ᠥᠨᠤ ᠵᠢᠯ ᠤᠨ 9 ᠳ᠋ᠤᠬᠡᠷ ᠰᠠᠷ᠎ᠠ ᠶᠢᠨ 5 ᠤ ᠡᠳᠦᠷ ᠪᠣᠯ ᠨᠠᠢᠮᠠᠳᠠᠭᠢ ︽ᠳᠤᠮᠳᠠᠳᠤ ᠶᠢᠨ ᠨᠢᠭᠦᠯᠡᠰᠦᠩᠭᠦᠢ ᠶᠢᠨ | ᠡᠳᠦᠷ︾ ᠪᠣᠯᠣᠨ᠎ᠠ᠃ ᠪᠦᠬᠦ ᠣᠷᠣᠨ ᠤ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠤᠷᠴᠢᠮ ᠤᠨ ᠡᠳᠤᠷ ︽ᠭᠠᠷ ᠬᠤᠯᠪᠣᠨ ᠨᠢᠭᠦᠯᠡᠰᠦᠩᠭᠦᠢ ᠶᠢᠨ ᠦᠢᠯᠡᠰ ᠲᠤ ᠣᠷᠣᠯᠴᠠᠵᠤ᠂ ᠰᠠᠶᠢᠨ ᠰᠠᠶᠢᠬᠠᠨ | ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠬᠤᠲᠠ ᠬᠥᠳᠡᠭᠡ ᠶᠢᠨ ᠨᠡᠶᠢᠭᠡᠮ | ᠲᠣᠭᠤᠷᠢᠭ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ | ᠲᠣᠭᠤᠷᠢᠭ ᠤᠨ ᠰᠠᠶᠢᠨ ᠲᠤᠷᠠᠴᠤᠤᠯ᠂ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ᠢ ᠳᠠᠶᠢᠴᠢᠯᠠᠨ᠂ ᠡᠯᠪᠡᠭ | ᠪᠠᠶᠠᠯᠢᠭ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠢᠭᠦᠯᠡᠰᠦᠩᠭᠦᠢ ᠶᠢᠨ ᠰᠣᠶᠣᠯ ᠢ | ᠢᠳᠡᠪᠬᠢᠲᠡᠢ ᠪᠠᠳᠠᠷᠠᠭᠤᠯᠤᠨ᠂ ᠨᠢᠭᠦᠯᠡᠰᠦᠩᠭᠦᠢ ᠶᠢᠨ ᠤᠶᠢᠯᠠᠭᠠᠬᠳᠠᠬᠤᠨ ᠢ ᠳᠡᠯᠭᠡᠷᠡᠭᠦᠯᠵᠦ᠂ ᠬᠥᠮᠥᠨ ᠪᠦᠬᠦᠨ ᠪᠤᠶᠠᠨ | ᠦᠢᠯᠡᠳᠬᠦ ᠨᠡᠶᠢᠭᠡᠮ ᠤᠨ ᠠᠭᠤᠷ ᠠᠮᠢᠰᠬᠤᠯ ᠢ ᠵᠤᠵᠠᠭᠠᠳᠬᠠᠪᠠ᠃ | | ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠢᠭᠦᠯᠡᠰᠦᠩᠭᠦᠢ ᠶᠢᠨ | ᠦᠢᠯᠡᠰ ᠤᠨ ᠶᠡᠷᠦᠩᠬᠡᠢ ᠡᠪᠯᠡᠯ ᠤᠨ ᠬᠢᠨ ᠨᠠᠢᠮᠠᠳᠠᠭᠢ ︽ᠳᠤᠮᠳᠠᠳᠤ ᠶᠢᠨ ᠨᠢᠭᠦᠯᠡᠰᠦᠩᠭᠦᠢ ᠶᠢᠨ ᠡᠳᠦᠷ︾ ᠤᠨ | ᠤᠬᠠᠭᠤᠯᠭ᠎ᠠ ᠶᠢᠨ ᠮᠠᠲ᠋ᠧᠷᠢᠶᠠᠯ ᠢ ᠨᠠᠶᠢᠷᠠᠭᠤᠯᠤᠨ ᠲᠠᠷᠬᠠᠭᠠᠬᠤ ᠪᠠᠷ ᠳᠠᠮᠵᠢᠭᠤᠯᠤᠨ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠳᠤᠮᠳᠠᠬᠢ ᠨᠡᠶᠢᠲᠡ ᠶᠢᠨ ᠠᠰᠠᠷᠠᠮᠵᠢ ᠶᠢᠨ | ᠨᠢᠭᠦᠯᠡᠰᠦᠩᠭᠦᠢ ᠶᠢᠨ ᠦᠢᠯᠡᠰ ᠤᠨ ᠢᠳᠡᠪᠬᠢᠲᠡᠢ ᠦᠢᠯᠡᠳᠦᠯ ᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ ᠤ ᠬᠠᠮᠲᠤ | ᠨᠠᠭᠠᠰᠢ ᠴᠠᠭᠠᠰᠢ ᠶᠠᠪᠤᠬᠤ ᠣᠯᠠᠨ ᠲᠦᠮᠡᠨ ᠳᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠠᠶᠢᠯᠪᠤᠷᠢᠯᠠᠭᠠᠳ᠂ | ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ | | | | ᠰᠢᠯᠢ ᠶᠢᠨ ᠭᠤᠣᠯ ᠠᠶᠢᠮᠠᠭ ᠤᠨ ᠦᠵᠦᠮᠦᠴᠢᠨ ᠵᠡᠬᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠶᠢᠨ ᠬᠢᠨ ᠨᠢ ᠦᠵᠦᠮᠦᠴᠢᠨ ᠵᠡᠬᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠵᠦᠮᠦᠴᠢᠨ ᠵᠡᠬᠦᠨ | ᠬᠤᠰᠢᠭᠤᠨ ᠤ ᠡᠪᠯᠡᠯ ᠤᠨ ᠬᠤᠷᠢᠶ᠎ᠠ᠂ ᠦᠵᠦᠮᠦᠴᠢᠨ ᠵᠡᠬᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ | ᠦᠵᠦᠮᠦᠴᠢᠨ ᠵᠡᠬᠦᠨ ᠬᠤᠰᠢᠭᠤᠨ ᠤ ︽ᠠ ᠡ ᠢ︾ ᠨᠡᠶᠢᠲᠡ ᠶᠢᠨ ᠠᠰᠠᠷᠠᠮᠵᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠶᠢᠨ ᠲᠤᠷᠠᠴᠤᠤᠯ ᠤᠨ ᠨᠡᠶᠢᠭᠡᠮᠯᠢᠭ ᠤᠨ ᠬᠢᠨ ᠲᠠᠢ ᠬᠠᠮᠲᠤᠷᠠᠨ᠂ ᠬᠠᠤᠯᠢ ᠲᠦᠭᠡᠮᠡᠯᠵᠢᠭᠦᠯᠬᠦ | ᠤᠬᠠᠭᠤᠯᠭ᠎ᠠ᠂ ᠮᠡᠳᠡᠯᠭᠡ ᠶᠢᠨ ᠤᠬᠠᠭᠤᠯᠭ᠎ᠠ᠂ ᠨᠢᠭᠦᠯᠡᠰᠦᠩᠭᠦᠢ ᠶᠢᠨ ᠬᠠᠨᠳᠢᠪᠯᠡᠯ ᠪᠠ ᠦᠷ᠎ᠡ ᠪᠦᠲᠦᠭᠡᠯ ᠤᠨ | ᠦᠵᠡᠭᠦᠯᠦᠯᠭᠡ ᠵᠡᠷᠭᠡ ᠬᠠᠮᠢᠶ᠎ᠠ ᠪᠦᠬᠦᠢ ᠠᠵᠢᠯᠯᠠᠭ᠎ᠠ ᠶᠢ ᠥᠷᠨᠢᠭᠦᠯᠵᠦ᠂ ᠨᠢᠭᠦᠯᠡᠰᠦᠩᠭᠦᠢ ᠶᠢᠨ ᠰᠣᠶᠣᠯ ᠪᠠ | ᠨᠢᠭᠦᠯᠡᠰᠦᠩᠭᠦᠢ ᠶᠢᠨ ᠣᠶᠢᠯᠠᠭᠠᠭᠳᠠᠬᠤᠨ ᠢ ᠤᠬᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠤᠶᠠᠨ | ᠦᠢᠯᠡᠳᠴᠦ ᠥᠭᠯᠢᠭᠡ ᠥᠭᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠠᠢ᠃ | | | | | ᠣᠷᠳᠣᠰ ᠬᠤᠳᠠ ᠶᠢᠨ ᠳᠠᠯᠠᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠡᠯ᠎ᠡ ᠰᠤᠮᠤ | ᠪᠠᠯᠭᠠᠰᠤ ᠶᠢᠨ ᠨᠡᠶᠢᠭᠡᠮ ᠤᠨ ᠠᠵᠢᠯ ᠤᠨ ᠦᠷᠳᠡᠭᠡ ᠶᠢᠨ ᠬᠢᠨ ᠢ ᠲᠠᠶᠢᠴᠢᠯᠠᠨ ᠬᠠᠮᠢᠶ᠎ᠠ ᠪᠦᠬᠦᠢ ᠡᠬᠢ ᠪᠠᠶᠠᠯᠢᠭ ᠢ | ᠬᠤᠯᠪᠣᠵᠤ᠂ ᠨᠢᠭᠦᠯᠡᠰᠦᠩᠭᠦᠢ ᠶᠢᠨ ᠦᠢᠯᠡᠰ ᠤᠨ ᠬᠠᠨᠳᠢᠪᠯᠡᠯ᠂ ᠬᠦᠴᠢᠷᠳᠡᠯᠳᠡᠶᠢᠴᠤᠳ ᠢ ᠲᠡᠳᠬᠦᠬᠦ ᠪᠠ ᠬᠠᠶᠢᠷ᠎ᠠ | ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠡᠩ ᠤᠯᠠᠨ ᠨᠡᠶᠢᠭᠡᠮ ᠤᠨ | ᠬᠦᠴᠦᠨ ᠢ ᠲᠠᠶᠢᠴᠢᠯᠠᠵᠤ ᠪᠠᠶᠢᠭᠠᠳ ᠨᠢᠭᠦᠯᠡᠰᠦᠩᠭᠦᠢ ᠶᠢᠨ ᠦᠢᠯᠡᠰ ᠲᠤ ᠣᠷᠣᠯᠴᠠᠭᠤᠯᠵᠤ᠂ ︽ᠬᠥᠮᠥᠨ ᠪᠦᠬᠦᠨ | ᠨᠢᠭᠦᠯᠡᠰᠦᠩᠭᠦᠢ ᠶᠢᠨ ᠦᠢᠯᠡᠰ ᠲᠤ ᠣᠷᠣᠯᠴᠠᠬᠤ᠂ ᠨᠢᠭᠦᠯᠡᠰᠦᠩᠭᠦᠢ ᠶᠢᠨ ᠦᠢᠯᠡᠰ ᠬᠥᠮᠥᠨ ᠪᠦᠬᠦᠨ ᠳᠤ ᠦᠢᠯᠡᠴᠢᠯᠡᠬᠦ | ︾ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠪᠠ᠃ | | | | | ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠬᠠᠢ ᠬᠤᠳᠠ ᠶᠢᠨ ᠬᠠᠶᠢᠷᠤᠪ ᠤᠨ | ᠲᠣᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠪᠤᠯᠤᠨ ᠬᠥᠬᠡᠬᠤᠲᠠ ᠶᠢᠨ ︽ᠮᠤ᠋ ᠰᠢᠨ︾ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠲᠤ ᠰᠠᠭᠤᠭ᠎ᠠ ᠨᠡᠶᠢᠭᠡᠮ ᠤᠨ ᠠᠵᠢᠯ ᠤᠨ ᠦᠷᠳᠡᠭᠡ ᠶᠢᠨ ᠬᠢᠨ ᠲᠠᠢ ᠬᠠᠮᠲᠤᠷᠠᠨ ᠨᠠᠢᠮᠠᠳᠡᠬᠢ ︽ᠳᠤᠮᠳᠠᠳᠤ ᠶᠢᠨ | ᠨᠢᠭᠦᠯᠡᠰᠦᠩᠭᠦᠢ ᠶᠢᠨ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠤ᠂ | ᠨᠡᠶᠢᠭᠡᠮ ᠤᠨ ᠠᠵᠢᠯᠲᠠᠨ ᠪᠣᠯᠣᠨ ᠰᠠᠶᠢᠨ ᠲᠤᠷᠠᠴᠤᠤᠯ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠬᠤᠯᠪᠣᠭᠳᠠᠯ | ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠢᠭᠦᠯᠡᠰᠦᠩᠭᠦᠢ ᠶᠢᠨ ᠮᠡᠳᠡᠯᠭᠡ ᠪᠣᠯᠣᠨ ᠨᠡᠶᠢᠭᠡᠮ ᠤᠨ | ᠠᠵᠢᠯ ᠤᠨ ᠮᠡᠳᠡᠯᠭᠡ ᠶᠢ ᠢᠳᠡᠪᠬᠢᠲᠡᠢ ᠪᠠᠷ ᠲᠦᠬᠡᠮᠡᠯᠵᠢᠬᠦᠯᠤᠨ᠂ ᠨᠢᠭᠦᠯᠡᠰᠦᠩᠭᠦᠢ ᠶᠢᠨ ᠦᠢᠯᠡᠰ ᠪᠣᠯᠣᠨ ᠨᠡᠶᠢᠭᠡᠮ ᠤᠨ | ᠠᠵᠢᠯ ᠢ ᠰᠠᠭᠤᠭᠠᠯᠢᠴᠢᠳ ᠲᠤ ᠤᠯᠠᠮ ᠰᠠᠶᠢᠨ ᠤᠶᠢᠯᠠᠭᠠᠭᠤᠯᠤᠬᠰᠠᠨ ᠪᠠᠶᠢᠨ᠎ᠠ᠃ | | | | | |