ᠰᠢ ᠶᠢᠨ ᠫᠢᠩ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠨᠠᠮ ᠢ ᠰᠠᠨᠠᠭ᠎ᠠ ᠠᠮᠤᠷ ᠪᠠᠶᠢᠯᠭᠠᠬᠤ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/9/15
   ᠼᠠᠢ ᠴᠢ ᠪᠥᠬᠦ ᠤᠯᠤᠰ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ     ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 14 ᠤ ᠴᠠᠬᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠨᠠᠮ ᠪᠣᠯᠣᠨ ᠤᠯᠤᠰ ᠤᠨ ᠵᠠᠰᠠᠯᠲᠠ ᠶᠢᠨ ᠰᠢᠰᠲ᠋ᠧᠮ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠪᠥᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠥᠪᠯᠡᠵᠦ ᠬᠠᠪᠰᠤᠷᠬᠤ᠂ ᠱᠠᠯᠠᠪᠳᠠᠭᠤᠯᠤᠨ ᠪᠠᠶᠢᠴᠠᠭᠠᠬᠤ ᠂ ᠦᠢᠯᠡᠴᠢᠯᠡᠭᠡ ᠪᠠᠲᠤᠯᠠᠭ᠎ᠠ ᠬᠠᠩᠭᠠᠬᠤ ᠵᠡᠷᠭᠡ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠦᠲᠦᠮᠵᠢᠲᠡᠢ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠰᠢ ᠣᠯᠠᠨ ᠶᠡᠭᠡ ᠳᠠᠶᠢᠯᠠᠯᠳᠤᠭᠠᠨ ᠤ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠠᠶᠠᠨ ᠳᠤ ᠮᠣᠷᠳᠠᠬᠤ ᠳᠠᠭᠠᠨ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠵᠥᠪᠯᠡᠭᠴᠢ ᠬᠠᠪᠰᠤᠷᠤᠭᠴᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠢ ᠰᠡᠳᠬᠢᠯ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠭᠰᠠᠨ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠪᠥᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ 9 ᠰᠠᠷ᠎ᠠ ᠶᠢᠨ 13 ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠬᠤᠷᠠᠯ ᠳᠤ ᠣᠷᠣᠯᠴᠠᠵᠤ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠵᠢᠯ ᠢ ᠭᠦᠢᠴᠡᠳ ᠨᠤᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠯᠪᠠᠨ ᠲᠢᠩᠬᠢᠮ ᠤᠨ ᠠᠵᠢᠯ ᠤᠨ ᠴᠢᠳᠠᠪᠤᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠵᠢᠯᠣᠭᠤᠳᠬᠤ ᠴᠢᠨᠠᠷ ᠪᠣᠯᠣᠨ ᠬᠠᠨᠳᠤᠯᠭᠠᠲᠤ ᠴᠢᠨᠠᠷ ᠲᠠᠢ ᠪᠠᠶᠢᠵᠤ᠂ ᠰᠢᠨ᠎ᠡ ᠠᠶᠠᠨ ᠳᠠᠬᠢ ᠠᠯᠪᠠᠨ ᠲᠢᠩᠬᠢᠮ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠢᠳᠡ ᠭᠦᠨᠵᠡᠭᠡᠢ ᠰᠣᠷᠣᠯᠴᠠᠨ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠨᠢ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠤᠯᠤᠰ ᠲᠥᠷᠥ ᠶᠢᠨ ᠱᠠᠭᠠᠷᠳᠠᠯᠭ᠎ᠠ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠭᠤᠣᠯ ᠡᠭᠦᠷᠭᠡ᠂ ᠠᠵᠢᠯ ᠤᠨ ᠪᠠᠷᠢᠮᠵᠢᠶ᠎ᠠ᠂ ᠡᠩᠨᠡᠭᠡᠨ ᠤ ᠪᠠᠶᠢᠭᠤᠯᠤᠯᠲᠠ ᠵᠡᠷᠭᠡ ᠠᠯᠢ ᠣᠯᠠᠨ ᠴᠢᠬᠤᠯᠠ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ︽ᠭᠤᠷᠪᠠ ᠳᠤ ᠦᠢᠯᠡᠴᠢᠯᠡᠬᠦ︾ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠠᠯᠪᠠᠨ ᠲᠢᠩᠬᠢᠮ ᠤᠨ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠤᠯᠠᠮ ᠴᠢᠨᠠᠭᠰᠢᠳᠠ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠪᠣᠭᠤᠮᠲᠠ ᠰᠠᠬᠢᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠨᠳᠦᠰᠦᠨ ᠡᠭᠦᠷᠭᠡ ᠴᠢᠳᠠᠪᠤᠷᠢ ᠪᠠᠨ ᠨᠡᠩ ᠰᠠᠶᠢᠲᠤᠷ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠨ᠎ᠡ ᠪᠠᠶᠢᠳᠠᠯ ᠰᠢᠨ᠎ᠡ ᠡᠭᠦᠷᠭᠡ ᠳᠤ ᠵᠣᠬᠢᠴᠠᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠬᠦᠴᠦᠯᠡᠨ ᠴᠢᠷᠮᠠᠶᠢᠵᠤ᠂ ᠵᠠᠰᠠᠭ ᠤᠨ ᠵᠠᠷᠯᠢᠭ ᠤᠨ ᠳᠠᠮᠵᠢᠭᠤᠯᠭ᠎ᠠ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠬᠦᠴᠦᠯᠡᠨ ᠪᠠᠲᠤᠯᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠦᠴᠦᠯᠡᠨ ᠪᠠᠬᠢᠵᠢᠭᠦᠯᠵᠦ᠂ ᠦᠢᠯᠡᠴᠢᠯᠡᠭᠡ ᠪᠠᠲᠤᠯᠠᠭ᠎ᠠ ᠶᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠯᠪᠠᠨ ᠲᠢᠩᠬᠢᠮ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠳᠤᠮᠳᠠ ᠬᠠᠮᠤᠭ ᠤᠨ ᠡᠮᠦᠨ᠎ᠡ ᠡᠩᠨᠡᠭᠡᠨ ᠳᠤ ᠶᠠᠪᠤᠵᠤ᠂ ᠰᠠᠶᠢᠨ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠨᠠᠮ ᠢ ᠰᠠᠨᠠᠭ᠎ᠠ ᠠᠮᠤᠷ ᠪᠠᠶᠢᠯᠭᠠᠬᠤ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠡᠦ ᠵᠧᠩ ᠯᠥᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃   ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠠᠯᠪᠠᠨ ᠲᠢᠩᠬᠢᠮ ᠤᠨ ᠠᠵᠢᠯ ᠢ ᠳ᠋ᠦᠩᠨᠡᠨ ᠰᠣᠯᠢᠯᠴᠠᠵᠤ᠂ ᠠᠯᠪᠠᠨ ᠲᠢᠩᠬᠢᠮ ᠤᠨ ᠰᠢᠰᠲ᠋ᠧᠮ ᠳᠤ ᠲᠤᠯᠭᠠᠷᠠᠵᠤ ᠪᠠᠶᠢᠭ᠎ᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠢ ᠵᠠᠳᠠᠯᠵᠤ᠂ ︽ᠭᠤᠷᠪᠠ ᠳᠤ ᠦᠢᠯᠡᠴᠢᠯᠡᠬᠦ︾ ᠠᠵᠢᠯ ᠳᠤ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠢ ᠰᠤᠳᠤᠯᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号