ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠣᠷᠤᠭ ᠲᠠᠩᠰᠠᠯᠠᠯᠳᠠ ᠶᠢᠨ ᠲᠦᠷᠢᠮᠵᠢᠬᠦᠨ ᠬᠠᠮᠢᠶᠠᠷᠤᠯᠳᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/9/19
   ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠵᠤ᠂ ᠦᠢᠯᠡᠴᠢᠯᠡᠬᠦ ᠬᠦᠷᠳᠡᠭᠰᠡᠳ ᠤᠨ ᠬᠤᠪᠢ ᠬᠥᠮᠥᠨ ᠤ ᠡᠷᠬᠡ ᠠᠰᠢᠭ ᠢ ᠬᠠᠮᠠᠭᠠᠯᠠᠨ᠂ ᠣᠷᠤᠭ ᠳᠠᠩᠰᠠᠯᠠᠯᠲᠠ ᠶᠢᠨ ᠮᠡᠳᠡᠭᠡ ᠵᠠᠩᠭᠢᠵᠢᠯᠲᠠ ᠶᠢᠨ ᠲᠦᠪᠰᠢᠨ ᠢ ᠪᠦᠲᠦᠮᠵᠢᠲᠡᠶ  ᠲᠡᠭᠡᠭᠰᠢᠯᠡᠬᠦᠯᠬᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠨᠡᠭᠡᠭᠡᠯᠲᠡ ᠲᠠᠢ ᠪᠥᠭᠡᠳ ᠬᠤᠪᠢᠶᠠᠯᠴᠠᠬᠤ᠂ ᠶᠢ ᠠᠬᠢᠭᠤᠯᠬᠤ ᠶᠢᠨ ᠲᠥᠯᠥᠭᠡ᠂ ᠣᠷᠤᠭ ᠤᠨ ᠳᠠᠩᠰᠠᠯᠠᠯᠲᠠ ᠶᠢ ᠪᠥᠬᠦ ᠤᠯᠤᠰ ᠲᠤ ᠲᠤᠭᠤᠰᠢᠳᠠᠢ ᠬᠦᠢᠴᠡᠳᠬᠡᠬᠦ ᠶᠢᠨ ᠲᠦᠯᠤᠬᠡ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ ᠪᠤᠭᠤᠳᠤ ᠬᠤᠳᠠ ᠶᠢᠨ ᠴᠢᠩᠱᠠᠨ ᠲᠣᠭᠤᠷᠢᠭ ᠤᠨ ᠤᠷᠤᠭ ᠲᠠᠩᠰᠠᠯᠠᠬᠤ ᠭᠠᠵᠠᠷ ᠤᠨ ᠬᠢᠨ ᠰᠦᠯᠵᠢᠶᠡᠨ ᠤ ᠮᠡᠳᠡᠭᠡ ᠵᠠᠩᠭᠢ ᠶᠢ ᠠᠷᠠᠳ ᠲᠤ ᠦᠢᠯᠡᠴᠢᠯᠡᠭᠦᠯᠬᠦ᠂ ᠬᠠᠤᠯᠢ ᠶᠣᠰᠣᠭᠠᠷ ᠰᠦᠯᠵᠢᠶ᠎ᠡ ᠶᠢ ᠬᠠᠮᠢᠶᠠᠷᠬᠤ ᠶᠢ ᠪᠠᠷᠢᠮᠲᠠᠯᠠᠵᠤ᠂ ᠦᠢᠯᠡᠴᠢᠯᠡᠬᠦ  ᠬᠦᠷᠳᠡᠭᠰᠡᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠠᠭᠠᠯᠠᠬᠤ᠂ ᠠᠷᠠᠳ ᠢᠷᠭᠡᠳ ᠤᠨ ᠬᠤᠪᠢ ᠶᠢᠨ ᠨᠢᠭᠤᠴᠠ ᠶᠢᠨ ᠠᠮᠤᠷ ᠲᠦᠪᠰᠢᠨ ᠢ ᠬᠠᠮᠠᠭᠠᠯᠠᠬᠤ ᠶᠢ ᠠᠵᠢᠯ ᠤᠨ ᠲᠡᠷᠢᠭᠦᠨ ᠪᠠᠶᠢᠷᠢᠨ ᠳᠤ  ᠲᠠᠯᠪᠢᠵᠤ ᠪᠠᠶᠢᠨ᠎ᠠ᠃   ᠤᠷᠤᠬ ᠤᠨ ᠮᠡᠳᠡᠭᠡ ᠵᠠᠩᠭᠢ ᠪᠣᠯ ᠠᠷᠠᠳ ᠢᠷᠭᠡᠨ ᠤ ᠬᠤᠪᠢ ᠬᠥᠮᠥᠨ ᠤ ᠬᠠᠮᠤᠭ ᠤᠨ ᠴᠢᠬᠤᠯᠠ ᠦᠨᠳᠦᠰᠦᠨ ᠮᠡᠳᠡᠭᠡ ᠵᠠᠩᠭᠢ ᠶᠢᠨ ᠨᠢᠭᠡ ᠮᠥᠨ᠃ ᠤᠷᠴᠢᠮ ᠤᠨ ᠵᠢᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠬᠦ ᠶᠢ ᠲᠦᠷᠭᠡᠳᠬᠡᠬᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠨᠡᠭᠡᠭᠡᠯᠲᠡ ᠲᠠᠢ ᠪᠣᠯᠭᠠᠵᠤ ᠬᠠᠮᠲᠤ ᠪᠠᠷ ᠡᠳ᠋ᠯᠡᠬᠦ ᠶᠢ ᠠᠬᠢᠭᠤᠯᠬᠤ᠂ ᠣᠷᠤᠭ ᠳᠠᠩᠰᠠᠯᠠᠯᠲᠠ ᠶᠢᠨ ︽ᠮᠤᠵᠢ ᠠᠯᠤᠰᠯᠠᠨ  ᠲᠤᠭᠤᠰᠢᠳᠠᠢ ᠬᠦᠢᠴᠡᠳᠬᠡᠬᠦ︾ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠣᠯᠠᠨ ᠴᠢᠬᠤᠯᠠ ᠪᠠᠶᠢᠷᠢᠯᠠᠭᠤᠯᠤᠯᠲᠠ ᠬᠢᠪᠡ᠃ ᠪᠤᠭᠤᠳᠤ ᠬᠤᠳᠠ ᠶᠢᠨ ᠴᠢᠩᠱᠠᠨ ᠲᠣᠭᠤᠷᠢᠭ ᠤᠨ ᠤᠷᠤᠭ ᠲᠠᠩᠰᠠᠯᠠᠬᠤ ᠭᠠᠵᠠᠷ ᠤᠨ ᠬᠢᠨ 2021 ᠣᠨ ᠤ 4 ᠳ᠋ᠤᠬᠡᠷ ᠰᠠᠷ᠎ᠠ ᠠᠴᠠ ᠪᠦᠬᠦ ᠤᠯᠤᠰ ᠤᠨ ᠤᠷᠤᠭ ᠲᠠᠩᠰᠠᠯᠠᠬᠤ ᠬᠠᠮᠢᠶᠠᠷᠤᠯᠲᠠ ᠶᠢᠨ ᠰᠢᠨ᠎ᠡ ᠰᠢᠰᠲ᠋ᠧᠮ ᠢ ᠬᠡᠷᠡᠭᠯᠡᠭᠰᠡᠨ ᠠᠴᠠ ᠨᠠᠭᠠᠰᠢ ᠣᠷᠤᠭ  ᠳᠠᠩᠰᠠᠯᠠᠯᠲᠠ ᠶᠢᠨ ᠰᠢᠰᠲ᠋ᠧᠮ ᠤᠨ ᠰᠦᠯᠵᠢᠶᠡᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ︽ᠴᠢᠩᠱᠠᠨ ᠲᠣᠭᠤᠷᠢᠭ ᠤᠨ ᠣᠷᠤᠭ ᠳᠠᠩᠰᠠᠯᠠᠯᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ︽ᠴᠢᠩᠱᠠᠨ ᠲᠣᠭᠤᠷᠢᠭ ᠤᠨ ᠣᠷᠤᠭ ᠳᠠᠩᠰᠠᠯᠠᠯᠲᠠ ᠶᠢᠨ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢ ᠵᠠᠯᠭᠠᠭ᠎ᠠ ᠪᠠᠷ ᠲᠣᠭᠲᠠᠭᠠᠵᠤ᠂ ᠣᠷᠤᠭ ᠳᠠᠩᠰᠠᠯᠠᠯᠲᠠ ᠶᠢᠨ ᠴᠠᠭᠠᠰᠤᠨ ᠲᠠᠩᠰᠠ ᠡᠪᠬᠡᠮᠡᠯ᠂ ᠡᠯᠧᠺᠲᠷᠣᠨ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ᠂ ᠬᠡᠷᠡᠭᠯᠡᠬᠦ ᠪᠠ ᠬᠢᠨᠠᠨ ᠬᠠᠮᠢᠶᠠᠷᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ᠃ ︽ᠪᠥᠬᠦ ᠤᠯᠤᠰ ᠤᠨ ᠣᠷᠤᠭ ᠳᠠᠩᠰᠠᠯᠠᠯᠲᠠ ᠶᠢᠨ ᠬᠠᠮᠢᠶᠠᠷᠤᠯᠲᠠ ᠶᠢᠨ ᠰᠢᠰᠲ᠋ᠧᠮ︾ ᠤᠨ ᠬᠡᠷᠡᠭᠯᠡᠬᠦ ᠠᠵᠢᠯᠲᠠᠨ ᠤ ᠬᠠᠮᠢᠶᠠᠷᠤᠯᠲᠠ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠬᠡᠪᠴᠢᠶ᠎ᠡ ᠶᠢ ᠲᠣᠭᠲᠠᠭᠠᠬᠤ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠡᠳᠦᠷ ᠲᠤᠲᠤᠮ ᠤᠨ ᠪᠠᠶᠢᠴᠠᠭᠠᠨ ᠬᠡᠮᠵᠢᠯᠲᠡ ᠵᠡᠷᠭᠡ ᠳᠤ ᠰᠢᠨᠵᠢᠯᠡᠬᠦ ᠤᠬᠠᠭᠠᠨᠴᠢ ᠪᠥᠭᠡᠳ ᠨᠢᠭᠲᠠ ᠴᠢᠩᠭ᠎ᠠ ᠲᠣᠭᠲᠠᠭᠠᠯ ᠭᠠᠷᠭᠠᠭᠰᠠᠨ ᠪᠠᠶᠢᠨ᠎ᠠ᠃ ᠣᠷᠤᠭ ᠲᠠᠩᠰᠠᠯᠠᠬᠴᠢ ᠠᠵᠢᠯᠳᠠᠨ ᠪᠤᠯᠭᠠᠨ ᠴᠥᠮ ᠠᠵᠢᠯ ᠤᠨ ᠪᠠᠶᠢᠷᠢ ᠶᠢᠨ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠣᠭᠲᠠᠵᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ᠂ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠤᠷᠤᠯᠴᠠᠯᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ  ᠤᠷᠤᠯᠴᠠᠪᠠ᠃ ᠣᠷᠤᠭ ᠲᠠᠩᠰᠠᠯᠠᠬᠤ ᠭᠠᠵᠠᠷ ᠤᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠮᠤᠵᠢ ᠶᠢᠨ ᠲᠢᠩᠬᠢᠮ ᠤᠨ ᠰᠢᠰᠲ᠋ᠧᠮ ᠤᠨ ᠠᠷᠤ ᠲᠠᠪᠴᠠᠩ ᠳᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠬᠢᠨᠠᠨ ᠬᠠᠷᠭᠤᠭᠤᠯᠤᠯᠲᠠ ᠬᠢᠯᠭᠡᠬᠦ ᠪᠠᠷ ᠭᠤᠶᠤᠴᠢᠯᠠᠵᠤ᠂ ᠣᠷᠤᠭ ᠳᠠᠩᠰᠠᠯᠠᠯᠲᠠ ᠶᠢᠨ ᠰᠢᠰᠲ᠋ᠧᠮ ᠤᠨ ᠲᠤᠭ᠎ᠠ ᠪᠠᠷᠢᠮᠳᠠ ᠶᠢᠨ ᠠᠮᠤᠷ ᠲᠦᠪᠰᠢᠨ ᠢ ᠪᠠᠳᠤᠯᠠᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号