ᠠᠷᠠᠳ ᠤᠨ ᠶᠠᠪᠤᠳᠠᠯ ᠤᠨ ᠲᠢᠩᠬᠢᠮ  ᠤᠨ ᠬᠢᠨ ᠲᠤᠰᠠᠯᠠᠮᠵᠢ ᠶᠢᠨ ᠮᠥᠩᠭᠦ ᠲᠠᠷᠬᠠᠭᠠᠬᠤ ᠠᠵᠢᠯ ᠢ ᠯᠠᠪᠳᠠᠭᠤᠨ ᠪᠠᠲᠤᠲᠠᠢ ᠬᠢᠵᠦ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/9/14
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠥᠨᠤ ᠵᠢᠯ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠤᠯᠠᠮ ᠲᠡᠬᠦᠯᠳᠡᠷᠵᠢᠬᠦᠯᠵᠤ᠂ ᠲᠤᠰᠠᠯᠠᠮᠵᠢ ᠬᠦᠷᠳᠡᠭᠰᠡᠳ ᠢ ᠨᠠᠷᠢᠯᠢᠭ ᠣᠨᠣᠴᠠᠲᠠᠢ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠬᠥᠮᠥᠰ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠶᠢ ᠲᠤᠰᠠᠯᠠᠬᠤ ᠪᠠᠲᠤᠯᠠᠭ᠎ᠠ ᠳᠤ ᠴᠠᠭ ᠲᠤᠬᠠᠢ ᠳᠤ  ᠨᠢ ᠣᠷᠣᠭᠤᠯᠪᠠ᠃ ᠲᠦᠷ ᠴᠠᠭ ᠤᠨ ᠲᠤᠰᠠᠯᠠᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠠᠮᠢᠳᠤᠷᠠᠯ ᠳᠤ ᠨᠢ ᠭᠡᠨᠡᠳᠲᠡ ᠶᠢᠨ᠂ ᠲᠤᠯᠭᠠᠮ᠂ ᠲᠦᠷ ᠴᠠᠭ ᠤᠨ ᠬᠦᠴᠢᠷᠳᠡᠯ  ᠲᠤᠯᠭᠠᠷᠠᠬᠰᠠᠳ ᠲᠤ ᠲᠦᠷ ᠴᠠᠭ ᠤᠨ ᠲᠤᠰᠠᠯᠠᠮᠵᠢ ᠣᠯᠭᠤᠨ᠎ᠠ᠃ ᠢᠳᠡᠪᠬᠢᠲᠡᠢ ᠪᠦᠲᠦᠮᠵᠢᠲᠡᠶ ᠠᠷᠭ᠎ᠠ ᠠᠪᠴᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠮᠥᠩᠭᠦ ᠣᠯᠭᠤᠬᠤ ᠠᠵᠢᠯ ᠳᠤ ᠴᠠᠭ ᠲᠤᠬᠠᠢ ᠳᠤ ᠨᠢ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂  ᠲᠤᠰᠠᠯᠠᠮᠵᠢ ᠶᠢᠨ ᠪᠡᠯᠡ ᠮᠥᠩᠭᠦ ᠶᠢ ᠴᠠᠭ ᠲᠤᠬᠠᠢ ᠳᠤ ᠨᠢ᠂ ᠲᠤᠭ᠎ᠠ ᠶᠣᠰᠣᠭᠠᠷ ᠣᠨᠣᠪᠴᠢᠲᠠᠶ ᠣᠯᠭᠤᠬᠤ ᠶᠢ  ᠦᠨᠡᠨ ᠬᠦ ᠪᠠᠳᠤᠯᠠᠬᠰᠨ ᠪᠠᠶᠢᠨ᠎ᠠ᠃   2023 ᠣᠨ ᠤ 1 ︱ 8 ᠳ᠋ᠤᠭᠠᠷ ᠰᠠᠷ᠎ᠠ ᠳᠤ ᠪᠥᠬᠦ ᠣᠷᠣᠨ ᠳᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠴᠢ 152.54 ᠲᠦᠮᠡᠨ ᠬᠥᠮᠥᠨ ᠪᠠᠲᠤᠯᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠶᠢ 49.44 ᠳ᠋ᠦᠩᠰᠢᠭᠤᠷ ᠲᠥᠭᠦᠷᠢᠭ ᠲᠠᠷᠬᠠᠭᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号