ᠦᠢᠯᠡᠴᠢᠯᠡᠭᠡ ᠬᠠᠩᠭᠠᠭᠰᠠᠨ ᠦᠭᠡᠢ  ᠪᠤᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ  ᠤᠨ ᠬᠢᠨ ᠰᠢᠭᠦᠮᠵᠢᠯᠡᠬᠦ ᠶᠢᠨ ᠬᠠᠮᠲᠤ ᠵᠠᠷᠯᠢᠭᠳᠠᠨ ᠵᠠᠯᠠᠷᠠᠭᠤᠯᠤᠭᠤᠯᠤᠨ᠎ᠠ᠃ ᠵᠠᠯᠠᠷᠠᠭᠤᠯᠬᠤ ᠶᠢ  ᠲᠡᠪᠴᠢᠪᠡᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃  ᠳᠠᠯᠠᠳᠤᠭᠠᠷ ᠵᠦᠢᠯ᠄  ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠤ ᠪᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ  ᠵᠦᠷᠢᠴᠡᠪᠡᠯ ᠬᠠᠤᠯᠢ ᠶᠣᠰᠣᠭᠠᠷ ᠰᠢᠢᠳᠬᠡᠯ ᠥᠭᠭᠦᠨ᠎ᠡ᠃   ᠲᠠᠯᠠᠨ ᠨᠢᠭᠡᠳᠦᠭᠡᠷ ᠵᠦᠢᠯ᠄ ᠲᠤᠰ ᠬᠠᠤᠯᠢ ᠢ ᠵᠦᠷᠢᠴᠡᠬᠡᠳ᠂  ᠪᠡᠶ᠎ᠡ ᠮᠠᠬᠠᠪᠤᠳ᠂ ᠡᠳ᠋ ᠬᠥᠷᠥᠩᠭᠡ ᠳᠤ ᠬᠤᠬᠢᠷᠠᠯ  ᠤᠴᠠᠷᠠᠭᠤᠯᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠤᠨ ᠬᠡᠮᠵᠢᠶᠡᠨ  ᠳᠤ ᠬᠦᠷᠦᠭᠰᠡᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠨᠠᠢᠮᠠᠳᠤᠭᠠᠷ ᠪᠦᠯᠦᠭ   ᠲᠠᠭᠠᠯᠳᠤᠭᠤᠯᠤᠬᠰᠠᠨ  ᠳᠦᠷᠢᠮ   ᠲᠠᠯᠠᠨ ᠬᠤᠶᠠᠳᠤᠭᠠᠷ ᠵᠦᠢᠯ᠄ ᠲᠤᠰ ᠬᠠᠤᠯᠢ ᠶᠢ 2023 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ  ᠬᠡᠷᠡᠭᠵᠢᠭᠦᠯᠦᠨ᠎ᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号