ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠨᠡᠶᠢᠭᠡᠮ ᠤᠨ ᠲᠤᠰᠠᠯᠠᠮᠵᠢ  ᠶᠢᠨ ᠦᠨᠳᠦᠰᠦᠨ ᠪᠠᠳᠤᠯᠠᠭ᠎ᠠ ᠶᠢᠨ ᠬᠡᠪᠴᠢᠶ᠎ᠡ  ᠶᠢ ᠬᠦᠴᠦᠲᠡᠶ ᠠᠷᠭ᠎ᠠ ᠪᠠᠷ ᠥᠷᠭᠡᠳᠬᠡᠨ ᠦᠷ᠎ᠡ ᠠᠰᠢᠭ ᠢ ᠨᠡᠮᠡᠭᠳᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/9/21
   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 9 ᠳ᠋ᠣᠭᠡᠷ ᠰᠠᠷ᠎ᠠ ᠶᠢᠨ 8 ᠤ ᠡᠳᠦᠷ ᠸᠢᠳᠢᠤ᠋ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠨᠡᠶᠢᠭᠡᠮ ᠤᠨ ᠲᠤᠰᠠᠯᠠᠮᠵᠢ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠬᠠᠮᠢᠶ᠎ᠠ ᠪᠥᠬᠦᠶ ᠠᠵᠢᠯ ᠢ ᠲᠤᠬᠢᠷᠠᠭᠤᠯᠪᠠ᠃    ᠬᠤᠷᠠᠯ ᠠᠴᠠ ᠵᠢᠭᠠᠬᠰᠠᠨ ᠨᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ  ᠲᠤᠰᠠᠯᠠᠮᠵᠢ  ᠶᠢᠨ ᠬᠡᠪᠴᠢᠶ᠎ᠡ ᠶᠢ ᠬᠦᠴᠤᠳᠠᠢ ᠠᠷᠭ᠎ᠠ ᠪᠠᠷ ᠥᠷᠭᠡᠳᠬᠡᠨ ᠦᠷ᠎ᠡ ᠠᠰᠢᠭ ᠢ ᠨᠡᠮᠡᠭᠳᠡᠬᠦᠯᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ᠂ ᠣᠨᠣᠪᠴᠢᠲᠠᠢ᠂ ᠰᠠᠶᠢᠲᠤᠷ ᠪᠠᠲᠤᠯᠠᠬᠤ ᠬᠡᠷᠡᠭᠲᠡᠢ᠃ ᠨᠢᠭᠡ ᠳᠤ᠂ ᠠᠷᠠᠳ ᠤᠨ ᠶᠠᠪᠤᠳᠠᠯ ᠤᠨ ᠶᠠᠮᠤᠨ ᠵᠡᠷᠭᠡ ᠳᠥᠷᠪᠡᠨ ᠶᠠᠮᠤᠨ ᠬᠤᠷᠢᠶ᠎ᠠ ᠶᠢᠨ ︽ᠨᠠᠭᠠᠳᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠵᠡᠷᠭᠡ ᠨᠡᠶᠢᠭᠡᠮ ᠤᠨ ᠲᠤᠰᠠᠯᠠᠮᠵᠢ ᠶᠢᠨ ᠦᠨᠳᠦᠰᠦᠨ ᠪᠠᠳᠤᠯᠠᠭ᠎ᠠ ᠶᠢᠨ ᠠᠵᠢᠯ ᠢ ᠤᠯᠠᠮ ᠰᠠᠶᠢᠲᠤᠷ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠨᠠᠶᠢᠳᠠᠪᠦᠷᠢᠵᠢᠭᠤᠯᠤᠨ᠂ ᠮᠠᠭᠠᠳᠯᠠᠨ ᠲᠣᠭᠲᠠᠭᠠᠬᠤ ᠠᠷᠭ᠎ᠠ ᠶᠢ ᠴᠠᠭ ᠲᠤᠬᠠᠶ ᠳᠤ ᠨᠢ ᠵᠠᠰᠠᠨ ᠲᠡᠭᠦᠯᠳᠡᠷᠵᠢᠭᠦᠯᠵᠦ᠂ ︽ᠭᠠᠭᠴᠠ ᠬᠥᠮᠦᠨ ᠲᠠᠢ ᠡᠷᠦᠬᠡ︾ ︽ᠨᠠᠭᠠᠳᠤ ᠵᠠᠬ᠎ᠠ ᠶᠢᠨ ᠪᠠᠲᠤᠯᠠᠭ᠎ᠠ  ᠠᠴᠠ ᠢᠳᠡᠭ ᠢᠳᠡᠭ ᠢᠶᠠᠷ ᠭᠠᠷᠭᠠᠬᠤ︾ ︽ᠠᠵᠢᠯ ᠤᠯᠭᠤᠬᠤ ᠡᠬᠡ ᠪᠡᠨ᠎ᠡ ᠶᠢ ᠬᠠᠰᠤᠬᠤ︾ ︽ᠨᠠᠰᠤᠨ ᠳᠤ ᠬᠦᠷᠦᠭᠰᠡᠨ ᠠᠵᠢᠯ ᠥᠬᠡᠶ ᠨᠤᠴᠢᠳᠠᠢ ᠵᠡᠮᠳᠡᠭᠴᠦᠳ  ᠢ ︿ᠭᠠᠭᠴᠠ ᠬᠥᠮᠦᠨ ᠲᠠᠢ ᠡᠷᠦᠬᠡ﹀ ᠶᠢ ᠪᠤᠳᠤᠯᠭ᠎ᠠ  ᠶᠢ ᠦᠨᠳᠦᠰᠦᠯᠡᠨ  ᠭᠤᠶᠤᠴᠢᠯᠠᠬᠤ ︾ ︽ᠪᠠᠴᠢᠮ ᠪᠡᠷᠬᠡ ᠤᠴᠢᠷ ᠲᠤᠯᠭᠠᠷᠠᠭᠰᠠᠨ ᠭᠠᠵᠠᠷ ᠲᠤ ᠨᠢ ᠰᠢᠭᠤᠳ ᠲᠦᠷ ᠴᠠᠭ ᠤᠨ ᠲᠤᠰᠠᠯᠠᠮᠵᠢ ᠦᠵᠡᠬᠦᠯᠬᠦ︾ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠬᠤ ᠶᠢᠨ ᠬᠠᠮᠲᠤ ᠠᠵᠢᠯ ᠣᠯᠭᠤᠯᠲᠠ ᠶᠢᠨ ᠪᠠᠶᠢᠳᠠᠯ ᠵᠡᠷᠭᠡ ᠬᠦᠴᠦᠨ  ᠵᠤᠶᠢᠯ ᠢ  ᠭᠦᠢᠴᠡᠳ ᠪᠣᠳᠣᠯᠬᠢᠯᠠᠵᠤ᠂ ᠣᠷᠣᠯᠭ᠎ᠠ ᠶᠢᠨ ᠲᠣᠭᠠᠴᠠᠭ᠎ᠠ ᠬᠢᠬᠦ ᠠᠷᠭ᠎ᠠ ᠬᠡᠯᠪᠡᠷᠢ ᠪᠠ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ  ᠦᠨᠡᠯᠡᠵᠤ ᠲᠤᠬᠳᠠᠭᠠᠬᠤ ᠵᠡᠷᠬᠡ ᠠᠵᠢᠯ ᠢ ᠲᠡᠬᠦᠯᠳᠡᠷᠵᠢᠬᠦᠯᠤᠨ᠂ ᠨᠡᠶᠢᠭᠡᠮ ᠤᠨ  ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠬᠡᠷᠡᠭᠵᠢᠭᠦᠯᠵᠦ ᠪᠠᠶᠢᠭᠠᠳ ᠲᠤᠰᠠᠯᠠᠮᠵᠢ ᠶᠢᠨ ᠦᠢᠯᠡᠴᠢᠯᠡᠭᠡ ᠶᠢᠨ ᠴᠢᠳᠠᠮᠵᠢ ᠶᠢ ᠳᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ︽ᠪᠣᠭᠤᠮᠲᠠ ᠰᠢᠪᠲᠤᠯᠬᠤ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠤᠨ  ᠬᠤᠯᠪᠤᠭ᠎ᠠ᠂ ᠠᠵᠢᠯᠴᠢᠨ ᠤ ᠶᠡᠷᠦᠩᠬᠡᠢ ᠡᠪᠯᠡᠯ ᠵᠡᠷᠭᠡ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠤᠪᠢᠶᠠᠯᠴᠠᠬᠤ ᠡᠷᠴᠢᠮ ᠢᠶᠠᠨ ᠴᠢᠩᠭᠠᠳᠬᠠᠵᠤ᠂ ᠨᠤᠴᠢᠳᠠᠢ ᠵᠡᠮᠳᠡᠭᠴᠦᠳ᠂ ᠬᠦᠨᠳᠦ ᠡᠪᠡᠳᠴᠢᠲᠡᠨ᠂ ᠲᠠᠬᠢᠨ ᠶᠠᠳᠠᠭᠤᠷᠠᠬᠤ ᠠᠴᠠ ᠨᠢ ᠰᠡᠷᠬᠡᠶᠢᠯᠡᠵᠤ ᠬᠢᠨᠠᠯᠳᠠ ᠳᠤ ᠪᠠᠶᠢᠭ᠎ᠠ ᠬᠦᠮᠦᠰ᠂ ᠬᠦᠴᠢᠷᠳᠡᠯᠲᠡᠢ ᠠᠵᠢᠯᠳᠠᠨ ᠵᠡᠷᠭᠡ 7 ᠲᠦᠷᠦᠯ ᠤᠨ ᠭᠤᠣᠯᠳᠠᠯᠭ᠎ᠠ ᠲᠠᠢ ᠬᠦᠮᠦᠰ ᠢ ᠴᠢᠩᠭ᠎ᠠ ᠠᠩᠬᠠᠷᠴᠤ᠂ ︽ᠲᠣᠮᠣ ᠳ᠋ᠠᠶᠢᠲ᠋ᠠ +  ᠭᠠᠨᠭ᠌ ᠲᠦᠷᠤᠬᠡ ︵铁脚板︶︾ ᠶᠢ ᠠᠰᠢᠭᠯᠠᠨ ᠠᠶᠢᠯ ᠳᠠᠷᠠᠭᠠᠯᠠᠨ ᠬᠦᠮᠦᠨ ᠪᠤᠯᠭᠠᠨ ᠢ ᠪᠠᠶᠢᠴᠠᠭᠠᠵᠤ᠂ ᠨᠥᠬᠦᠴᠡᠯ ᠳᠤ ᠨᠡᠶᠢᠴᠡᠭᠰᠡᠳ ᠢ  ᠲᠤᠰᠠᠯᠠᠮᠵᠢ ᠶᠢᠨ ᠬᠡᠪᠴᠢᠶᠡᠨ ᠳᠤ  ᠴᠠᠭ ᠲᠤᠬᠠᠶ ᠳᠤ ᠨᠢ ᠤᠷᠤᠭᠤᠯᠤᠨ᠂ ᠨᠡᠶᠢᠭᠡᠮ ᠤᠨ ᠶᠣᠰᠣ ᠮᠣᠷᠠᠯ ᠪᠠ ᠰᠡᠳᠬᠢᠴᠡ ᠶᠢᠨ ᠬᠤᠷᠢᠭ᠎ᠠ ᠱᠤᠭᠤᠮ ᠳᠤ ᠬᠠᠯᠳᠠᠭᠰᠠᠨ ᠬᠡᠷᠡᠭ ᠡᠭᠦᠰᠬᠦ ᠠᠴᠠ  ᠰᠡᠷᠭᠡᠶᠢᠯᠡᠬᠦ ᠬᠡᠷᠡᠭᠲᠡᠢ᠃ ᠭᠤᠷᠪᠠ ᠳᠤ᠂ ᠦᠨᠳᠦᠰᠦᠨ ᠱᠠᠲᠤᠨ ᠤ ᠨᠡᠶᠢᠭᠡᠮ ᠤᠨ ᠲᠤᠰᠠᠯᠠᠮᠵᠢ ᠠᠵᠢᠯ ᠤᠨ ᠰᠠᠭᠤᠷᠢ ᠶᠢ ᠪᠠᠬᠢᠵᠢᠭᠦᠯᠵᠦ᠂  ᠬᠦᠴᠢᠷᠳᠡᠯᠲᠡᠶ ᠣᠯᠠᠨ ᠲᠦᠮᠡᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠰᠢᠶᠠᠨ ᠤ ᠱᠠᠲᠤᠨ ᠤ ᠲᠣᠭᠲᠠᠴᠠ ᠶᠢᠨ  ᠦᠢᠯᠡᠳᠤᠯ ᠢ  ᠭᠦᠢᠴᠡᠳ ᠪᠠᠳᠠᠷᠠᠭᠤᠯᠤᠨ᠂ ᠲᠤᠭ᠎ᠠ ᠪᠠᠷᠢᠮᠲᠠ ᠶᠢ ᠬᠤᠪᠢᠶᠠᠯᠴᠠᠵᠤ ᠬᠠᠷᠢᠴᠠᠭᠤᠯᠬᠤ ᠠᠵᠢᠯ ᠢ ᠴᠢᠩᠭᠠᠳᠬᠠᠵᠤ᠂ ᠲᠤᠰᠠᠯᠠᠮᠵᠢ ᠶᠢᠨ ᠬᠦᠴᠤᠨ ᠢ ᠨᠢᠬᠳᠠᠷᠠᠭᠤᠯᠵᠤ᠂ ᠨᠡᠶᠢᠭᠡᠮ ᠤᠨ ᠲᠤᠰᠠᠯᠠᠮᠵᠢ ᠶᠢᠨ ᠬᠦᠷᠢᠶ᠎ᠡ ᠴᠠᠷᠠᠭᠠᠨ ᠳᠤ ᠬᠢ ︽ᠴᠢᠳᠠᠪᠤᠷᠢ ᠪᠠᠨ ᠳᠡᠭᠡᠭᠰᠢᠯᠡᠭᠦᠯᠦᠨ ᠰᠢᠯᠢᠳᠡᠭ ᠢ ᠡᠷᠡᠮᠴᠡᠵᠤ᠂ ᠪᠣᠳᠠᠲᠠᠶ ᠪᠠᠷ ᠠᠵᠢᠯᠯᠠᠵᠤ ᠠᠷᠠᠳ ᠲᠤ ᠠᠰᠢᠭ ᠬᠦᠷᠲᠡᠭᠡᠬᠦ︾ ᠠᠵᠢᠯᠯᠠᠭ᠎ᠠ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠲᠤᠰᠬᠠᠶ ᠠᠵᠢᠯᠯᠠᠭ᠎ᠠ ᠶᠢ ᠰᠠᠶᠢᠳᠤᠷ ᠦᠷᠨᠢᠭᠦᠯᠵᠤ᠂ ᠦᠨᠳᠦᠰᠦᠨ ᠱᠠᠲᠤᠨ ᠤ ᠨᠡᠶᠢᠭᠡᠮ ᠤᠨ  ᠲᠤᠰᠠᠯᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃   ᠬᠤᠷᠠᠯ ᠳᠡᠭᠡᠷ᠎ᠡ ᠪᠦᠬᠦ ᠣᠷᠣᠨ ᠤ ᠨᠡᠶᠢᠭᠡᠮ ᠤᠨ ᠲᠤᠰᠠᠯᠠᠮᠵᠢ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ᠂ ᠲᠦᠩᠯᠢᠶᠣᠤ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠢᠨ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂  ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠴᠧᠩ ᠬᠤᠩ ᠯᠢᠶᠠᠩ ᠨᠥᠬᠦᠷ ᠳᠠᠷᠠᠭᠠᠴᠢ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠳᠤ ᠪᠠᠨ ᠭᠤᠣᠯᠳᠠᠯᠭ᠎ᠠ ᠲᠠᠢ ᠠᠶᠢᠮᠠᠭ ᠬᠤᠳᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠨᠢᠬᠡ ᠨᠢᠬᠡ ᠪᠠᠷ ᠲᠤᠬᠢᠨᠭᠤᠯᠪᠠ᠃                                                                
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号