ᠪᠤᠭᠤᠳᠤ ᠬᠤᠳᠠ ᠶᠢᠨ ᠴᠢᠩᠱᠠᠨ ᠲᠤᠭᠤᠷᠢᠭ ᠬᠡᠪ  ᠲᠠᠭᠤᠷᠢᠶᠠᠯ  ᠢ ᠡᠬᠦᠳᠴᠤ ᠨᠠᠶᠢᠳᠡᠯᠢᠭ ᠵᠢᠱᠢᠶ᠎ᠠ  ᠶᠢ ᠪᠤᠢ ᠪᠤᠯᠭᠠᠵᠤ ᠬᠤᠷᠢᠮ  ᠨᠠᠶᠢᠷ  ᠤᠨ ︽ᠪᠦᠷᠢᠯᠭᠡᠨ ᠰᠤᠶᠢᠳᠭᠡᠬᠦ  ᠶᠢ ᠲᠡᠪᠴᠢᠬᠦ ᠠᠵᠢᠯᠯᠠᠭ᠎ᠠ︾  ᠶᠢ ᠪᠦᠳᠤᠮᠵᠢᠳᠠᠢ  ᠨᠠᠶᠢᠳᠠᠪᠦᠷᠢᠵᠢᠭᠤᠯᠪᠡ
ᠨᠡᠶᠢᠲᠡᠯᠡᠭᠰᠡᠨ ᠴᠠᠭ᠄
2023/9/21
   ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠤᠩᠭᠡᠢ ᠲᠤᠪᠴᠢᠶ᠎ᠠ᠂ ᠠᠷᠠᠤᠨ  ᠤᠨ ᠶᠠᠪᠤᠳᠠᠯ‌‍ᠤᠨ ᠶᠠᠮᠤᠨ᠂ ᠲᠥᠪ ᠤᠨ ᠤᠶᠤᠨ ᠤ  ᠪᠤᠯᠪᠠᠰᠤᠨ ᠤ ᠠᠯᠪᠠᠨ ᠭᠡᠷ ᠤᠨ ᠬᠢᠨ ᠤᠷᠴᠢᠮ ᠳᠤ ︽ᠬᠤᠷᠢᠮ ᠤᠨ ᠲᠠᠶᠢᠯᠠᠯᠭ᠎ᠠ ᠲᠡᠬᠡᠷᠡᠬᠢ ᠢᠳᠡᠭᠡᠨ ᠤᠮᠳᠠᠭᠠᠨ ᠢ ᠪᠦᠷᠢᠯᠬᠡᠬᠦ ᠶᠢ ᠬᠤᠷᠢᠭᠯᠠᠬᠤ ᠠᠵᠢᠯ ᠢ ᠤᠯᠠᠮ ᠰᠠᠶᠢᠳᠤᠷ ᠬᠢᠬᠦ ᠲᠤᠬᠠᠢ ᠮᠡᠳᠡᠭᠳᠡᠯ︾  ᠢ ᠲᠠᠷᠤᠮᠠᠯᠯᠠᠨ ᠲᠠᠷᠬᠠᠭᠠᠵᠤ᠂ ᠬᠤᠷᠢᠮ ᠨᠠᠶᠢᠷ ᠤᠨ ᠦᠢᠯᠡᠴᠢᠯᠡᠭᠡᠨ ᠤ ᠤᠶᠢᠯᠠᠭᠠᠭᠳᠠᠬᠤᠨ ᠢ ᠰᠢᠯᠢᠳᠡᠭᠵᠢᠬᠦᠯᠬᠦ᠂ ᠬᠤᠷᠢᠮ ᠤᠨ ᠲᠠᠶᠢᠯᠠᠯᠭ᠎ᠠ ᠲᠡᠬᠡᠷᠡᠬᠢ ᠢᠳᠡᠭᠡᠨ ᠤᠮᠳᠠᠭᠠᠨ ᠢ ᠪᠦᠷᠢᠯᠬᠡᠬᠦ ᠵᠡᠷᠭᠡ ᠪᠣᠯᠬᠢ ᠲᠠᠳᠬᠠᠯ ᠢ ᠲᠠᠶᠠᠭᠳᠠᠬᠤ  ᠲᠤᠬᠠᠢ ᠠᠵᠢᠯ ᠤᠨ ᠴᠢᠭᠯᠡᠯ ᠪᠠ  ᠪᠠᠶᠠᠷ ᠤᠨ ᠶᠠᠪᠤᠳᠠᠯ ᠢ ᠰᠢᠨ᠎ᠡ ᠪᠠᠷ ᠬᠢᠬᠦ ᠱᠠᠭᠠᠷᠳᠠᠯᠭ᠎ᠠ ᠶᠢ ᠲᠤᠳᠤᠷᠬᠠᠢ ᠳᠤᠷᠠᠳᠪᠡ ᠃ ᠲᠠᠷᠠᠴᠢᠯᠠᠨ ᠬᠤᠷᠢᠮ ᠤᠨ ᠲᠠᠶᠢᠯᠠᠯᠭ᠎ᠠ ᠶᠢᠨ ᠡᠵᠡᠩᠨᠡᠭᠴᠢ ᠢᠳᠡᠭᠡᠨ ᠤᠮᠳᠠᠭᠠᠨ ᠢ ᠪᠦᠷᠢᠯᠬᠡᠬᠦ ᠶᠢ ᠬᠤᠷᠢᠭᠯᠠᠬᠤ ᠬᠠᠮᠢᠶ᠎ᠠ ᠪᠦᠬᠦᠢ ᠠᠭᠤᠯᠭ᠎ᠠ ᠶᠢ ᠬᠤᠷᠢᠮ  ᠤᠨ ᠲᠠᠶᠢᠯᠠᠯᠭ᠎ᠠ ᠶᠢᠨ ᠦᠢᠯᠡᠴᠢᠯᠡᠭᠡᠨ ᠤ ᠭᠡᠯᠡᠯᠴᠡᠭᠡᠷ ᠲᠤ ᠤᠷᠤᠭᠤᠯᠵᠤ᠂ ᠭᠡᠷᠡᠭᠯᠡᠭᠴᠢᠤᠨ ᠢ ᠵᠢᠯᠤᠭᠤᠳᠴᠤ ᠪᠠᠶᠢᠭᠠᠤᠨ ᠬᠤᠷᠢᠮ ᠤᠨ ᠲᠠᠶᠢᠯᠠᠯᠭ᠎ᠠ ᠲᠡᠬᠡᠷ᠎ᠡ ︽ᠫᠢᠯᠨ ᠬᠤᠭᠤᠰᠤᠯᠠᠬᠤ ᠠᠵᠢᠯᠯᠠᠭ᠎ᠠ光盘行动︾  ᠠᠵᠢᠯᠯᠠᠠᠭ᠎ᠠ  ᠶᠢ ᠤᠷᠢᠳ ᠠᠴᠠ ᠪᠠᠳᠤᠯᠠᠬᠤ ᠬᠡᠷᠡᠭᠲᠡᠢ ᠭᠡᠵᠤ ᠱᠠᠭᠠᠷᠳᠠᠯ᠎ᠠ ᠃   ᠬᠤᠷᠢᠮ ᠤᠨ ᠲᠠᠶᠢᠯᠠᠯᠭ᠎ᠠ ᠲᠡᠬᠡᠷᠡᠬᠢ ᠢᠳᠡᠭᠡᠨ ᠤᠮᠳᠠᠭᠠᠨ ᠢ ᠪᠦᠷᠢᠯᠭᠡᠬᠦ  ᠶᠢ ᠬᠤᠷᠢᠭᠯᠠᠬᠤ᠂ ᠦᠪᠡᠳᠡᠭᠰᠢ ᠶᠡᠭᠡ  ᠪᠠᠷ ᠬᠤᠷᠢᠮ ᠤᠨ ᠲᠠᠶᠢᠯᠠᠯᠭ᠎ᠠ ᠶᠢ ᠶᠡᠭᠡ ᠪᠠᠷ ᠲᠠᠯᠪᠢᠬᠤ ᠶᠢ ᠬᠤᠷᠢᠭᠯᠠᠬᠤ  ᠪᠣᠯ ᠤᠷᠤᠭ ᠤᠨ ᠵᠠᠩᠰᠢᠯ ᠤᠨ ᠦᠭᠡᠷᠡᠴᠢᠯᠡᠯᠳᠠ ᠶᠢᠨ ᠴᠢᠬᠤᠯᠠ ᠠᠭᠤᠯᠭ᠎ᠠ ᠶᠢᠨ ᠨᠢᠬᠡ ᠶᠤᠮ᠃ ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ  ᠬᠢᠨ ᠤᠷᠤᠭ ᠤᠨ ᠵᠠᠩᠰᠢᠯ ᠤᠨ ᠦᠭᠡᠷᠡᠴᠢᠯᠠᠯᠳᠠ ᠶᠢᠨ ᠪᠦᠬᠦ ᠤᠯᠤᠰ ᠤᠨ ᠠᠩᠬᠠᠳᠠᠭᠴᠢ ᠪᠦᠯᠦᠭ ᠲᠤᠷᠰᠢᠯᠳᠠ ᠶᠢᠨ ᠤᠷᠤᠨ ᠤ ᠨᠢᠬᠡ ᠪᠤᠯᠤᠭᠰᠠᠨ ᠤ ᠬᠤᠪᠢ ᠳᠤ   ︽  ᠬᠤᠷᠢᠮ ᠨᠠᠶᠢᠷ ᠢ ᠰᠢᠨ᠎ᠡ ᠪᠠᠷ ᠡᠷᠭᠢᠯᠡᠵᠤ᠂  ᠳᠦᠭᠦᠮ ᠠᠪᠰᠠᠷᠬᠠᠨ ᠪᠤᠬᠢᠷᠳᠤᠯ ᠦᠭᠡᠢ ᠬᠤᠷᠢᠮ ᠤᠨ ᠶᠤᠰᠤᠯᠠᠯ  ᠢ ᠰᠠᠨᠠᠭᠠᠴᠢᠯᠠᠬᠤ᠂ ᠬᠤᠷᠢᠮ ᠨᠠᠶᠢᠷ ᠢ ᠳᠦᠬᠦᠮᠴᠢᠯᠠᠨ᠂  ᠪᠦᠷᠢᠯᠬᠡᠬᠦ ᠠᠵᠢᠯᠯᠠᠭ᠎ᠠ ᠶᠢ ᠡᠷᠡᠰ  ᠬᠤᠷᠢᠬᠯᠠᠬᠤ᠂ ᠰᠠᠭᠠᠯᠢ ᠪᠡᠯᠡᠭ ᠭᠡᠮᠵᠢᠶ᠎ᠡ ᠲᠤᠮᠵᠢᠶ᠎ᠠ ᠲᠠᠢ᠂ ᠬᠡᠪ ᠤᠨ ᠪᠤᠰᠤ ᠬᠠᠷᠢᠯᠴᠠᠭ᠎ᠠ ᠶᠢ ᠬᠤᠷᠢᠬᠯᠠᠬᠤ︾ ᠭᠤᠷᠪᠠᠨ ᠰᠢᠨ᠎ᠡ ᠲᠦᠷᠢᠮ ᠢ  ᠲᠤᠬᠳᠠᠭᠠᠬᠰᠠᠨ ᠪᠦᠬᠡᠳ  ᠬᠤᠷᠢᠮᠯᠠᠬᠤ  ᠠᠴᠠ  ᠡᠮᠤᠨᠡᠭᠢ ᠰᠤᠷᠭᠠᠨ ᠬᠦᠮᠤᠵᠢᠯ ᠤᠨ ᠬᠢᠴᠢᠶᠠᠯ᠂  ᠤᠷᠤᠭ ᠲᠠᠩᠰᠠᠯᠠᠭᠤᠯᠵᠤ ᠪᠠᠳᠤᠯᠠᠪᠤᠷᠢ ᠤᠯᠭᠤᠵᠤ ᠲᠠᠩᠭᠠᠷᠢᠬᠯᠠᠬᠤ ᠶᠤᠰᠤᠯᠠᠯ᠂ ᠨᠢᠬᠦᠯᠡᠰᠤᠩᠬᠦᠢ ᠶᠢᠨ ᠠᠵᠢᠯᠯᠠᠭ᠎ᠠ᠂ ᠳᠦᠬᠦᠮ ᠳᠤᠬᠢᠷᠠᠮᠵᠢᠳᠠᠢ ᠬᠤᠷᠢᠮ ᠤᠨ ᠶᠤᠰᠤᠯᠠᠯ ᠵᠡᠷᠭᠡ ᠰᠢᠨ᠎ᠡ ᠴᠠᠭ  ᠦᠶ᠎ᠡ ᠶᠢᠨ ᠬᠤᠷᠢᠮ ᠤᠨ ᠶᠤᠰᠤᠯᠠᠯ ᠳᠤ ᠤᠷᠤᠯᠴᠠᠬᠤ ᠶᠢ ᠰᠠᠨᠠᠭᠠᠴᠢᠯᠠᠪᠠ᠃ ︽  ᠬᠠᠮᠤᠭ ᠤᠨ ᠭᠤᠶᠤ ᠰᠢᠨ᠎ᠡ ᠪᠡᠷᠢ︾  ︽  ᠵᠣᠯ ᠵᠢᠷᠭᠠᠯᠳᠤ ᠰᠢᠨ᠎ᠡ ᠪᠡᠷᠢ︾᠂  ︽ᠤᠷᠤᠭ ᠤᠨ ᠵᠠᠩᠰᠢᠯ ᠤᠨ ᠰᠢᠨ᠎ᠡ ᠰᠤᠷᠳᠠᠯ ᠤᠨ ᠵᠢᠱᠢᠶᠠᠴᠢ ᠬᠤᠤᠰ︾ ︽  ᠤᠷᠤᠭ ᠤᠨ  ᠵᠠᠩᠰᠢᠯ ᠤᠨ ᠦᠭᠡᠷᠡᠴᠢᠯᠡᠯᠳᠠ ᠪᠤᠯᠪᠠᠰᠤᠨ ᠢᠳᠡᠭᠡᠨ ᠤᠮᠳᠠᠭᠠᠨ ᠤ ᠵᠢᠱᠢᠶ᠎ᠡ ᠦᠵᠡᠬᠦᠯᠬᠦ ᠬᠤᠭᠤᠯᠠᠨ ᠬᠡᠷ︾  ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠦᠷᠨᠢᠬᠦᠯᠪᠡ᠃ ᠬᠠᠮᠳᠤᠯᠢᠭ ᠤᠨ ᠲᠠᠭᠤᠴᠢᠨ ᠢ ᠵᠠᠯᠠᠬᠤ ᠦᠭᠡᠢ᠂  ᠭᠡᠭᠡᠨᠴᠢᠷ ᠭᠤᠶᠤ ᠮᠠᠰᠢᠨ ᠲᠡᠷᠭᠡ ᠶᠤᠰᠤᠯᠠᠯ ᠤᠨ ᠫᠤᠤ ᠪᠡᠯᠡᠳᠭᠡᠬᠦ ᠦᠭᠡᠢ᠂  ᠦᠨ᠎ᠡ ᠲᠠᠢ ᠠᠷᠢᠭᠢ ᠲᠠᠮᠠᠭᠢ ᠭᠡᠷᠡᠭᠯᠡᠬᠦ ᠦᠭᠡᠢ ᠪᠠᠷ ᠬᠤᠷᠢᠮ ᠤᠨ ᠶᠤᠰᠤᠯᠠᠯ ᠢ ᠲᠦᠬᠦᠮ ᠬᠢᠭᠰᠡᠨ ᠭᠡᠤᠭᠡᠨ  ᠡᠤ ᠵᠢᠩ ᠢ ᠴᠢᠩᠱᠠᠨ ᠲᠤᠭᠤᠷᠢᠭ ᠤᠨ ᠤᠷᠤᠭ ᠤᠨ ᠵᠠᠩᠰᠢᠯ ᠤᠨ ᠦᠭᠡᠷᠡᠴᠢᠯᠠᠯᠳᠠ ᠶᠢᠨ ︽ᠵᠣᠯ ᠵᠢᠷᠭᠠᠯᠳᠤ ᠰᠢᠨ᠎ᠡ ᠪᠡᠷᠢ︾   ᠪᠠᠷ ᠦᠨᠡᠯᠡᠭᠳᠡᠪᠡ᠃ ᠬᠤᠷᠢᠮ ᠤᠨ ᠶᠤᠰᠤᠯᠠᠯ ᠤᠨ ᠡᠳᠤᠷ ᠲᠡᠬᠡᠷ᠎ᠡ ᠪᠠᠨ ᠠᠰᠠᠷᠠᠮᠵᠢ ᠶᠢᠨ ᠬᠦᠷᠢᠶᠠᠯᠡᠩ ᠤᠨ ᠭᠡᠤᠭᠡᠤᠨ ᠲᠤ 1.6   ᠲᠦᠮᠠᠨ ᠲᠦᠬᠦᠷᠢᠭ ᠬᠠᠨᠳᠢᠪᠯᠠᠭᠰᠠᠨ ᠬᠤᠤᠰ ᠴᠢᠩᠱᠠᠨ ᠲᠤᠭᠤᠷᠢᠭ ᠤᠨ ᠤᠷᠤᠭ ᠤᠨ ᠵᠠᠩᠰᠢᠯ ᠤᠨ ᠦᠭᠡᠷᠡᠴᠢᠯᠡᠯᠳᠠ ᠶᠢᠨ ︽ᠵᠢᠱᠢᠶᠠᠴᠢ ᠬᠤᠤᠰ︾  ᠪᠠᠷ ᠦᠨᠡᠯᠡᠭᠳᠡᠪᠡ᠃ ᠬᠤᠷᠢᠮ ᠤᠨ ᠶᠤᠰᠤᠯᠠᠯ ᠢᠶᠠᠨ ᠲᠦᠬᠦᠮ ᠬᠢᠵᠤ᠂ ᠤᠷᠤᠭ ᠤᠨ ᠵᠠᠩᠰᠢᠯ ᠤᠨ   ᠰᠤᠷᠳᠠᠯ ᠤᠨ ᠪᠠᠷᠢᠮᠵᠢᠶ᠎ᠠ ᠶᠢ ᠲᠤᠬᠳᠠᠭᠠᠬᠰᠠᠨ ᠬᠤᠭᠤᠯᠠᠨ ᠬᠡᠷ  ᠨᠢ ᠴᠢᠩᠱᠠᠨ ᠲᠤᠭᠤᠷᠢᠭ ᠤᠨ ︽ᠤᠷᠤᠭ ᠤᠨ  ᠵᠠᠩᠰᠢᠯ ᠤᠨ ᠦᠭᠡᠷᠡᠴᠢᠯᠡᠯᠳᠠ ᠪᠤᠯᠪᠠᠰᠤᠨ ᠢᠳᠡᠭᠡᠨ ᠤᠮᠳᠠᠭᠠᠨ ᠤ ᠵᠢᠱᠢᠶ᠎ᠡ ᠦᠵᠡᠬᠦᠯᠬᠦ ᠬᠤᠭᠤᠯᠠᠨ ᠬᠡᠷ︾  ᠢᠶᠠᠷ ᠦᠨᠡᠯᠡᠭᠳᠡᠪᠡ᠃  ᠴᠢᠩᠱᠠᠨ ᠲᠤᠭᠤᠷᠢᠭ ᠤᠨ ᠬᠢᠨ ᠬᠡᠪ ᠲᠠᠭᠤᠷᠢᠶᠠᠯ  ᠡᠬᠦᠳᠬᠦ᠂ ᠨᠠᠶᠢᠳᠡᠯᠢᠭ ᠵᠢᠱᠢᠶ᠎ᠡ ᠶᠢ ᠪᠤᠢ ᠪᠤᠯᠭᠠᠬᠤ ᠰᠢᠨ᠎ᠡ ᠠᠷᠭ᠎ᠠ ᠪᠠᠷ ᠤᠷᠤᠭ ᠤᠨ   ᠰᠢᠨ᠎ᠡ ᠰᠤᠷᠳᠠᠯ ᠤᠨ ︽ᠭᠤᠷᠪᠡᠨ ᠰᠢᠨ᠎ᠡ ᠲᠤᠭᠳᠠᠭᠠᠯ︾  ᠢ ᠨᠠᠶᠢᠳᠠᠪᠤᠷᠢᠵᠢᠭᠤᠯᠬᠤ ᠶᠢ ᠠᠭᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠡᠷᠡᠬᠦᠯ ᠰᠠᠷᠠᠭᠤᠯ  ᠦᠭᠡᠳᠡᠷᠭᠡᠭ᠂ ᠱᠠᠯᠢᠨ  ᠪᠦᠷᠢᠯᠭᠡᠬᠦ ᠶᠢ ᠡᠰᠡᠷᠬᠦᠴᠡᠬᠦ ᠰᠠᠶᠢᠨ ᠰᠠᠶᠢᠬᠠᠨ ᠨᠠᠶᠢᠭᠡᠮ ᠤᠨ ᠬᠡᠪ ᠰᠤᠷᠳᠠᠯ ᠢ ᠪᠤᠢ ᠪᠤᠯᠭᠠᠪᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号