ᠰᠢ ᠶᠢᠨ ᠫᠢᠩ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/9/14
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 13 ᠤ ᠴᠠᠭᠢᠯᠭᠠᠨ ᠮᠡᠳᠡᠭᠡ 9 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠸᠧᠨᠧᠽᠦ᠋ᠧᠯᠠ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ 
 6383030365484713323606858.jpg
   9 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠮᠠᠳᠦ᠋ᠯᠥ᠋ᠸᠧ ᠪᠣᠯᠣᠨ ᠲᠡᠭᠦᠨ ᠤ ᠬᠠᠳᠤᠨ ᠹᠯᠤᠯᠸᠢᠢᠰ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ    ᠰᠢ ᠶᠢᠨ ᠫᠢᠩ᠂ ᠳᠤᠮᠳᠠᠳᠤ ᠤᠯᠤᠰ ᠪᠣᠯᠣᠨ ᠸᠧᠨᠧᠽᠦ᠋ᠧᠯᠠ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠬᠠᠮᠲᠤ ᠪᠠᠷ ᠬᠥᠭᠵᠢᠭᠰᠡᠨ ᠰᠠᠶᠢᠨ ᠬᠠᠨᠢᠲᠠᠨ ᠮᠥᠨ᠃ ᠣᠶᠢᠷ᠎ᠠ ᠶᠢᠨ ᠵᠢᠯ ᠠᠴᠠ᠂ ᠳᠤᠮᠳᠠᠳᠤ ᠸᠧᠨᠧᠽᠦ᠋ᠧᠯᠠ ᠬᠤᠶᠠᠷ ᠤᠯᠤᠰ ᠴᠥᠮ ᠲᠦᠢᠯ ᠤᠨ ᠶᠡᠷᠦ ᠪᠤᠰᠤ ᠶᠢᠨ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠵᠦ᠂ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠤᠷᠪᠠᠭᠠᠨ ᠬᠥᠷᠪᠡᠭᠡᠨ ᠳᠤᠮᠳᠠ ᠬᠠᠷᠢᠯᠴᠠᠨ ᠳᠡᠮᠵᠢᠵᠦ᠂ ︽ᠲᠦᠢᠯ ᠤᠨ ᠨᠠᠶᠢᠳᠠᠪᠤᠷᠢᠲᠠᠢ︾ ᠨᠥᠬᠦᠷᠯᠡᠯ ᠢ ᠪᠠᠶᠢᠭᠤᠯᠪᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠸᠧᠨᠧᠽᠦ᠋ᠧᠯᠠ ᠯᠤᠭ᠎ᠠ ᠶᠢᠨ ᠬᠠᠷᠢᠯᠴᠠᠭ᠎ᠠ ᠳᠤ ᠬᠠᠨᠳᠤᠵᠤ᠂ ᠸᠧᠨᠧᠽᠦ᠋ᠧᠯᠠ ᠶᠢᠨ ᠬᠢᠨ ᠤ ᠤᠯᠤᠰ ᠤᠨ ᠡᠷᠬᠡ ᠮᠡᠳᠡᠯ᠂ ᠦᠨᠳᠦᠰᠦᠲᠡᠨ ᠤ ᠨᠡᠷ᠎ᠡ ᠬᠦᠨᠳᠦ᠂ ᠨᠡᠶᠢᠭᠡᠮ ᠤᠨ ᠲᠣᠭᠲᠠᠭᠤᠨ ᠢᠶᠠᠨ ᠬᠠᠮᠠᠭᠠᠯᠠᠬᠤ ᠴᠢᠷᠮᠠᠶᠢᠯᠭ᠎ᠠ ᠶᠢ ᠡᠷᠡᠰ ᠳᠡᠮᠵᠢᠵᠦ ᠂ ᠸᠧᠨᠧᠽᠦ᠋ᠧᠯᠠ ᠶᠢᠨ ᠬᠢᠨ ᠤ ᠭᠠᠳᠠᠭᠠᠳᠤ ᠶᠢᠨ ᠭᠠᠷ ᠳᠦᠷᠦᠯᠲᠡ ᠶᠢ ᠡᠰᠡᠷᠭᠦᠴᠡᠬᠦ ᠰᠢᠳᠤᠷᠭᠤ ᠶᠣᠰᠣᠨ ᠤ ᠦᠢᠯᠡᠰ ᠢ ᠡᠷᠡᠰ ᠳᠡᠮᠵᠢᠨ᠎ᠠ᠃ ᠳᠤᠮᠳᠠᠳᠤ ᠸᠧᠨᠧᠽᠦ᠋ᠧᠯᠠ ᠶᠢᠨ ᠬᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠵᠦ᠂ ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠨᠡᠶᠢᠴᠡᠨ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠧᠨᠧᠽᠦ᠋ᠧᠯᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠠᠵᠤ ᠠᠬᠤᠢ ᠶᠢᠨ ᠣᠨᠴᠠᠭᠠᠶ ᠣᠷᠣᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠮᠥᠨ᠂ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ᠂ ᠳᠤᠮᠳᠠᠳᠤ ᠤᠯᠤᠰ ᠡᠨᠡ ᠬᠦ ᠶᠠᠪᠤᠴᠠ ᠳᠤ ᠣᠯᠣᠭᠰᠠᠨ ᠡᠷᠬᠢᠮ ᠨᠠᠨᠳᠢᠨ ᠲᠤᠷᠰᠢᠯᠭ᠎ᠠ ᠪᠠᠨ ᠨᠠᠨᠳᠢᠩᠨᠠᠵᠤ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠤᠷᠤᠭᠰᠢ ᠠᠬᠢᠭᠤᠯᠬᠤ ᠪᠣᠯᠣᠨ᠎ᠠ᠃ ᠶᠠᠮᠠᠷ ᠴᠤ ᠬᠦᠴᠦᠨ ᠭᠡᠳ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠬᠦ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ᠂ ᠨᠠᠮ ᠢ ᠵᠠᠰᠠᠬᠤ ᠲᠦᠷᠦ ᠶᠢ ᠵᠠᠰᠠᠬᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ᠂ ᠸᠧᠨᠧᠽᠦ᠋ᠧᠯᠠ ᠶᠢᠨ ᠠᠵᠤ ᠠᠬᠤᠢ ᠶᠢᠨ ᠣᠨᠴᠠᠭᠠᠢ ᠣᠷᠣᠨ ᠪᠠᠶᠢᠭᠤᠯᠬᠤ ᠶᠢ ᠳᠡᠮᠵᠢᠵᠦ᠂ ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠬᠤᠯᠪᠣᠭᠳᠠᠯ ᠪᠦᠬᠦᠢ ᠲᠤᠷᠰᠢᠯᠭ᠎ᠠ ᠪᠠᠨ ᠬᠤᠪᠢᠶᠠᠯᠴᠠᠵᠤ᠂ ᠸᠧᠨᠧᠽᠦ᠋ᠧᠯᠠ ᠶᠢᠨ ᠬᠢᠨ ᠢ ᠬᠠᠪᠰᠤᠷᠤᠨ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠢᠷᠡᠬᠦ ᠵᠢᠯ ᠪᠣᠯ ᠳᠤᠮᠳᠠᠳᠤ ᠸᠧᠨᠧᠽᠦ᠋ᠧᠯᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠮᠥᠨ᠂ ᠬᠤᠶᠠᠷ ᠲᠠᠯ᠎ᠠ ᠪᠠᠷ ᠢᠶᠠᠨ ᠦᠪᠡᠳᠡᠭᠰᠢ ᠶᠡᠭᠡ ᠪᠠᠷ ᠪᠡᠯᠭᠡᠯᠡᠶ᠎ᠡ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠸᠧᠨᠧᠽᠦ᠋ᠧᠯᠠ ᠳᠤ ᠬᠢᠲᠠᠳ ᠬᠡᠯᠡᠨ ᠤ ᠵᠢᠭᠠᠨ ᠰᠤᠷᠭᠠᠯᠲᠠ ᠥᠷᠨᠢᠭᠦᠯᠵᠦ᠂ ᠺᠦᠩᠽᠢ ᠳᠡᠭᠡᠳᠦ ᠰᠤᠷᠭᠠᠭᠤᠯᠢ ᠶᠢ ᠰᠠᠶᠢᠲᠤᠷ ᠡᠷᠭᠢᠯᠡᠵᠦ᠂ ᠵᠠᠭᠤᠴᠢᠯᠠᠭᠤᠷ ᠤᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠧᠨᠧᠽᠦ᠋ᠧᠯᠠ ᠶᠢᠨ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠬᠤ ᠶᠢ ᠳᠡᠮᠵᠢᠨ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠧᠨᠧᠽᠦ᠋ᠧᠯᠠ ᠶᠢᠨ ᠳᠡᠭᠡᠳᠦ ᠳᠡᠰ ᠤᠨ ᠬᠤᠯᠢᠮᠠᠭ ᠵᠥᠪᠯᠡᠯ ᠤᠨ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠤᠨ ᠣᠯᠣᠭᠰᠠᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠷᠠᠭᠠᠴᠢ ᠶᠢᠨ ᠱᠠᠲᠤᠨ ᠤ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠴᠢᠨᠠᠷ ᠰᠠᠶᠢᠲᠠᠢ ᠣᠨᠴᠠᠯᠢᠭᠲᠤ ᠪᠦᠲᠦᠭᠡᠭᠳᠡᠬᠦᠨ ᠢ ᠣᠷᠣᠭᠤᠯᠤᠨ᠎ᠠ᠃ ᠸᠧᠨᠧᠽᠦ᠋ᠧᠯᠠ ᠳᠤᠮᠳᠠᠳᠤ ᠤᠯᠤᠰ ᠤᠨ ᠡᠭᠦᠰᠬᠡᠨ ᠪᠠᠶᠢᠭᠤᠯᠤᠭᠰᠠᠨ ᠳᠡᠯᠡᠬᠡᠢ ᠶᠢᠨ ᠰᠠᠷᠠᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷᠳᠡᠭᠡ ᠶᠢᠨ ᠬᠠᠮᠲᠤᠷᠠᠯᠴᠠᠭ᠎ᠠ ᠳᠤ ᠣᠷᠣᠯᠴᠠᠬᠰᠠᠨ ᠠᠮᠧᠷᠢᠺᠠ ᠲᠢᠪ ᠤᠨ ᠠᠩᠬᠠᠳᠠᠭᠴᠢ ᠤᠯᠤᠰ ᠪᠣᠯᠤᠭᠰᠠᠨ ᠳᠤ ᠪᠠᠶᠠᠷ ᠬᠦᠷᠭᠡᠶ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ︽77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ︾ ᠵᠡᠷᠭᠡ ᠤᠯᠠᠨ ᠲᠠᠯ᠎ᠠ ᠶᠢᠨ ᠲᠣᠭᠲᠠᠴᠠ ᠳᠤᠮᠳᠠ ᠨᠢᠭᠲᠠ ᠬᠠᠮᠵᠢᠯᠴᠠᠵᠤ᠂ ᠪᠤᠰᠤᠳ ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠣᠨ ᠵᠠᠷᠴᠢᠮ ᠢ ᠬᠠᠮᠲᠤ ᠪᠠᠷ ᠬᠠᠮᠠᠭᠠᠯᠠᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠳᠤᠮᠳᠠᠳᠤ ᠤᠯᠤᠰ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠢᠷᠡᠬᠦ ᠵᠢᠯ ᠪᠣᠯ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 10 ᠵᠢᠯ ᠤᠨ ᠤᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠵᠡᠷᠭᠡ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠪᠦᠬᠦᠯᠢ ᠴᠣᠭᠴᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃    ᠮᠠᠳᠦ᠋ᠯᠦ᠋ᠸᠧ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠢᠭᠡᠨᠲᠡ ᠪᠦᠭᠦ ᠬᠥᠮᠥᠨ ᠲᠥᠷᠥᠯᠬᠢᠲᠡᠨ ᠤ ᠡᠩᠬᠡ ᠲᠠᠶᠢᠪᠤᠩ᠂ ᠬᠥᠭᠵᠢᠯᠲᠡ ᠪᠣᠯᠣᠨ ᠠᠵᠠ ᠵᠢᠷᠭᠠᠯ ᠤᠨ ᠲᠥᠯᠥᠭᠡ ᠴᠢᠷᠮᠠᠶᠢᠬᠤ ᠠᠭᠤᠤ ᠶᠡᠭᠡ ᠤᠯᠤᠰ ᠪᠣᠯᠤᠭᠰᠠᠨ ᠪᠥᠭᠡᠳ ᠪᠠᠰᠠ ᠤᠯᠠᠨ ᠲᠦᠢᠯᠵᠢᠯᠳᠤ ᠰᠢᠨ᠎ᠡ ᠳᠡᠯᠡᠬᠡᠢ ᠶᠢᠷᠲᠢᠨᠴᠦ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠵᠠᠢ᠃ ᠮᠢᠨᠤ ᠲᠤᠰ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠶᠢᠨ ᠬᠤᠭᠤᠴᠠᠭᠠᠨ ᠳᠤ ᠦᠵᠡᠵᠦ ᠰᠣᠨᠣᠰᠤᠭᠰᠠᠨ ᠵᠦᠢᠯ ᠪᠣᠯᠭᠠᠨ ᠳᠤᠮᠳᠠᠳᠤ ᠤᠯᠤᠰ ᠤᠨ ᠲᠠᠪᠰᠢᠯᠳᠠ ᠪᠣᠯᠣᠨ ᠬᠦᠴᠦᠨ ᠴᠢᠳᠠᠯ ᠢ ᠭᠦᠢᠴᠡᠳ ᠢᠯᠡᠷᠡᠭᠦᠯᠵᠦ ᠪᠠᠶᠢᠨ᠎ᠠ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠯᠣᠭᠰᠠᠨ ᠠᠭᠤᠤ ᠶᠡᠭᠡ ᠠᠮᠵᠢᠯᠲᠠ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ ᠸᠧᠨᠧᠽᠦ᠋ᠧᠯᠠ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠶᠢ ᠪᠦᠭᠦ ᠪᠥᠮᠪᠥᠷᠴᠡᠭ ᠤᠨ ᠡᠮᠦᠨᠡᠲᠦ ᠣᠷᠣᠨ ᠤ ᠤᠯᠤᠰ ᠤᠳ ᠤᠨ ᠬᠠᠷᠢᠯᠴᠠᠭᠠᠨ ᠤ ᠬᠡᠪ ᠳᠠᠭᠤᠷᠢᠶᠠᠯ ᠭᠡᠵᠦ ᠬᠡᠯᠡᠵᠦ ᠪᠣᠯᠣᠨ᠎ᠠ᠃ ᠸᠧᠨᠧᠽᠦ᠋ᠧᠯᠠ ᠶᠢᠨ ᠠᠷᠠᠳ ᠲᠦᠮᠡᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠸᠧᠨᠧᠽᠦ᠋ᠧᠯᠠ ᠶᠢᠨ ᠬᠢᠨ ᠬᠠᠤᠯᠢ ᠪᠤᠰᠤ ᠭᠠᠭᠴᠠ ᠲᠠᠯ᠎ᠠ ᠶᠢᠨ ᠵᠠᠯᠬᠠᠭᠠᠯ ᠪᠣᠯᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠤᠯᠠᠨ ᠳᠠᠪᠬᠤᠷ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠪᠣᠯᠣᠨ ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠠᠬ᠎ᠠ ᠳᠡᠭᠦᠦ ᠨᠠᠷ ᠤᠨ ᠬᠠᠪᠰᠤᠷᠤᠯᠭ᠎ᠠ ᠪᠠᠷ ᠸᠧᠨᠧᠽᠦ᠋ᠧᠯᠠ ᠶᠢᠨ ᠠᠷᠠᠳ ᠲᠦᠮᠡᠨ ᠰᠢᠯᠭᠠᠯᠲᠠ ᠶᠢ ᠳᠠᠭᠠᠭᠠᠵᠤ᠂ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠶᠡᠷᠦ ᠪᠤᠰᠤ ᠶᠢᠨ ᠠᠮᠵᠢᠯᠲᠠ ᠣᠯᠣᠭᠰᠠᠨ ᠶᠤᠮ᠃ ᠣᠳᠣᠬᠠᠨ ᠳᠤ ᠸᠧᠨᠧᠽᠦ᠋ᠧᠯᠠ ᠶᠢᠨ ᠤᠯᠤᠰ ᠤᠨ ᠬᠥᠭᠵᠢᠯᠲᠡ ᠪᠣᠯᠣᠨ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠴᠥᠮ ᠴᠢᠬᠤᠯᠠ ᠴᠠᠭ ᠦᠶ᠎ᠡ ᠳᠤ ᠣᠷᠣᠰᠢᠵᠤ ᠪᠠᠶᠢᠨ᠎ᠠ᠂ ᠪᠢ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠪᠠᠷ ᠨᠡᠶᠢᠲᠡᠯᠡᠭᠰᠡᠨ ᠨᠢ ᠲᠡᠦᠬᠡᠲᠦ ᠠᠴᠢ ᠬᠤᠯᠪᠣᠭᠳᠠᠯ ᠲᠠᠢ ᠶᠤᠮ᠂ ᠡᠨᠡ ᠨᠢ ᠯᠠᠪᠲᠠᠢ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠴᠠᠭ ᠦᠶ᠎ᠡ ᠶᠢ ᠨᠡᠭᠡᠭᠡᠬᠦ ᠪᠣᠯᠣᠨ᠎ᠠ᠃ ᠸᠧᠨᠧᠽᠦ᠋ᠧᠯᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠤ ᠠᠬᠤᠢ ᠶᠢᠨ ᠣᠨᠴᠠᠭᠠᠢ ᠣᠷᠣᠨ ᠢ ᠪᠠᠶᠢᠭᠤᠯᠤᠭᠰᠠᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠬᠤᠶᠠᠷ ᠤᠯᠤᠰ ᠤᠨ ᠬᠥᠳᠡᠭᠡ ᠠᠵᠤ ᠠᠬᠤᠢ᠂ ᠪᠡᠯᠡ ᠣᠷᠣᠭᠤᠯᠤᠯᠲᠠ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠸᠧᠨᠧᠽᠦ᠋ᠧᠯᠠ ᠶᠢᠨ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠢᠳᠡᠪᠬᠢᠲᠡᠢ ᠳᠡᠮᠵᠢᠵᠦ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠲᠠᠨ ᠲᠣᠭᠤᠰᠭ᠋᠎ᠠ ᠤᠯᠤᠰ ᠤᠳ ᠤᠨ ᠲᠣᠭᠲᠠᠴᠠ ᠵᠡᠷᠭᠡ ᠣᠯᠠᠨ ᠲᠠᠯ᠎ᠠ ᠶᠢᠨ ᠪᠣᠷᠣ ᠲᠥᠯᠥᠪ ᠤᠨ ᠳᠣᠲᠣᠷᠠᠬᠢ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠣᠯᠠᠨ ᠲᠠᠯᠠᠲᠤ ᠦᠵᠡᠯ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠠᠰᠢᠭ ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠸᠧᠨᠧᠽᠦ᠋ᠧᠯᠠ ᠶᠢᠨ ᠬᠢᠨ ᠳᠤᠷᠠᠲᠠᠶ᠎ᠠ ᠯᠠᠲ᠋ᠢᠨ ᠠᠮᠧᠷᠢᠺᠠ ᠲᠢᠪ  ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠴᠢᠨᠠᠭᠰᠢᠳᠠ ᠶᠢᠨ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃    ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠠᠵᠤ ᠠᠬᠤᠢ ᠠᠷᠠᠯᠵᠢᠶ᠎ᠠ᠂ ᠰᠤᠷᠭᠠᠨ ᠬᠥᠮᠦᠵᠢᠯ᠂ ᠵᠢᠭᠤᠯᠴᠢᠯᠠᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠡᠷᠡᠭᠦᠯ ᠬᠠᠮᠠᠭᠠᠯᠠᠯ᠂ ᠰᠠᠨᠰᠠᠷ ᠤᠨ ᠠᠶᠠᠯᠠᠯ᠂ ᠠᠷᠠᠳ ᠤᠨ ᠠᠭᠠᠷ ᠤᠨ ᠠᠶᠠᠯᠠᠯ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠬᠤᠶᠠᠷ ᠲᠠᠯ᠎ᠠ ᠪᠠᠷ ᠢᠶᠠᠨ ︽ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠸᠧᠨᠧᠽᠦ᠋ᠧᠯᠠ ᠪᠤᠯᠢᠸᠠᠷ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃     ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠮᠠᠳᠦ᠋ᠯᠦ᠋ᠸᠧ ᠶᠢ ᠤᠭᠲᠤᠬᠤ ᠶᠣᠰᠣᠯᠠᠯ ᠶᠠᠪᠤᠭᠤᠯᠪᠠ᠃ ᠮᠠᠳᠦ᠋ᠯᠦ᠋ᠸᠧ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠠᠩᠭᠢ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠸᠧᠨᠧᠽᠦ᠋ᠧᠯᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠮᠠᠳᠦ᠋ᠯᠦ᠋ᠸᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃   ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠮᠠᠳᠥ᠋ᠯᠦ᠋ᠸᠧ ᠶᠢᠨ ᠬᠠᠳᠤᠨ ᠹᠯᠤᠯᠦ᠋ᠢᠰ ᠪᠠᠷ᠎ᠠ ᠪᠣᠯᠵᠤ ᠤᠭᠲᠤᠬᠤ ᠶᠣᠰᠣᠯᠠᠯ ᠳᠤ ᠣᠷᠣᠯᠴᠠᠪᠠ᠃ ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠮᠠᠳᠦ᠋ᠯᠦ᠋ᠸᠧ ᠪᠣᠯᠣᠨ ᠹᠯᠤᠯᠦ᠋ᠢᠰ ᠢ ᠤᠭᠲᠤᠬᠤ ᠳᠠᠶᠢᠯᠠᠯᠭ᠎ᠠ ᠬᠢᠪᠡ᠃    ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号