ᠬᠡᠭᠡᠨᠭᠤᠤᠯ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽1+N︾ ᠠᠭᠤᠰᠤᠯᠴᠠᠭᠤᠯᠬᠤ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠵᠦ ︽ᠰᠢᠯᠢᠳᠡᠭ ᠡᠷᠡᠬᠦᠯᠵᠢᠬᠦᠯᠬᠦ ᠭᠡᠷ ︾ᠡᠷᠡᠭᠦᠯᠵᠢᠯ ᠤᠨ ᠦᠢᠯᠡᠴᠢᠯᠡᠭᠡᠨ ᠤ ᠲᠦᠷᠦᠯ ᠲᠡᠮᠳᠡᠭ ᠢ  ᠴᠤᠬᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/9/21
   ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠪᠣᠯ ᠣᠶᠣᠨ ᠤ ᠰᠠᠭᠠᠳ ᠲᠠᠢ ᠡᠪᠡᠳᠴᠢᠲᠡᠨ ᠤ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠ ᠨᠡᠶᠢᠭᠡᠮ ᠳᠤ ᠵᠣᠬᠢᠴᠠᠬᠤ ᠴᠢᠳᠠᠪᠤᠷᠢ ᠶᠢ ᠰᠡᠷᠭᠦᠭᠡᠬᠦ ᠶᠠᠪᠤᠳᠠᠯ ᠪᠦᠬᠡᠳ ᠡᠴᠦᠰ ᠲᠤ ᠪᠠᠨ ᠨᠡᠶᠢᠭᠡᠮ ᠳᠤ ᠪᠤᠴᠠᠬᠤ ᠴᠢᠬᠤᠯᠠ ᠠᠷᠭ᠎ᠠ ᠵᠠᠮ᠂ ᠣᠯᠠᠨ ᠰᠢᠨᠵᠢᠯᠡᠭᠡᠨ ᠤ ᠰᠠᠯᠠᠭ᠎ᠠ᠂ ᠣᠯᠠᠨ ᠲᠤᠰᠬᠠᠢ ᠮᠡᠷᠭᠡᠵᠢᠯ ᠢ ᠠᠭᠤᠰᠤᠯᠴᠠᠭᠤᠯᠤᠨ ᠬᠥᠭᠵᠢᠭᠦᠯᠬᠦ ᠨᠡᠶᠢᠭᠡᠮ ᠤᠨ ᠦᠢᠯᠡᠴᠢᠯᠡᠭᠡ ᠮᠥᠨ᠂ ᠬᠡᠭᠡᠨᠭᠤᠤᠯ ᠬᠤᠲᠠ ᠶᠢᠨ ᠬᠢᠨ ᠬᠠᠷᠢᠶ᠎ᠠ ᠲᠣᠭᠤᠷᠢᠭ ᠤᠨ ᠣᠶᠣᠨ  ᠤ ᠰᠠᠭᠠᠳ ᠲᠠᠢ ᠡᠪᠡᠳᠴᠢᠲᠡᠨ ᠢ ᠬᠠᠪᠰᠤᠷᠤᠨ ᠨᠡᠶᠢᠭᠡᠮ ᠳᠤ ᠨᠡᠩ ᠰᠠᠶᠢᠨ ᠪᠤᠴᠠᠭᠠᠬᠤ ᠪᠠ ᠨᠡᠶᠢᠬᠡᠮ ᠯᠦᠭᠡ  ᠠᠭᠤᠰᠤᠯᠴᠠᠭᠤᠯᠵᠤ᠂ ᠣᠶᠣᠨ  ᠤ ᠰᠠᠭᠠᠳ ᠲᠠᠢ ᠡᠪᠡᠳᠴᠢᠲᠡᠨ ᠤ ᠲᠣᠰ ᠪᠡᠶ᠎ᠡ ᠪᠠ ᠲᠡᠳᠡᠨ ᠤ ᠭᠡᠷ ᠪᠦᠯᠢ ᠶᠢᠨ ᠠᠮᠢᠳᠤᠷᠠᠯ ᠤᠨ ᠳᠠᠷᠤᠭᠠᠰᠤ ᠪᠠ ᠳᠠᠷᠤᠭᠠᠰᠤ ᠶᠢ ᠬᠦᠡᠭᠭᠡᠷᠡᠬᠦᠯᠬᠦ ᠶᠢᠨ ᠲᠦᠯᠤᠬᠡ  2023 ᠣᠨ ᠳᠤ ᠬᠡᠬᠡᠨᠭᠤᠤᠯ ᠤᠨ ᠢ ᠰᠢᠨ ᠨᠠᠰᠤᠲᠠᠨ ᠢ ᠠᠴᠢᠯᠠᠬᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠢᠨ  ᠭᠡᠭᠡᠨᠭᠤᠤᠯ ᠬᠤᠳᠠ ᠶᠢᠨ  ᠠᠷᠠᠳ ᠤᠨ ᠶᠠᠪᠤᠳᠠᠯ ᠤᠨ ᠲᠣᠪᠴᠢᠶᠠᠨ ᠤ ᠵᠢᠯᠣᠭᠤᠳᠤᠯᠭ᠎ᠠ ᠳᠣᠣᠷ᠎ᠠ ᠬᠡᠭᠡᠨᠭᠤᠤᠯ ᠬᠤᠲᠠ ᠶᠢᠨ ᠬᠠᠷᠢᠶ᠎ᠠ ᠲᠣᠭᠤᠷᠢᠭ ᠤᠨ  ᠣᠶᠣᠨ ᠤ ᠰᠠᠭᠠᠳ ᠲᠠᠢ 40 ᠭᠠᠷᠤᠢ ᠡᠪᠡᠳᠴᠢᠲᠡᠨ ᠪᠠ ᠭᠡᠷ ᠪᠦᠯᠢ ᠶᠢᠨ ᠬᠢᠨ ᠳᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ  ᠬᠠᠨᠭ᠍ᠭᠠᠵᠤ᠂ ᠣᠶᠣᠨ  ᠤ ᠰᠠᠭᠠᠳ ᠲᠠᠢ ᠡᠪᠡᠳᠴᠢᠲᠡᠨ  ᠪᠤᠯᠤᠨ ᠲᠡᠳᠡᠨ ᠤ ᠭᠡᠷ ᠪᠦᠯᠢ ᠶᠢᠨ ᠬᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠬᠦᠯᠦᠭᠰᠡᠨ ᠪᠠᠶᠢᠨ᠎ᠠ᠃
     ᠡᠷᠡᠭᠦᠯᠵᠢᠯ ᠤᠨ ᠦᠢᠯᠡᠴᠢᠯᠡᠭᠡ  ᠶᠢ ᠥᠷᠨᠢᠭᠦᠯᠦᠭᠰᠡᠨ ᠠᠴᠠ ᠨᠠᠭᠠᠰᠢ ︽1+N︾ ︵ᠡᠪᠡᠳᠴᠢᠲᠡᠨ + ᠨᠡᠶᠢᠭᠡᠮ ᠲᠣᠭᠤᠷᠢᠭ + ᠨᠡᠶᠢᠭᠡᠮ ᠤᠨ ᠠᠵᠢᠯᠲᠠᠨ + ᠡᠮᠴᠢ + ᠭᠡᠷ ᠪᠦᠯᠢ + ᠨᠢᠭᠦᠯᠡᠰᠦᠩᠭᠦᠢ ᠶᠢᠨ ᠦᠢᠯᠡᠰ + ᠠᠵᠢᠯ ᠣᠯᠭᠤᠯᠲᠠ + ᠣᠨᠴᠠᠭᠠᠶ ᠰᠤᠷᠭᠠᠨ ᠬᠥᠮᠦᠵᠢᠯ︾ ᠠᠭᠤᠰᠤᠯᠴᠠᠭᠰᠠᠨ ᠦᠢᠯᠡᠴᠢᠯᠡᠭᠡᠨ ᠤ ᠵᠠᠭᠪᠤᠷ ᠢ ᠬᠦᠴᠦᠯᠡᠨ ᠰᠦᠪᠡᠭᠴᠢᠯᠡᠵᠦ᠂ ᠡᠪᠡᠳᠴᠢᠲᠡᠨ᠂ ᠭᠡᠷ ᠪᠦᠯᠢ᠂ ᠨᠡᠶᠢᠭᠡᠮ ᠤᠨ ᠠᠵᠢᠯᠲᠠᠨ᠂ ᠡᠮᠴᠢ ᠨᠠᠷ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠵᠤ᠂ ᠣᠶᠤᠨ  ᠤ ᠰᠠᠭᠠᠳ ᠲᠠᠢ ᠡᠪᠡᠳᠴᠢᠲᠡᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠪᠠ ᠲᠥᠷᠥᠯ ᠵᠦᠢᠯ ᠤᠨ ᠭᠦᠢᠴᠡᠳᠬᠡᠯ ᠲᠤᠭ᠎ᠠ ᠶᠢᠨ ᠲᠣᠭᠤᠷᠢᠨ ᠳᠤ  ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠭᠡᠷ ᠪᠦᠯᠢ ᠶᠢᠨ ᠬᠢᠨ ᠳᠤ ᠣᠶᠤᠨ ᠤ ᠰᠠᠭᠠᠳ ᠲᠠᠢ ᠵᠡᠮᠳᠡᠭᠴᠦᠳ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠨᠡᠮᠡᠭᠳᠡᠭᠦᠯᠦᠨ᠂ ᠪᠦᠯᠦᠭ ᠤᠳᠠᠭ᠎ᠠ᠂ ᠲᠠᠰ ᠳᠠᠪᠬᠤᠷᠭ᠎ᠠ ᠬᠤᠪᠢᠶᠠᠨ ᠡᠪᠡᠳᠴᠢᠲᠡᠨ ᠪᠠ ᠭᠡᠷ ᠪᠦᠯᠢ ᠶᠢᠨ ᠬᠢᠨ ᠳᠤ ᠱᠠᠲᠤ ᠦᠶ᠎ᠡ ᠶᠢᠨ ᠴᠢᠨᠠᠷᠲᠠᠢ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠡᠪᠡᠳᠴᠢᠲᠡᠨ ᠤ ᠨᠡᠶᠢᠭᠡᠮ ᠳᠤ ᠳᠠᠬᠢᠨ ᠪᠤᠴᠠᠬᠤ ᠳᠤ ᠲᠥᠬᠦᠮ ᠨᠥᠬᠦᠴᠡᠯ ᠡᠬᠦᠳᠪᠡ᠃ ᠨᠢᠭᠦᠯᠡᠰᠦᠩᠭᠦᠢ ᠶᠢᠨ ᠬᠦᠴᠦᠨ ᠢ ᠣᠷᠣᠭᠤᠯᠤᠨ ᠠᠪᠴᠢᠷᠠᠭᠰᠠᠨ ᠢᠶᠠᠷ ᠤᠶᠤᠨᠨ ᠤ ᠰᠠᠭᠠᠳ ᠲᠠᠢ ᠡᠪᠡᠳᠴᠢᠲᠡᠨ ᠤ ᠭᠡᠷ ᠪᠦᠯᠢ ᠳᠤ ᠨᠡᠶᠢᠭᠡᠮ ᠤᠨ ᠡᠯ᠎ᠡ ᠲᠠᠯ᠎ᠠ ᠶᠢᠨ  ᠬᠢᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠨᠡᠶᠢᠭᠡᠮ ᠳᠤ ᠪᠤᠴᠠᠬᠤ ᠢᠲᠡᠭᠡᠯ ᠵᠣᠷᠢᠭ ᠢ ᠨᠢ  ᠬᠦᠪᠴᠢᠯᠡᠯ᠎ᠡ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号