ᠦᠨᠳᠦᠰᠦᠳᠡᠨ ᠤ ᠪᠦᠯᠬᠦᠮᠳᠡᠯ ᠠᠴᠠ ᠦᠢᠯᠡᠰ ᠤᠨ ᠮᠦᠷ ᠲᠤᠷᠠᠶᠢᠨ᠎ᠠ
ᠨᠡᠶᠢᠲᠡᠯᠡᠭᠰᠡᠨ ᠴᠠᠭ᠄
2023/9/27
           —  ᠬᠠᠭᠤᠴᠢᠨ ᠪᠠᠷᠭᠤ ᠬᠤᠰᠢᠭᠤ ᠶᠢᠨ ᠪᠠᠶᠠᠨᠬᠠᠳᠠ ᠰᠤᠮᠤ ᠶᠢᠨ  ᠬᠦᠬᠡᠨ᠋ᠦ᠋ᠨᠳᠦᠷ ᠭᠠᠴᠠᠭᠠᠨ ᠤ ᠨᠠᠮ ᠤᠨ ᠡᠬᠦᠷ ᠤᠨ ᠱᠦᠵᠢ ᠯᠢ ᠰᠦᠩ ᠪᠢᠨ ᠤ ᠦᠢᠯᠡ ᠠᠵᠢᠯᠯᠠᠭ᠎ᠠ  ᠶᠢ ᠲᠡᠮᠳᠡᠭᠯᠡᠪᠡ                                                   ᠰᠠᠶᠢᠡᠠᠦ᠋ᠯᠵᠡᠢ ᠵᠤᠬᠢᠶᠠᠪᠠ        ᠰᠢ ᠶᠢᠨ ᠫᠢᠩ ᠶᠡᠷᠦᠩᠬᠡᠢ ᠱᠦᠵᠢ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ  ᠳᠤ ᠪᠠᠨ᠄ ︿︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠤᠨ᠎ᠠ ﹀﹀ ᠭᠡᠵᠦ ᠵᠢᠭᠠᠪᠤᠷᠢᠯᠠᠵᠠᠢ᠃     ᠬᠠᠭᠤᠴᠢᠨ ᠪᠠᠷᠭᠤ ᠬᠤᠰᠢᠭᠤᠨ ᠤ ᠪᠠᠶᠠᠨᠬᠠᠳᠠ ᠰᠣᠮᠣᠨ ᠤ ᠬᠦᠬᠡᠨ᠋ᠦ᠋ᠨᠳᠦᠷ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠲᠠᠷᠤᠭ᠎ᠠ ᠯᠢ ᠰᠦᠩ ᠪᠢᠨ ᠨᠦᠬᠦᠷ ᠪᠤᠯ ᠶᠠᠭ ᠰᠠᠶᠢᠬᠠᠨ ᠨᠠᠮ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠦᠷᠦ ᠶᠢᠨ ᠪᠤᠳᠣᠯᠭ᠎ᠠ ᠶᠢ ᠪᠤᠳᠠᠳᠣ ᠦᠢᠯᠡ ᠠᠵᠢᠯᠯᠠᠭ᠎ᠠ ᠪᠠᠷ ᠢᠶᠠᠨ ᠦᠢᠯᠡᠳᠦᠯᠭᠡᠵᠢᠬᠦᠯᠵᠦ᠂ ᠮᠠᠯᠴᠢᠳ ᠢᠶᠠᠨ ᠲᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠵᠤ ᠶᠠᠪᠤᠭ᠎ᠠ ᠬᠢᠳᠡᠳ ᠦᠨᠳᠦᠰᠦᠳᠡᠨ ᠤ ᠺᠠᠳ᠋ᠷ ᠪᠤᠯᠤᠨ᠎ᠠ᠃ ᠲᠡᠬᠦᠨ ᠤ ᠪᠡᠶ᠎ᠡ ᠳᠤ ᠣᠯᠠᠨ ᠢ  ᠱᠠᠭᠰᠢᠭᠤᠯᠤᠮᠠᠷ ᠣᠨᠴᠠᠭᠠᠢ ᠦᠢᠯᠡ ᠠᠵᠢᠯᠯᠠᠭ᠎ᠠ ᠭᠡᠵᠦ ᠴᠦᠬᠡᠨ᠂ ᠲᠦᠮᠡᠨ ᠢ ᠭᠠᠶᠢᠬᠠᠭᠤᠯᠤᠮᠠᠷ ᠲᠡᠷᠢᠬᠦᠨ ᠤ ᠦᠯᠢᠭᠡᠷ ᠵᠢᠱᠢᠶ᠎ᠡ ᠭᠡᠵᠦ ᠬᠤᠪᠤᠷ ᠪᠤᠯᠪᠠᠴᠤ ᠲᠤᠰ ᠭᠠᠴᠠᠭᠠᠨ ᠤ ᠪᠠᠨ ᠮᠠᠯᠴᠢᠨ ᠲᠦᠮᠡᠨ ᠤ ᠨᠢᠳᠦᠨ ᠳᠤ ᠬᠢ ︿︿ᠰᠠᠶᠢᠨ ᠱᠦᠵᠢ﹀﹀ ︿︿ᠪᠠᠶᠠᠵᠢᠯ ᠤᠨ ᠲᠠᠭᠠᠭᠤᠯᠤᠭᠴᠢ﹀﹀ ᠪᠦᠭᠡᠳ ᠲᠡᠬᠦᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠳᠤ ᠦᠨᠡᠨᠴᠢ ᠪᠠᠷ ᠵᠢᠳᠬᠦᠭᠰᠡᠨ ᠦᠢᠯᠡᠰ ᠤᠨ ᠮᠦᠷ ᠨᠢ ᠪᠠᠷᠭᠤ ᠶᠢᠨ ᠲᠠᠯ᠎ᠠ ᠳᠤ ᠲᠤᠷᠠᠶᠢᠵᠦ᠂ ᠮᠠᠯᠴᠢᠳ ᠤᠨ ᠰᠡᠳᠬᠢᠯ ᠳᠤ ᠭᠡᠷᠡᠯᠳᠦᠨ᠎ᠡ        ᠯᠢ ᠰᠦᠩ ᠪᠢᠨ ᠪᠣᠯ ᠡᠪ ᠬᠠᠮᠳᠣ ᠨᠠᠮ ᠤᠨ ᠭᠡᠰᠢᠬᠦᠨ᠂ ᠬᠢᠳᠡᠳ ᠦᠨᠳᠦᠰᠦᠳᠡᠨ᠂ 50 ᠨᠠᠰᠣᠳᠠᠢ ᠂ ᠲᠡᠭᠡᠳᠦ ᠰᠣᠷᠭᠠᠭᠤᠯᠢ ᠶᠢᠨ ᠲᠤᠰᠬᠠᠢ ᠮᠡᠷᠭᠡᠵᠢᠯ ᠤᠨ ᠰᠣᠶᠣᠯ ᠤᠨ ᠨᠠᠮᠳᠠᠷ ᠲᠠᠢ᠃ ᠭᠤᠷᠪᠠᠨ ᠠᠮᠠ ᠪᠦᠯᠢ ᠪᠠᠷ ᠪᠦᠷᠢᠯᠳᠦᠭᠰᠡᠨ ᠵᠤᠯ ᠵᠢᠷᠭᠠᠯᠳᠣ ᠭᠡᠷ ᠪᠦᠯᠢ ᠲᠠᠢ᠃ ᠲᠡᠬᠦᠨ ᠤ ᠬᠠᠨᠢ ᠨᠦᠬᠦᠷ ᠨᠢ ᠠᠵᠢᠯ ᠠᠮᠢᠳᠣᠷᠠᠯ ᠳᠤ ᠪᠠᠨ ᠰᠢᠭᠤᠷᠬᠠᠢ ᠪᠦᠭᠡᠳ ᠣᠬᠠᠭᠠᠯᠢᠭ ᠪᠠᠷᠭᠤ ᠪᠦᠰᠡᠬᠦᠢ᠃ ᠲᠡᠳᠡ ᠬᠤᠶᠠᠷ ᠤᠨ ᠬᠠᠶᠢᠷ᠎ᠠ ᠶᠢᠨ ᠬᠡᠯᠬᠢᠶ᠎ᠡ ᠪᠤᠯᠤᠭᠰᠠᠨ ᠬᠡᠣᠬᠡᠨ ᠨᠢ ᠬᠠᠷᠠᠬᠠᠨ ᠪᠠᠭ᠎ᠠ ᠠᠴᠠ ᠪᠠᠨ  ᠮᠣᠷᠠᠯ᠂ ᠰᠣᠷᠣᠯᠭ᠎ᠠ ᠰᠢᠯᠢᠳᠡᠭ᠂  ᠪᠦᠬᠦ ᠲᠠᠯ᠎ᠠ ᠪᠠᠷ ᠲᠠᠪᠰᠢᠭᠰᠠᠨ ᠣᠨᠴᠠ ᠰᠣᠷᠣᠯᠭᠠᠳᠠᠨ᠂ ᠣᠳᠣ ᠰᠣᠶᠣᠯ ᠰᠣᠷᠣᠯᠭ᠎ᠠ ᠶᠢᠨ ᠮᠦᠷ ᠢ ᠬᠦᠭᠡᠭᠡᠵᠦ ᠶᠠᠪᠤᠭ᠎ᠠ ᠣᠶᠣᠳᠠᠨ᠃ᠯᠢ ᠰᠦᠩ ᠪᠢᠨ 2006 ᠣᠨ 8  ᠳ᠋ᠤᠭᠠᠷ ᠰᠠᠷ᠎ᠠ ᠳᠤ ᠲᠤᠮᠳᠠᠳᠣ ᠣᠯᠣᠰ ᠤᠨ ᠡᠪ ᠬᠠᠮᠳᠣ ᠨᠠᠮ ᠳᠤ ᠡᠯᠰᠡᠭᠳᠡᠵᠦ᠂ ᠲᠤᠰ ᠵᠢᠯ ᠤᠨ9 ᠰᠠᠷ᠎ᠠ ᠳᠤ ᠭᠠᠴᠠᠭᠠᠨ ᠲᠠᠷᠤᠭ᠎ᠠ ᠶᠢᠨ ᠠᠵᠢᠯ ᠢ ᠬᠠᠷᠢᠭᠤᠴᠠᠪᠠ᠃ 2018 ᠣᠨ ᠳᠤ ᠭᠠᠴᠠᠭᠠᠨ ᠤ ︿︿ᠬᠤᠶᠠᠷ ᠵᠦᠪᠯᠡᠯ﹀﹀ ᠤᠨ ᠰᠣᠩᠭᠤᠭᠤᠯᠢ  ᠪᠠᠷ ᠲᠠᠮᠵᠢᠨ ᠭᠠᠴᠠᠭᠠᠨ ᠤ ᠱᠦᠵᠢ ᠪᠤᠯᠤᠨ ᠭᠠᠴᠠᠭᠠᠨ ᠲᠠᠷᠤᠭ᠎ᠠ ᠶᠢᠨ ᠲᠤᠰᠢᠶᠠᠯ ᠢ  ᠬᠠᠪᠰᠣᠷᠭᠠᠨ‌ᠡᠬᠦᠷᠭᠡᠯᠡᠵᠦ ᠢᠷᠡᠭᠰᠡᠨ ᠵᠢᠷ ᠤᠨ ᠮᠦᠷᠳᠡᠭᠡᠨ ᠵᠢᠷ ᠤᠨ ᠪᠤᠰᠤ ᠮᠠᠯᠴᠢᠳ ᠤᠨ ︿︿  ᠪᠠᠶᠠᠵᠢᠯ ᠤᠨ ᠲᠠᠭᠠᠭᠤᠯᠤᠭᠴᠢ ᠣᠳᠣᠨ﹀﹀ ᠮᠦᠨ᠃      ᠨᠢᠭᠡ᠂  ᠦᠨᠳᠦᠰᠦᠳᠡᠨ ᠤ ᠪᠦᠯᠬᠦᠮᠳᠡᠯ ᠢ ᠠᠬᠢᠭᠤᠯᠵᠤ᠂ ᠨᠠᠮ ᠤᠨ ᠡᠬᠦᠷ ᠤᠨ ᠠᠵᠢᠯ ᠢᠶᠠᠨ ᠴᠢᠩᠭᠠᠳᠬᠠᠭᠰᠠᠨ  ᠨᠢ      ᠬᠠᠭᠤᠴᠢᠨ ᠪᠠᠷᠭᠤ ᠬᠤᠰᠢᠭᠤᠨ ᠤ ᠪᠠᠶᠠᠨᠬᠠᠳᠠ ᠰᠣᠮᠣᠨ ᠤ ᠬᠦᠬᠡᠨ᠋ᠦ᠋ᠨᠳᠦᠷ ᠭᠠᠴᠠᠭ᠎ᠠ ᠨᠢ1958 ᠣᠨ ᠳᠤ ᠪᠠᠶᠢᠭᠤᠯᠤᠭᠳᠠᠵᠤ᠂ ᠪᠠᠶᠠᠨᠬᠠᠳᠠ ᠰᠣᠮᠣᠨ ᠤ ᠵᠡᠬᠦᠨ ᠪᠡᠶ᠎ᠡ ᠪᠠᠷ ᠪᠠᠶᠢᠷᠢᠰᠢᠵᠦ᠂ ᠡᠸᠡᠩᠬᠢ ᠦᠨᠳᠦᠰᠦᠳᠡᠨ ᠤ ᠰᠣᠮᠣ ᠪᠤᠯᠤᠨ ᠪᠠᠶᠡᠨᠬᠦᠷᠢᠶ᠎ᠡ ᠪᠠᠯᠭᠠᠰᠣ ᠲᠠᠢ ᠬᠦᠷᠰᠢᠯᠡᠵᠦ᠂ ︿︿ᠤᠭᠠᠯᠵᠠᠨ ᠮᠡᠷᠭᠡᠯ﹀﹀ ᠨᠢ ᠲᠤᠰ ᠭᠠᠴᠠᠭ᠎ᠠ ᠶᠢ ᠰᠣᠨᠳᠠᠯᠠᠨ ᠣᠷᠣᠰᠴᠣ᠂ G332 ᠵᠠᠰᠠᠮᠠᠯ ᠵᠠᠮ ᠨᠢ ᠲᠤᠰ  ᠭᠠᠴᠠᠭ᠎ᠠ  ᠪᠠᠷ ᠦᠩᠭᠡᠷᠡᠳᠡᠭ᠃ ᠭᠠᠴᠠᠭᠠᠨ ᠤ ᠬᠠᠷᠢᠶᠠᠨ ᠳᠤ ᠬᠦᠬᠡᠨ᠋ᠦ᠋ᠨᠳᠦᠷ ᠭᠡᠬᠦ ᠦᠨᠳᠦᠷ ᠲᠤᠪᠤᠴᠠᠭ ᠭᠠᠵᠠᠷ ᠪᠠᠶᠢᠳᠠᠭ ᠢᠶᠠᠷ ᠢᠶᠠᠨ ᠲᠤᠰ ᠭᠠᠴᠠᠭ᠎ᠠ ᠶᠢ  ︿︿ᠬᠦᠬᠡᠨ᠋ᠦ᠋ᠨᠳᠦᠷ﹀﹀ ᠭᠡᠵᠦ ᠨᠡᠷᠡᠯᠡᠭᠰᠡᠨ ᠶᠤᠮ᠃  ᠪᠦᠬᠦ ᠭᠠᠴᠠᠭᠠᠨ ᠳᠤ ᠪᠠᠨ 55 ᠡᠷᠦᠬᠡ140 ᠬᠦᠮᠦᠨ ᠠᠮᠠ ᠲᠠᠢ ᠪᠠᠶᠢᠵᠦ ᠶᠡᠷᠦᠩᠬᠡᠢ ᠲᠠᠯᠠᠪᠠᠢ ᠨᠢ 582.106  ᠺᠦᠸᠠᠳ᠋ ᠺᠢᠯᠤᠮᠧᠲᠷ ᠪᠠᠶᠢᠳᠠᠭ ᠃ ᠪᠦᠬᠦ ᠭᠠᠴᠠᠭᠠᠨ ᠤ ᠨᠠᠮ ᠤᠨ ᠭᠡᠰᠢᠬᠦᠨ15 ᠨᠡᠷᠡᠰ ᠂ ᠡᠬᠦᠨ ᠠᠴᠠ ᠭᠠᠳᠠᠨ᠎ᠠ ᠢᠳᠡᠪᠬᠢᠳᠡᠨ1 ᠨᠡᠷᠡᠰ᠂ ᠪᠡᠯᠡᠳᠭᠡᠯ ᠨᠠᠮ ᠤᠨ ᠭᠡᠰᠢᠬᠦᠨ1 ᠨᠡᠷᠡᠰ ᠲᠠᠢ᠂ ᠨᠠᠮ ᠤᠨ ᠭᠡᠰᠢᠬᠦᠨ ᠤ ᠭᠤᠤᠯᠯᠠᠬᠤ ᠡᠷᠦᠬᠡ 5 ᠪᠤᠢ᠃       ᠮᠣᠩᠭᠤᠯ᠂ ᠬᠢᠳᠡᠳ᠂ ᠡᠸᠡᠩᠭᠢ᠂ ᠬᠢᠷᠬᠢᠰ ᠵᠡᠷᠭᠡ ᠲᠦᠷᠪᠡᠨ ᠦᠨᠳᠦᠰᠦᠳᠡᠨ ᠢᠶᠠᠷ ᠪᠦᠷᠢᠯᠳᠦᠭᠰᠡᠨ ᠴᠤᠯ ᠮᠠᠯᠵᠢᠬᠤ ᠭᠠᠴᠠᠭ᠎ᠠ ᠪᠤᠯᠤᠨ᠎ᠠ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠴᠢᠬᠤᠯᠠ ᠴᠢᠨᠠᠷ ᠢ ᠬᠦᠨᠵᠡᠭᠡᠢ ᠲᠠᠨᠢᠭᠰᠠᠨ ᠯᠢ ᠰᠦᠩ ᠪᠢᠨ ᠨᠦᠬᠦᠷ ᠨᠠᠮ ᠤᠨ ᠦᠨᠳᠦᠰᠦᠳᠡᠨ ᠤ ᠲᠦᠷᠦ ᠶᠢᠨ ᠪᠤᠳᠣᠯᠭ᠎ᠠ ᠶᠢ ᠲᠦᠪ ᠭᠤᠤᠯᠴᠢ ᠪᠠᠷ ᠲᠤᠭᠤᠰᠢᠯᠠᠭᠤᠯᠵᠤ᠂ ᠪᠦᠬᠦ ᠭᠠᠴᠠᠭᠠᠨ ᠤ ᠭᠡᠰᠢᠭᠦᠳ ᠤᠨ ᠬᠤᠭᠤᠷᠤᠨᠳᠣᠬᠢ ᠪᠦᠯᠬᠦᠮᠳᠡᠯ ᠢ ᠲᠡᠷᠢᠬᠦᠨ ᠴᠢᠬᠤᠯᠠ ᠠᠵᠢᠯ ᠡᠬᠦᠷᠭᠡ ᠪᠤᠯᠭᠠᠨ ᠠᠳᠬᠤᠵᠣ ᠢᠷᠡᠵᠡᠢ᠃ ᠲᠡᠷᠡ ᠭᠠᠴᠠᠭᠠᠨ ᠤ ᠨᠠᠮ ᠤᠨ ᠡᠬᠦᠷ ᠤᠨ ᠰᠣᠷᠣᠯᠴᠠᠯᠭ᠎ᠠ ᠂ ᠮᠠᠯᠴᠢᠳ ᠤᠨ ᠲᠦᠯᠦᠭᠡᠯᠡᠭᠴᠢᠳ ᠤᠨ ᠬᠤᠷᠠᠯ ᠵᠡᠷᠭᠡ ᠬᠤᠷᠠᠯ ᠴᠣᠭᠯᠠᠭᠠᠨ ᠪᠦᠷᠢ ᠳᠤ ᠡᠯ᠎ᠡ ᠦᠨᠳᠦᠰᠦᠳᠡᠨ ᠤ ᠬᠤᠭᠤᠷᠤᠨᠳᠣᠬᠢ ᠪᠦᠯᠬᠦᠮᠳᠡᠯ ᠲᠠᠪᠰᠢᠯᠳᠠ ᠶᠢᠨ ᠠᠵᠢᠯ ᠢ ᠴᠢᠬᠤᠯᠠᠴᠢᠯᠠᠨ ᠴᠢᠩᠭᠠᠳᠬᠠᠵᠤ᠂ ᠨᠠᠮ ᠤᠨ ᠲᠦᠷᠦ ᠶᠢᠨ ᠪᠤᠳᠣᠯᠭ᠎ᠠ ᠪᠠ ᠴᠠᠭ ᠲᠦᠷᠦ ᠶᠢᠨ ᠪᠠᠶᠢᠳᠠᠯ ᠢ ᠮᠠᠯᠴᠢᠳ ᠲᠤ ᠪᠠᠨ ᠴᠠᠭ ᠲᠤᠬᠠᠢ ᠳᠤ ᠨᠢ ᠣᠬᠠᠭᠤᠯᠤᠨ ᠰᠣᠷᠳᠠᠯᠴᠢᠯᠠᠵᠤ ᠪᠠᠶᠢᠳᠠᠭ᠃       ᠨᠠᠮ ᠤᠨ ᠡᠬᠦᠷ ᠤᠨ ᠠᠵᠢᠯ ᠢ ᠰᠠᠶᠢᠳᠣᠷ ᠬᠢᠬᠦ ᠳᠤ ᠨᠠᠮ ᠤᠨ ᠭᠡᠰᠢᠬᠦᠨ ᠨᠢᠭᠡᠪᠦᠷᠢ ᠶᠢᠨ ᠦᠵᠡᠯ ᠤᠬᠠᠮᠰᠠᠷ ᠪᠤᠯᠤᠨ ᠲᠡᠭᠡᠳᠦ ᠬᠡᠮᠵᠢᠶᠠᠨ ᠤ ᠬᠠᠷᠢᠭᠤᠴᠠᠯᠭᠠᠳᠣ ᠰᠡᠳᠬᠢᠯᠭᠡ ᠳᠤ ᠲᠦᠰᠢᠭᠯᠡᠳᠡᠭ᠃ ᠲᠡᠷᠡ ᠲᠤᠭᠳᠠᠭᠰᠠᠨ ᠬᠤᠭᠤᠴᠠᠭ᠎ᠠ ᠪᠦᠷᠢ ᠳᠤ ᠨᠠᠮ ᠤᠨ ᠡᠬᠦᠷ ᠤᠨ ᠰᠣᠷᠣᠯᠴᠠᠯᠭ᠎ᠠ ᠦᠷᠨᠢᠬᠦᠯᠵᠦ ᠮᠠᠯᠴᠢᠨ ᠨᠠᠮ ᠤᠨ ᠭᠡᠰᠢᠬᠦᠳ ᠤᠨ ᠦᠵᠡᠯ ᠤᠬᠠᠮᠰᠠᠷ ᠲᠠᠨᠢᠯᠳᠠ ᠶᠢᠨ ᠬᠢᠷᠢ ᠲᠦᠪᠰᠢᠨ ᠢ ᠲᠠᠰᠣᠷᠠᠯᠳᠠ ᠦᠭᠡᠢ ᠲᠠᠭᠡᠭᠰᠢᠯᠡᠬᠦᠯᠬᠦ ᠶᠢ ᠤᠨᠴᠠ ᠠᠩᠬᠠᠷᠳᠠᠭ᠃ ᠵᠦᠪᠬᠡᠨ ᠦᠵᠡᠯ ᠣᠬᠠᠮᠰᠠᠷ ᠪᠠ ᠲᠠᠨᠢᠯᠳᠠ ᠶᠢᠨ ᠬᠢᠷᠢ ᠲᠦᠪᠰᠢᠨ ᠦᠨᠳᠦᠷ ᠪᠠᠶᠢᠮᠠᠨᠵᠢᠨ ᠰᠠᠶ᠋ᠢ ᠮᠠᠯᠴᠢᠳ ᠤᠨ ᠬᠦᠷᠢᠶᠡᠯᠡᠯ ᠢ ᠣᠯᠵᠣ ᠨᠠᠮ ᠤᠨ ᠭᠡᠰᠢᠬᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠴᠢᠳᠠᠳᠠᠭ᠃ ᠡᠰᠡ ᠲᠡᠶᠢᠮᠦ ᠪᠤᠯ ᠮᠠᠯᠴᠢᠳ ᠤᠨ ᠲᠤᠮᠳᠠᠬᠢ ᠢᠳᠡᠭᠡᠯ ᠬᠦᠨᠳᠦ ᠪᠠᠨ ᠠᠯᠳᠠᠬᠤ ᠪᠦᠭᠡᠳ ᠪᠦᠬᠦ ᠨᠠᠮ  ᠤᠨ ᠠᠷᠢᠭᠤᠨ ᠴᠢᠭᠴᠢ ᠴᠢᠨᠠᠷ ᠢ ᠪᠠᠭᠤᠷᠠᠭᠤᠯᠳᠠᠭ᠃     ᠮᠠᠯᠴᠢᠨ ᠨᠠᠮ ᠤᠨ ᠭᠡᠰᠢᠬᠦᠨ ᠪᠤᠯᠤᠭᠰᠠᠳ ᠵᠠᠪᠠᠯ ᠦᠷᠦᠭᠡᠯ ᠪᠤᠰᠣᠳ ᠤᠨ ᠠᠰᠢᠭ ᠲᠤᠰᠠ ᠶᠢ ᠲᠡᠷᠢᠬᠦᠨ ᠪᠠᠶᠢᠷᠢᠨ ᠳᠤ ᠲᠠᠯᠪᠢᠵᠦ ᠦᠪᠡᠷ ᠤᠨ ᠠᠰᠢᠭ ᠲᠤᠰᠠ ᠪᠠᠨ ᠣᠮᠠᠷᠳᠠᠬᠤ ᠬᠡᠷᠡᠭᠳᠡᠢ᠃ ᠣᠯᠠᠨ ᠨᠡᠶᠢᠳᠡ ᠶᠢᠨ ᠠᠰᠢᠭ ᠲᠤᠰᠠ ᠶᠢ  ᠤᠷᠢᠳ ᠢᠶᠠᠷ ᠪᠤᠳᠣᠯᠬᠢᠯᠠᠵᠤ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠶᠢ ᠪᠠᠷᠢᠮᠳᠠᠯᠠᠬᠤ ᠬᠡᠷᠡᠭᠳᠡᠢ᠃ ᠪᠤᠰᠣᠳ ᠢ ᠱᠠᠭᠠᠷᠳᠠᠬᠤ ᠳᠤ ᠪᠠᠨ ᠵᠠᠪᠠᠯ ᠦᠪᠡᠷ ᠤᠨ ᠪᠡᠶ᠎ᠡ  ᠪᠠᠷ ᠢᠶᠠᠨ ᠬᠡᠪ ᠲᠦᠷᠢᠮ ᠪᠤᠯᠬᠤ ᠪᠠᠷ ᠴᠢᠷᠮᠡᠶᠢᠵᠦ ᠦᠷᠭᠡᠨ ᠣᠯᠠᠨ ᠮᠠᠯᠴᠢᠨ ᠲᠦᠮᠡᠨ ᠤ ᠲᠦᠯᠦᠭᠡ ᠪᠦᠬᠦ  ᠬᠦᠴᠦᠨ ᠵᠢᠳᠬᠦᠯ ᠢᠶᠠᠨ ᠵᠤᠷᠢᠭᠤᠯᠬᠤ ᠬᠡᠷᠡᠭᠳᠡᠢ᠂ ᠲᠡᠳᠡᠨ ᠳᠤ ᠪᠠᠶᠠᠵᠢᠯ ᠤᠨ ᠵᠠᠮᠴᠢ᠂ ᠪᠠᠶᠠᠵᠢᠯ ᠤᠨ ᠲᠠᠭᠠᠭᠤᠯᠤᠭᠴᠢ ᠪᠠ ᠰᠢᠨ᠎ᠡ ᠴᠠᠭ ᠦᠶ᠎ᠡ ᠶᠢᠨ ᠴᠢᠨᠠᠭᠡᠯᠢᠭ ᠠᠮᠢᠳᠣᠷᠠᠯ ᠤᠨ ᠬᠤᠰᠢᠭᠤᠴᠢ ᠵᠢᠱᠢᠶᠡᠴᠢ ᠪᠤᠯᠬᠤ ᠬᠡᠷᠡᠭᠳᠡᠢ᠃       ᠲᠡᠷᠡ ᠭᠠᠴᠠᠭᠠᠨ ᠤ ᠡᠯ᠎ᠡ ᠦᠨᠳᠦᠰᠦᠳᠡᠨ ᠤ ᠮᠠᠯᠴᠢᠨ ᠲᠦᠮᠡᠨ ᠳᠤ ᠡᠷᠬᠡ ᠲᠡᠭᠰᠢ ᠲᠤᠪ ᠭᠤᠤᠯᠴᠢ ᠪᠠᠷ ᠬᠠᠨᠳᠣᠵᠣ᠂  ᠲᠤᠯᠭᠠᠷᠠᠵᠤ ᠪᠠᠶᠢᠭ᠎ᠠ ᠬᠦᠴᠢᠷᠳᠡᠯ ᠢ ᠨᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠦᠭᠳᠡᠭ ᠪᠤᠯᠬᠤᠷ ᠮᠠᠯᠴᠢᠳ ᠤᠨ ᠰᠡᠳᠬᠢᠯ ᠤᠨ ᠬᠠᠨᠢ᠂ ᠰᠢᠳᠤᠷᠭᠤ ᠵᠠᠷᠤᠴᠠ᠂ ᠢᠳᠡᠭᠡᠮᠵᠢᠳᠦ ᠲᠠᠭᠠᠭᠤᠯᠤᠭᠴᠢ ᠪᠤᠯᠵᠤ ᠴᠢᠳᠠᠭᠰᠠᠨ ᠶᠤᠮ᠃ ᠪᠦᠬᠦ ᠭᠠᠴᠠᠭᠠᠨ ᠤ ᠨᠠᠮ ᠤᠨ ᠭᠡᠰᠢᠬᠦᠳ ᠪᠠ ᠨᠠᠮ ᠤᠨ ᠡᠬᠦᠷ ᠤᠨ ᠬᠠᠮᠳᠣ ᠶᠢᠨ ᠴᠢᠷᠮᠠᠶᠢᠯᠭ᠎ᠠ  ᠪᠠᠷ ᠲᠤᠰ ᠭᠠᠴᠠᠭᠠᠨ ᠤ ᠨᠠᠮ ᠤᠨ ᠡᠬᠦᠷ ᠨᠢ ᠬᠤᠳᠠ ᠬᠤᠰᠢᠭᠤ ᠪᠤᠶᠤ ᠰᠣᠮᠣ ᠶᠢᠨ ᠢᠶᠠᠨ ᠲᠡᠷᠢᠬᠦᠨ ᠤ ᠨᠠᠮ ᠤᠨ ᠡᠬᠦᠷ᠂ ᠰᠢᠯᠢᠳᠡᠭ ᠨᠠᠮ ᠤᠨ ᠡᠬᠦᠷ ᠵᠡᠷᠭᠡ ᠢᠷᠠᠭᠤ ᠠᠯᠳᠠᠷ ᠢ ᠣᠯᠠᠨᠳᠠ ᠬᠦᠷᠳᠡᠭᠡᠵᠦ ᠦᠩᠭᠡᠷᠡᠭᠰᠡᠨ ᠪᠦᠭᠡᠳ ᠯᠢ ᠰᠦᠩ ᠪᠢᠨ ᠨᠦᠬᠦᠷ ᠴᠦ ᠰᠢᠯᠢᠳᠡᠭ ᠮᠠᠯᠴᠢᠨ᠂ ᠲᠡᠷᠢᠬᠦᠨ ᠤ ᠬᠤᠪᠢ ᠬᠦᠮᠦᠨ᠂ ᠰᠢᠯᠢᠳᠡᠭ ᠨᠠᠮ ᠤᠨ ᠭᠡᠰᠢᠬᠦᠨ ᠵᠡᠷᠭᠡ ᠢᠷᠠᠭᠤ ᠠᠯᠳᠠᠷ ᠢ ᠣᠯᠠᠨᠳᠠ ᠬᠦᠷᠳᠡᠭᠡᠵᠦ ᠦᠩᠭᠡᠷᠡᠵᠡᠢ᠃      ᠬᠤᠶᠠᠷ᠂  ᠭᠠᠴᠠᠭᠠᠨ ᠤ ᠬᠠᠮᠳᠣ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠬᠠᠮᠳᠣ ᠪᠠᠷ ᠪᠠᠶᠠᠵᠢᠬᠤ ᠶᠢ ᠲᠠᠶᠢᠴᠢᠯᠠᠭᠰᠠᠨ ᠨᠢ     ᠭᠠᠴᠠᠭᠠᠨ ᠤ ᠬᠠᠮᠳᠣ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠶᠠᠪᠤᠳᠠᠯ ᠪᠤᠯ ᠭᠠᠴᠠᠭᠠᠨ ᠤ ᠢᠷᠡᠭᠡᠳᠦᠢ ᠶᠢᠨ ᠬᠦᠭᠵᠢᠯᠳᠡ ᠪᠠ ᠪᠦᠬᠦ ᠭᠠᠴᠠᠭᠠᠨ ᠤ ᠮᠠᠯᠴᠢᠨ ᠲᠠᠷᠢᠶᠠᠴᠢᠨ ᠲᠦᠮᠡᠨ ᠤ ᠠᠰᠢᠭ ᠲᠤᠰᠠ ᠲᠠᠢ ᠬᠤᠯᠪᠤᠭᠳᠠᠬᠤ ᠠᠯᠤᠰ ᠬᠡᠳᠦ ᠶᠢᠨ ᠠᠴᠢ ᠬᠤᠯᠪᠤᠭᠳᠠᠯ ᠲᠠᠢ ᠲᠤᠮᠤ ᠶᠠᠪᠤᠳᠠᠯ ᠪᠤᠯᠬᠤ ᠶᠤᠮ᠃ ᠭᠠᠴᠠᠭᠠᠨ ᠤ ᠬᠠᠮᠳᠣ  ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠶᠠᠪᠤᠳᠠᠯ ᠨᠢ ᠲᠤᠮᠳᠠᠳᠣ ᠣᠯᠣᠰ ᠤᠨ ᠮᠠᠶ᠋ᠢᠭ ᠤᠨ ᠣᠳᠣᠬᠢᠴᠢᠯᠠᠯᠳᠠ ᠶᠢᠨ ᠬᠠᠮᠳᠣ ᠪᠠᠷ ᠪᠠᠶᠠᠵᠢᠬᠤ ᠶᠢ ᠠᠬᠢᠭᠤᠯᠬᠤ ᠴᠢᠬᠤᠯᠠ ᠠᠷᠭ᠎ᠠ ᠠᠪᠴᠠᠯ ᠪᠤᠯᠬᠤ ᠶᠤᠮ᠃ ᠲᠡᠷᠡ  ᠨᠢ ᠲᠤᠰ ᠭᠠᠴᠠᠭᠠᠨ ᠤ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠪᠤᠳᠠᠰ ᠤᠨ ᠰᠠᠭᠤᠷᠢ ᠪᠦᠭᠡᠳ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠳᠠ ᠶᠢ ᠴᠢᠩᠭᠠᠳᠬᠠᠬᠤ ᠶᠢᠨ  ᠲᠤᠯᠭᠠᠮ ᠱᠠᠭᠠᠷᠳᠠᠯᠭ᠎ᠠ ᠮᠦᠨ᠃      ᠣᠳᠣᠬᠠᠨ ᠳᠤ ᠭᠠᠴᠠᠭᠠᠨ ᠤ ᠬᠠᠮᠳᠣ ᠶᠢᠨ ᠠᠬᠤ ᠠᠬᠤᠢ ᠶᠢ ᠬᠦᠭᠵᠢᠬᠦᠯᠬᠦ ᠲᠠᠯ᠎ᠠ ᠪᠠᠷ ᠮᠠᠨ ᠤ ᠦᠪᠦᠷ ᠮᠤᠩᠭᠤᠯ ᠣᠷᠣᠨ ᠤ ᠣᠯᠠᠩᠬᠢ ᠮᠠᠯᠵᠢᠬᠤ ᠲᠠᠷᠢᠶᠠᠯᠠᠬᠤ ᠭᠠᠴᠠᠭᠠᠨ ᠳᠤ ᠣᠯᠠᠨ ᠲᠠᠯ᠎ᠠ ᠶᠢᠨ ᠠᠰᠠᠭᠤᠳᠠᠯ ᠣᠷᠣᠰᠢᠵᠤ ᠪᠠᠶᠢᠭ᠎ᠠ ᠪᠦᠭᠡᠳ ᠣᠯᠠᠩᠬᠢ ᠭᠠᠴᠠᠭᠠᠨ ᠤ ᠬᠠᠮᠳᠣ ᠶᠢᠨ ᠠᠵᠤ ᠠᠬᠤᠢ ᠶᠢᠨ ᠬᠡᠪᠴᠢᠶ᠎ᠡ ᠬᠠᠷᠠᠬᠠᠨ ᠲᠡᠭᠦᠯᠳᠡᠷᠵᠢᠭᠡᠳᠦᠢ ᠪᠦᠭᠡᠳ ᠭᠠᠴᠠᠭᠠᠨ ᠤ ᠣᠳᠣᠷᠢᠳᠣᠯᠭ᠎ᠠ ᠶᠢᠨ ᠦᠵᠡᠯᠳᠡ ᠲᠠᠨᠢᠯᠳᠠ ᠲᠤᠳᠠᠮᠠᠭ᠂ ᠢᠳᠡᠪᠬᠢᠵᠢᠯ ᠲᠤᠤᠷ᠎ᠠ᠂ ᠨᠦᠬᠦᠴᠡᠯ ᠬᠦᠷᠦᠯᠴᠡᠬᠦ ᠦᠭᠡᠢ᠂ ᠠᠯᠣᠰ ᠤᠨ ᠬᠠᠷᠠᠯᠳᠠ ᠲᠠᠢ ᠪᠤᠯᠵᠤ ᠴᠢᠳᠠᠭ᠎ᠠ ᠦᠭᠡᠢ ᠪᠠ ᠬᠡᠷᠬᠢᠨ ᠬᠦᠭᠵᠢᠬᠦᠯᠬᠦ ᠰᠡᠳᠬᠢᠴᠡ᠂ ᠲᠦᠰᠦᠪ ᠲᠦᠯᠦᠪᠵᠢᠬᠦᠯᠭᠡ ᠲᠤᠳᠠᠮᠠᠭ ᠵᠡᠷᠭᠡ ᠣᠯᠠᠨ ᠲᠠᠯ᠎ᠠ ᠶᠢᠨ ᠠᠰᠠᠭᠤᠳᠠᠯ ᠣᠷᠣᠰᠢᠵᠤ ᠪᠤᠢ᠃     ᠯᠢ ᠰᠦᠩ ᠪᠢᠨ ᠨᠦᠬᠦᠷ ᠭᠠᠴᠠᠭᠠᠨ ᠤ ᠣᠳᠣᠷᠢᠳᠣᠯᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ  ᠨᠠᠭᠠᠰᠢ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠪᠠ ᠬᠠᠮᠳᠣ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠶᠠᠪᠤᠳᠠᠯ ᠤᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠦ ᠡᠳᠦᠷ ᠲᠤᠳᠣᠮ ᠤᠨ ᠠᠵᠢᠯ ᠤᠨ ᠢᠶᠠᠨ ᠭᠤᠤᠯ ᠡᠬᠦᠷᠭᠡ  ᠪᠤᠯᠭᠠᠨ ᠠᠳᠬᠤᠵᠣ ᠢᠷᠡᠵᠡᠢ᠃      ︿︿ᠴᠢᠷᠮᠠᠶᠢᠯᠭ᠎ᠠ ᠬᠦᠮᠦᠨ ᠢ ᠬᠦᠰᠡᠷᠳᠡᠬᠦᠯᠬᠦ ᠦᠭᠡᠢ﹀﹀ ᠭᠡᠭᠴᠢ ᠪᠠᠷ ᠣᠷᠴᠢᠮ ᠤᠨ ᠵᠢᠯ ᠤᠳ ᠲᠤ᠂  ᠯᠢ ᠰᠦᠩ ᠪᠢᠨ ᠨᠦᠬᠦᠷ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ  ᠶᠢ ᠡᠪᠦᠷᠯᠡᠵᠦ᠂ ᠭᠠᠴᠠᠭᠠᠨ ᠤ  ᠪᠦᠬᠦ ᠨᠠᠮ ᠤᠨ ᠭᠡᠰᠢᠬᠦᠳ ᠢᠶᠠᠨ ᠲᠠᠶᠢᠴᠢᠯᠠᠵᠦ ᠮᠠᠯᠴᠢᠳ ᠢᠶᠠᠨ ᠲᠠᠭᠠᠭᠤᠯᠤᠨ ᠪᠠᠶᠠᠵᠢᠬᠤ ᠣᠭ ᠰᠠᠨᠠᠭ᠎ᠠ ᠪᠠᠨ ᠪᠠᠷᠢᠮᠳᠠᠯᠠᠨ᠂ ᠣᠳᠣᠷᠢᠳᠣᠯᠭ᠎ᠠ ᠶᠢᠨ ᠡᠬᠦᠷᠭᠡ ᠬᠠᠷᠢᠭᠤᠴᠠᠯᠭ᠎ᠠ ᠪᠠᠨ ᠬᠦᠢᠴᠡᠳ ᠪᠠᠳᠠᠷᠠᠭᠤᠯᠬᠤ ᠪᠠᠷ ᠡᠷᠡᠰ ᠰᠢᠭᠤᠷᠬᠠᠢ ᠲᠡᠮᠡᠴᠡᠵᠦ ᠢᠷᠡᠭᠰᠡᠨ ᠪᠠ ᠪᠦᠬᠦ ᠭᠠᠴᠠᠭᠠᠨ ᠤ ᠡᠯ᠎ᠡ ᠦᠨᠳᠦᠰᠦᠳᠡᠨ ᠤ ᠮᠠᠯᠴᠢᠳ ᠤᠨ ᠬᠠᠮᠳᠣ ᠶᠢᠨ ᠴᠢᠷᠮᠠᠶᠢᠯᠭ᠎ᠠ ᠪᠠᠷ ᠭᠠᠴᠠᠭᠠᠨ ᠤ ᠬᠠᠮᠳᠣ ᠶᠢᠨ ᠠᠵᠤ ᠠᠬᠤᠢ ᠨᠢ ᠦᠩᠭᠡᠷᠡᠭᠰᠡᠨ ᠵᠢᠯ ᠤᠳ  ᠠᠴᠠ ᠮᠠᠳᠡᠭᠳᠡᠮ᠎ᠡ ᠰᠠᠶᠢᠵᠢᠷᠠᠪᠠ᠃  ᠭᠠᠴᠠᠭᠠᠨ ᠤ ᠨᠡᠶᠢᠳᠡ ᠶᠢᠨ ᠠᠵᠤ ᠠᠬᠤᠢ ᠶᠢᠨ ᠣᠷᠣᠯᠭ᠎ᠠ ᠨᠢ ᠭᠤᠤᠯᠳᠠᠭᠤ ᠭᠠᠴᠠᠭᠠᠨ ᠤ ᠨᠡᠶᠢᠳᠡ ᠶᠢᠨ ᠡᠪᠡᠰᠦᠨ ᠲᠠᠯᠠᠪᠠᠢ ᠪᠠᠨ ᠭᠠᠳᠠᠭᠰᠢ ᠲᠦᠷᠢᠶᠡᠰᠦᠯᠡᠬᠦ ᠪᠤᠶᠤ ᠭᠠᠴᠠᠭᠠᠨ ᠤ ᠨᠡᠶᠢᠳᠡ ᠶᠢᠨ ᠪᠤᠳᠠ ᠪᠤᠭ ᠮᠠᠯ ᠤᠨ ᠣᠷᠣᠯᠭ᠎ᠠ ᠳᠤ ᠲᠦᠰᠢᠭᠯᠡᠳᠡᠭ᠃ ᠣᠳᠣᠬᠠᠨ ᠳᠤ ᠲᠡᠳᠡᠨ ᠤ ᠭᠠᠴᠠᠭᠠᠨ ᠤ ᠨᠡᠶᠢᠳᠡ ᠶᠢᠨ ᠠᠵᠤ ᠠᠬᠤᠢ ᠳᠤ᠂1220 ᠰᠠᠭᠤᠷᠢ ᠡᠬᠡ ᠬᠤᠨᠢ ᠲᠠᠢ᠂ 75 ᠲᠤᠯᠤᠭᠠᠢ ᠰᠢᠮᠧᠨ᠋ᠲ᠋ᠡᠷ ᠦᠬᠡᠷ ᠲᠠᠢ᠂ ᠨᠡᠶᠢᠳᠡ ᠶᠢᠨ ᠡᠪᠡᠰᠦᠨ ᠲᠠᠯᠠᠪᠠᠢ 29 ᠲᠦᠮᠡᠨ ᠮᠦ᠂ ᠬᠤᠶᠠᠷ ᠰᠠᠭᠤᠷᠢ1000 ᠲᠡᠭᠰᠢ ᠲᠦᠷᠪᠡᠯᠵᠢᠨ ᠮᠧᠲᠷ ᠤᠨ ᠡᠪᠡᠰᠦ ᠪᠤᠷᠳᠤᠭ᠎ᠠ ᠬᠠᠳᠠᠭᠠᠯᠠᠬᠤ ᠬᠦᠮᠦᠷᠭᠡ ᠲᠠᠢ ᠪᠤᠯᠵᠤ ᠬᠦᠭᠵᠢᠭᠰᠡᠨ ᠶᠤᠮ᠃       ᠭᠤᠷᠪᠠ᠂  ᠮᠠᠯᠴᠢᠳ ᠤᠨ ᠣᠷᠣᠯᠭ᠎ᠠ ᠶᠢ ᠨᠡᠮᠡᠭᠳᠡᠬᠦᠯᠵᠦ᠂ ᠬᠦᠳᠡᠭᠡ ᠲᠤᠰᠬᠤᠨ ᠤ ᠬᠦᠭᠵᠢᠯᠳᠡ ᠶᠢ  ᠲᠦᠷᠭᠡᠳᠭᠡᠭᠰᠡᠨ ᠨᠢ     ᠨᠠᠮ ᠤᠨ ᠬᠤᠷᠢᠳᠣᠭᠠᠷ ᠶᠡᠭᠡ ᠬᠤᠷᠠᠯ ᠳᠤ᠄ ︿︿ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠳᠡᠢ᠃ ᠲᠠᠷᠢᠶᠠᠯᠠᠩ ᠬᠦᠳᠡᠭᠡ ᠲᠤᠰᠬᠤᠨ ᠢ  ᠤᠷᠢᠳ ᠢᠶᠠᠷ ᠬᠦᠭᠵᠢᠬᠦᠯᠬᠦ  ᠪᠠ ᠬᠤᠳᠠ ᠬᠦᠳᠡᠭᠡ ᠶᠢ ᠠᠭᠤᠰᠣᠯᠴᠠᠭᠤᠯᠤᠨ ᠬᠦᠭᠵᠢᠬᠦᠯᠬᠦ ᠶᠢ ᠪᠠᠷᠢᠮᠳᠠᠯᠠᠵᠤ᠂ ᠬᠤᠳᠠ ᠬᠦᠳᠡᠭᠡ ᠶᠢᠨ ᠬᠤᠭᠤᠷᠤᠨᠳᠣᠬᠢ ᠬᠠᠷᠢᠯᠴᠠᠭ᠎ᠠ ᠶᠠᠪᠤᠯᠴᠠᠭ᠎ᠠ ᠶᠢ ᠠᠬᠢᠭᠤᠯᠤᠨ᠂ ᠲᠠᠷᠢᠶᠠᠯᠠᠩ ᠤᠨ ᠬᠦᠴᠦᠷᠬᠡᠭ ᠣᠯᠣᠰ ᠢ ᠲᠦᠷᠭᠡᠳᠭᠡᠨ ᠪᠠᠶᠢᠭᠤᠯᠵᠤ᠂ ᠬᠦᠳᠡᠭᠡ ᠲᠤᠰᠬᠤᠨ ᠤ ᠠᠵᠤ ᠦᠢᠯᠡᠰ᠂ ᠴᠢᠳᠠᠪᠦᠷᠢᠳᠡᠨ᠂ ᠰᠣᠶᠣᠯ ᠪᠠ ᠠᠮᠢ ᠠᠬᠤᠢ᠂ ᠵᠤᠬᠢᠶᠠᠨ ᠪᠠᠶᠢᠭᠤᠯᠤᠯᠳᠠ  ᠶᠢᠨ ᠴᠡᠴᠡᠭᠯᠡᠨ ᠬᠦᠭᠵᠢᠬᠦ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠬᠤ ᠬᠡᠷᠡᠭᠳᠡᠢ﹀﹀ ᠭᠡᠵᠡᠢ᠃      ᠬᠦᠳᠡᠭᠡ ᠲᠤᠰᠬᠤᠨ ᠤ ᠬᠦᠭᠵᠢᠯᠳᠡ ᠶᠢ ᠲᠦᠷᠭᠡᠳᠬᠡᠬᠦ ᠶᠠᠪᠤᠳᠠᠯ ᠪᠤᠯ ᠣᠳᠣᠬᠠᠨ ᠤ ᠲᠠᠷᠢᠶᠠᠯᠠᠩ ᠬᠦᠳᠡᠭᠡ ᠲᠤᠰᠬᠤᠨ ᠤ ᠠᠵᠢᠯ ᠤᠨ ᠭᠤᠤᠯᠳᠠᠯᠭ᠎ᠠ ᠪᠤᠯᠤᠨ᠎ᠠ᠃ ᠬᠦᠳᠡᠭᠡ ᠲᠤᠰᠬᠤᠨ ᠤ ᠬᠦᠭᠵᠢᠯᠳᠡ ᠶᠢ ᠲᠦᠷᠭᠡᠳᠭᠡᠬᠦ ᠶᠢᠨ ᠭᠤᠤᠯ ᠠᠰᠠᠭᠤᠳᠠᠯ ᠪᠤᠯ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠵᠦ᠂ ᠠᠵᠤ ᠠᠬᠤᠢ ᠶᠢ  ᠲᠠᠰᠣᠷᠠᠯᠳᠠ ᠦᠭᠡᠢ ᠲᠦᠷᠭᠡᠳᠬᠡᠬᠦ  ᠶᠠᠪᠤᠳᠠᠯ ᠮᠦᠨ᠃       ᠯᠢ ᠰᠦᠩ ᠪᠢᠨ ᠨᠦᠬᠦᠷ ᠭᠠᠴᠠᠭᠠᠨ ᠤ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠶᠢᠨ ᠲᠦᠯᠦᠭᠡ ᠣᠷᠣᠨ ᠨᠣᠳᠤᠭ ᠤᠨ ᠣᠨᠴᠠᠯᠢᠭ ᠠᠴᠠ ᠡᠬᠦᠰᠴᠦ᠂ ︿︿ᠬᠠᠭᠤᠴᠢᠨ ᠪᠠᠷᠭᠤ ᠬᠤᠰᠢᠭᠤᠨ ᠤ ᠤᠯᠠᠭᠠᠨ ᠲᠤᠯᠤᠭᠠᠶᠢᠳᠣ ᠬᠤᠨᠢ﹀﹀ ᠶᠢᠨ ᠨᠡᠷ᠎ᠡ ᠲᠡᠮᠳᠡᠭ ᠢ ᠡᠬᠦᠳᠴᠦ᠂ ᠣᠷᠣᠨ ᠨᠣᠳᠤᠭ ᠤᠨ ᠬᠦᠭᠵᠢᠯᠳᠡ ᠳᠤ ᠬᠤᠪᠢ ᠨᠡᠮᠡᠷᠢ ᠡᠷᠬᠦᠬᠦ ᠪᠠᠷ ᠵᠤᠷᠢᠭ ᠰᠢᠭᠤᠳᠣᠯ᠎ᠠ᠃ ᠲᠡᠷᠡ2014 ᠣᠨ ᠠᠴᠠ ᠡᠬᠢᠯᠡᠨ ᠲᠤᠰ ᠠᠵᠢᠯ ᠢ ᠰᠦᠪᠡᠭᠴᠢᠯᠡᠨ ᠰᠡᠳᠦᠵᠦ ᠮᠠᠯᠴᠢᠳ ᠢᠶᠠᠨ ᠣᠬᠠᠭᠤᠯᠤᠨ ᠭᠠᠴᠠᠭᠠᠨ ᠤ ᠠᠵᠤ ᠦᠢᠯᠡᠰ ᠢᠶᠠᠨ ᠨᠡᠮᠡᠭᠳᠡᠬᠦᠯᠬᠦ ᠶᠢ ᠵᠤᠷᠢᠭᠵᠢᠭᠤᠯᠵᠤ ᠡᠬᠢᠯᠡᠭᠰᠡᠨ ᠪᠦᠭᠡᠳ 2022 ᠣᠨ ᠤ 6 ᠳ᠋ᠤᠭᠠᠷ ᠰᠠᠷ᠎ᠠ  ᠳᠤ ᠲᠤᠮᠳᠠᠳᠣ ᠣᠯᠣᠰ ᠤᠨ ᠲᠠᠷᠢᠶᠠᠯᠠᠩ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠲᠠᠯ᠎ᠠ ᠨᠤᠳᠤᠭ ᠤᠨ ᠰᠣᠳᠣᠯᠬᠤ ᠲᠠᠰᠤᠭ ᠠᠴᠠ ︿︿ᠬᠠᠭᠤᠴᠢᠨ ᠪᠠᠷᠭᠤ ᠬᠤᠰᠢᠭᠤᠨ ᠤ ᠤᠯᠠᠭᠠᠨ ᠲᠤᠯᠤᠭᠠᠶᠢᠳᠣ ᠬᠤᠨᠢ﹀﹀ ᠶᠢᠨ ᠠᠰᠢᠭ ᠰᠢᠮ᠎ᠡ ᠬᠤᠪᠢ ᠳᠤ ᠦᠨᠡᠯᠡᠯᠳᠡ ᠬᠢᠭᠰᠡᠨ ᠪᠠ ᠲᠤᠰ ᠵᠢᠯ ᠳᠤ ᠪᠠᠨ ︿︿ᠬᠠᠭᠤᠴᠢᠨ ᠪᠠᠷᠭᠤ ᠬᠤᠰᠢᠭᠤᠨ ᠤ ᠤᠯᠠᠭᠠᠨ ᠲᠤᠯᠤᠭᠠᠶᠢᠳᠣ ᠬᠤᠨᠢ﹀﹀ ᠨᠢ ᠪᠦᠬᠦ ᠣᠯᠣᠰ ᠤᠨ ᠨᠡᠷᠡᠳᠦ ᠣᠨᠴᠠ ᠰᠢᠯᠢᠳᠡᠭ ᠲᠠᠷᠢᠶᠠᠯᠠᠩ  ᠤᠨ ᠪᠦᠳᠦᠭᠡᠭᠳᠡᠬᠦᠨ ᠤ ᠴᠣᠯᠠ ᠶᠢ ᠬᠦᠷᠳᠡᠭᠰᠡᠨ ᠶᠤᠮ᠃ ᠬᠠᠭᠤᠴᠢᠨ ᠪᠠᠷᠭᠤ ᠬᠤᠰᠢᠭᠤᠨ ᠤ ᠲᠠᠷᠢᠶᠠᠯᠠᠩ ᠮᠠᠯᠵᠢᠯ  ᠤᠨ ᠲᠤᠪᠴᠢᠶ᠎ᠠ ᠠᠴᠠ ᠪᠠᠶᠠᠨᠬᠠᠳᠠ ᠰᠣᠮᠣ ᠪᠠᠷ ᠭᠤᠤᠯ ᠲᠤᠷᠰᠢᠯᠳᠠ ᠶᠢᠨ ᠴᠡᠭ ᠪᠤᠯᠭᠠᠨ ᠠᠳᠬᠤᠵᠤ ᠮᠠᠯ ᠤᠨ ᠠᠰᠢᠭ ᠰᠢᠮ᠎ᠡ ᠶᠢᠨ ᠨᠡᠷᠡᠳᠦ ᠲᠡᠮᠳᠡᠭ ᠢ ᠡᠬᠦᠳᠬᠦ ᠪᠠᠷ ᠴᠢᠷᠮᠠᠶᠢᠨ ᠲᠡᠮᠡᠴᠡᠵᠦ ᠢᠷᠡᠭᠰᠡᠨ ᠶᠤᠮ᠃     ᠪᠤᠰᠣᠳ ᠢ ᠱᠠᠭᠠᠷᠳᠠᠬᠤ ᠳᠤ ᠵᠠᠪᠠᠯ ᠪᠡᠶ᠎ᠡ ᠪᠠᠷ ᠢᠶᠠᠨ ᠬᠡᠪ ᠲᠦᠷᠢᠮ ᠪᠠ ᠦᠯᠢᠭᠡᠷ ᠵᠢᠱᠢᠶᠡᠴᠢ ᠶᠢᠨ ᠦᠢᠯᠡᠳᠦᠯ  ᠢᠶᠠᠨ ᠭᠦᠢᠴᠡᠳ ᠪᠠᠳᠠᠷᠠᠭᠤᠯᠬᠤ ᠬᠡᠷᠡᠭᠳᠡᠢ᠃ ᠢᠩᠭᠢᠮᠡᠨᠵᠢᠨ ᠰᠠᠶ᠋ᠢ ᠦᠷᠭᠡᠨ ᠣᠯᠠᠨ ᠮᠠᠯᠴᠢᠳ ᠲᠤᠳᠣᠭᠠᠳᠣ ᠰᠡᠳᠬᠢᠯ  ᠠᠴᠠ ᠪᠠᠨ ᠪᠢᠰᠢᠷᠡᠨ ᠬᠦᠨᠳᠦᠳᠭᠡᠵᠦ ᠴᠣᠣᠷᠢᠶᠠᠳᠣᠨ ᠲᠠᠭᠠᠳᠠᠭ ᠶᠤᠮ᠃ ᠶᠠᠭ ᠡᠶᠢᠮᠦ ᠠᠴᠠ ᠯᠢ ᠰᠦᠩ ᠪᠢᠨ ᠨᠦᠬᠦᠷ ᠦᠪᠡᠷ ᠢᠶᠠᠨ ᠲᠦᠷᠢᠮ ᠦᠵᠡᠬᠦᠯᠵᠦ ᠣᠯᠠᠭᠠᠨ ᠲᠤᠯᠤᠭᠠᠶᠢᠳᠦ ᠬᠤᠨᠢ ᠶᠢ ᠲᠡᠵᠢᠭᠡᠵᠦ ᠦᠷᠡᠵᠢᠬᠦᠯᠵᠦ ᠡᠬᠢᠯᠡᠭᠰᠡᠨ ᠶᠤᠮ᠃ ᠦᠨᠦ ᠵᠢᠯ ᠲᠡᠬᠦᠨ ᠤ 3000 ᠭᠠᠷᠦᠢ  ᠣᠯᠠᠭᠠᠨ ᠲᠤᠯᠤᠭᠠᠶᠢᠳᠣ ᠲᠤᠯᠤᠭᠠᠢ ᠬᠤᠨᠢ  ᠠᠴᠠ2000 ᠭᠠᠷᠦᠢ ᠲᠦᠯ ᠲᠤᠰᠣᠭᠰᠠᠨ ᠪᠦᠭᠡᠳ ᠭᠠᠴᠠᠭᠠᠨ ᠤ ᠮᠠᠯᠴᠢᠳ ᠤᠨ ᠣᠯᠠᠭᠠᠨ ᠲᠤᠯᠤᠭᠠᠶᠢᠳᠣ ᠬᠤᠨᠢ  ᠶᠢᠨ ᠦᠷᠡᠵᠢᠯᠳᠡ ᠨᠢ ᠲᠡᠭᠡᠷ᠎ᠡ ᠵᠢᠯ ᠠᠴᠠ ᠪᠠᠨ ᠮᠡᠳᠡᠭᠳᠡᠮ᠎ᠡ ᠦᠨᠳᠦᠷ ᠪᠠᠶᠢᠨ᠎ᠠ ᠭᠡᠵᠦ ᠲᠡᠷᠡ ᠤᠮᠤᠭ ᠲᠡᠬᠦᠯᠳᠡᠷ ᠶᠠᠷᠢᠵᠦ ᠪᠠᠶᠢᠯ᠎ᠠ᠃     ᠣᠳᠣ ᠲᠡᠳᠡᠨ ᠤ ᠭᠠᠴᠠᠭ᠎ᠠ ᠨᠢ ᠬᠤᠰᠢᠭᠤᠨ ᠳᠤ ᠪᠠᠨ ᠭᠠᠴᠠᠭᠠᠨ ᠤ ᠬᠠᠮᠳᠣ ᠶᠢᠨ ᠠᠵᠤ ᠠᠬᠤᠢ ᠶᠢᠨ ᠲᠠᠯ᠎ᠠ  ᠪᠠᠷ ᠲᠡᠷᠢᠬᠦᠨ ᠤ ᠡᠩᠨᠡᠭᠡᠨ ᠳᠤ  ᠬᠤᠰᠢᠭᠤᠷᠠᠵᠤ ᠶᠠᠪᠤᠭ᠎ᠠ ᠪᠠᠶᠠᠯᠢᠭ ᠭᠠᠴᠠᠭ᠎ᠠ ᠪᠤᠯᠬᠤ ᠪᠦᠭᠡᠳ ᠮᠠᠯᠴᠢᠳ ᠤᠨ ᠬᠦᠮᠦᠨ ᠲᠣᠮᠳᠠᠴᠢ ᠶᠢᠨ ᠣᠷᠣᠯᠭ᠎ᠠ 2800 ᠲᠦᠭᠦᠷᠢᠭ ᠲᠤ ᠬᠦᠷᠴᠦ ᠠᠵᠤ ᠠᠬᠤᠢ ᠶᠢᠨ ᠣᠷᠣᠯᠭ᠎ᠠ ᠪᠠ ᠠᠮᠢᠳᠣᠷᠠᠯ ᠤᠨ ᠬᠢᠷᠢ ᠲᠦᠪᠰᠢᠨ ᠤ ᠲᠠᠯ᠎ᠠ ᠪᠠᠷ ᠪᠦᠬᠦ ᠬᠤᠰᠢᠭᠤᠨ ᠳᠤ ᠪᠠᠨ ᠣᠷᠣᠶᠢᠯᠠᠵᠤ ᠶᠠᠪᠤᠭ᠎ᠠ ᠴᠢᠨᠡᠭᠡᠯᠢᠭ ᠭᠠᠴᠠᠭ᠎ᠠ ᠪᠤᠯᠬᠤ ᠶᠤᠮ᠃    ᠲᠦᠷᠪᠡ᠂ ᠮᠠᠯᠴᠢᠳ ᠤᠨ ᠪᠤᠳᠠᠳᠣ ᠠᠰᠠᠭᠤᠳᠠᠯ ᠢ ᠰᠢᠢᠳᠪᠦᠷᠢᠯᠡᠵᠦ᠂ ᠣᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠨᠢ      ᠲᠤᠮᠳᠠᠳᠣ ᠣᠯᠣᠰ ᠤᠨ ᠡᠪ ᠬᠠᠮᠳᠣ ᠨᠠᠮ ᠤᠨ ᠭᠡᠰᠢᠬᠦᠨ ᠤ ᠣᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠪᠤᠯ ᠲᠤᠮᠳᠠᠳᠣ ᠣᠯᠣᠰ ᠤᠨ ᠠᠷᠠᠳ ᠲᠦᠮᠡᠨ ᠳᠤ ᠵᠤᠯ ᠵᠢᠷᠭᠠᠯ ᠣᠯᠭᠤᠵᠣ᠂ ᠲᠤᠮᠳᠠᠳᠣ ᠶᠢᠨ ᠦᠨᠳᠦᠰᠦᠳᠡᠨ ᠤ ᠰᠡᠷᠬᠦᠨ ᠮᠠᠨᠳᠣᠯᠳᠠ ᠶᠢ ᠪᠡᠶᠡᠯᠡᠬᠦᠯᠬᠦ ᠶᠠᠪᠤᠳᠠᠯ ᠪᠤᠯᠤᠨ᠎ᠠ᠃       ᠡᠪ ᠬᠠᠮᠳᠣ ᠨᠠᠮ ᠤᠨ ᠭᠡᠰᠢᠬᠦᠨ ᠤ ᠣᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠨᠢ ᠡᠩ ᠤᠨ ᠡᠳᠦᠷ ᠲᠤᠳᠣᠮ ᠤᠨ ᠠᠷᠰᠠᠷ ᠠᠵᠢᠯ ᠶᠠᠪᠤᠳᠠᠯ ᠤᠨ ᠲᠤᠮᠳᠠ ᠦᠷᠬᠦᠯᠵᠢ ᠶᠢᠨ ᠴᠢᠨᠠᠷᠳᠠᠢ᠂ ᠪᠠᠶᠢᠩᠭᠤ ᠶᠢᠨ ᠴᠢᠨᠠᠷᠳᠠᠢ ᠦᠷᠨᠢᠬᠦᠯᠬᠦ ᠪᠠᠷ ᠲᠡᠮᠵᠢᠨ ᠰᠠᠶ᠋ᠢ ᠪᠡᠶᠡᠯᠡᠭᠳᠡᠳᠡᠭ᠃ ᠬᠠᠷᠢᠨ ᠪᠤᠰᠣᠳ ᠲᠤ ᠬᠠᠷᠠᠭᠤᠯᠬᠤ ᠪᠤᠶᠤ ᠨᠢᠭᠤᠷ ᠲᠦᠷᠰᠦ ᠶᠢᠨ ᠢᠨᠵᠧᠨᠧᠷᠢᠩ ᠪᠤᠯᠬᠤ ᠠᠴᠠ ᠲᠡᠪᠴᠢᠬᠦ ᠬᠡᠷᠡᠭᠳᠡᠢ᠃      ᠲᠡᠷᠡ ᠮᠠᠯᠴᠢᠨ ᠡᠷᠦᠬᠡ ᠪᠠᠷ ᠪᠠᠭᠤᠵᠤ ᠰᠠᠭᠤᠵᠤ ᠶᠠᠪᠤᠬᠤ ᠪᠤᠯᠭᠠᠨ  ᠳᠤ ᠲᠡᠳᠡᠨ ᠤ ᠡᠳᠦᠷ ᠲᠤᠳᠣᠮ ᠤᠨ ᠠᠮᠢᠳᠣᠷᠠᠯ ᠪᠤᠯᠤᠨ ᠠᠵᠢᠯ ᠶᠠᠪᠤᠳᠠᠯ ᠤᠨ ᠬᠦᠴᠢᠷᠳᠡᠯ ᠢ ᠨᠢ ᠰᠢᠢᠳᠪᠦᠷᠢᠯᠡᠨ ᠦᠭᠴᠦ ᠮᠠᠯᠴᠢᠳ ᠢ ᠬᠠᠯᠠᠭᠤᠨ ᠲᠤᠳᠣᠨᠣ ᠪᠠᠷ ᠠᠰᠠᠭᠤᠨ ᠪᠤᠯᠭᠤᠭᠠᠵᠤ ᠪᠠᠶᠢᠳᠠᠭ᠃     ᠲᠡᠷᠡ ᠣᠷᠳᠣ ᠣᠳᠠᠭᠠᠨ ᠵᠢᠯ ᠤᠨ ᠶᠠᠪᠤᠴᠠ ᠳᠤ ᠮᠠᠯᠴᠢᠨ ᠡᠷᠦᠬᠡ ᠪᠠᠷ ᠬᠦᠨᠵᠡᠭᠡᠶᠢᠷᠡᠬᠦ ᠶᠠᠪᠤᠴᠠ ᠳᠤ ᠬᠦᠭᠰᠢᠨ ᠨᠠᠰᠣᠳᠠᠳ ᠠᠴᠠ ᠠᠪᠤᠭᠠᠳ ᠠᠶᠢᠯ ᠤᠨ ᠬᠡᠣᠬᠡᠳ ᠨᠢᠯᠬ᠎ᠠ ᠬᠦᠷᠳᠡᠯ᠎ᠡ ᠲᠡᠬᠦᠨ ᠢ ᠬᠠᠷᠠᠩᠭᠤᠳᠠ ︿︿ᠮᠠᠨ ᠤ ᠱᠦᠵᠢ  ᠢᠷᠡᠯ᠎ᠡ﹀﹀ ᠭᠡᠵᠦ ᠲᠤᠳᠣᠨᠣᠴᠢᠯᠠᠨ ᠲᠠᠭᠤᠳᠠᠳᠠᠭ᠃ ᠠᠮᠢᠳᠣᠷᠠᠯ ᠬᠦᠴᠢᠷᠳᠡᠢ ᠠᠶᠢᠯ ᠠᠴᠠ ᠠᠪᠤᠭᠠᠳ ᠰᠠᠶ᠋ᠢ ᠠᠳᠠᠯ ᠠᠮᠢᠳᠣᠷᠠᠯ ᠪᠤᠰᠬᠠᠵᠤ ᠪᠠᠶᠢᠭ᠎ᠠ ᠵᠠᠯᠠᠭᠤᠴᠣᠳ ᠲᠤ ᠬᠦᠷᠳᠡᠯ᠎ᠡ ᠲᠡᠬᠦᠨ ᠢ ᠦᠪᠡᠷ ᠤᠨ ᠲᠦᠷᠦᠭᠰᠡᠨ ᠠᠬ᠎ᠠ ᠲᠡᠬᠦᠦ  ᠪᠠᠨ ᠰᠢᠭ ᠦᠵᠡᠵᠦ ᠶᠠᠭᠤ ᠪᠤᠯᠭᠠᠨ ᠢᠶᠠᠨ ᠲᠡᠬᠦᠨ ᠢ ᠡᠷᠢᠵᠦ ᠵᠦᠪᠳᠡᠯᠴᠡᠨ ᠶᠠᠷᠢᠯᠴᠠᠳᠠᠭ ᠶᠤᠮ᠃      ᠲᠡᠷᠡ ᠪᠤᠯᠤᠯᠴᠠᠭ᠎ᠠ ᠪᠦᠬᠦᠢ ᠠᠷᠭ᠎ᠠ ᠬᠡᠮᠵᠢᠶ᠎ᠡ ᠶᠢ  ᠰᠦᠪᠡᠭᠴᠢᠯᠡᠵᠦ ᠮᠠᠯᠴᠢᠳ ᠢᠶᠠᠨ ᠪᠠᠶᠠᠵᠢᠭᠤᠯᠵᠤ ᠦᠭᠡᠳᠡ ᠲᠠᠳᠠᠬᠤ  ᠪᠠᠷ ᠴᠢᠷᠮᠠᠶᠢᠳᠠᠭ᠃ ᠲᠡᠬᠦᠨ ᠤ ᠬᠠᠪᠰᠣᠷᠣᠯᠭ᠎ᠠ ᠲᠡᠮᠵᠢᠯᠭᠡ ᠪᠠᠷ ᠣᠯᠠᠩᠬᠢ ᠶᠠᠳᠠᠭᠤ ᠡᠷᠦᠬᠡ ᠣᠳᠣ ᠨᠢᠭᠡᠨᠳᠡ ᠴᠢᠨᠡᠭᠡᠯᠢᠭ ᠤᠨ ᠬᠡᠮᠵᠢᠶᠡᠨ ᠳᠤ ᠬᠦᠷᠴᠦ  ᠬᠦᠳᠡᠭᠡ ᠲᠤᠰᠬᠤᠨ ᠤ ᠬᠦᠭᠵᠢᠯᠳᠡ ᠳᠤ ᠬᠦᠴᠦᠨ ᠵᠢᠳᠬᠦᠯ  ᠢᠶᠠᠨ ᠨᠡᠮᠡᠷᠢᠯᠡᠵᠦ ᠶᠠᠪᠤᠨ᠎ᠠ᠃  ᠪᠤᠳᠠᠳᠠᠢ  ᠪᠠᠷ ᠲᠤᠷᠠᠳᠪᠠᠯ᠄     ᠭᠠᠴᠠᠭᠠᠨ ᠤ ᠪᠠᠨ ᠬᠠᠮᠳᠣ ᠶᠢᠨ ᠰᠦᠷᠦᠭ ᠤᠨ1200 ᠲᠤᠯᠤᠭᠠᠢ ᠡᠬᠡ ᠬᠤᠨᠢ ᠪᠠᠨ ᠰᠢᠨ᠎ᠡ ᠪᠠᠷ ᠠᠶᠢᠯ ᠡᠷᠦᠬᠡ ᠪᠤᠰᠬᠠᠵᠤ ᠪᠠᠶᠢᠭ᠎ᠠ ᠵᠠᠯᠠᠭᠤᠴᠣᠳ ᠪᠤᠯᠤᠨ ᠨᠤᠳᠤᠭ ᠲᠤ ᠪᠠᠨ ᠪᠤᠴᠠᠭᠰᠠᠨ ᠣᠶᠣᠳᠠᠳ ᠲᠤ 3᠄7  ᠶᠢᠨ ᠬᠠᠷᠢᠴᠠᠯ ᠢᠶᠠᠷ ᠲᠠᠭᠠᠭᠠᠴᠢᠯᠠᠭᠤᠯᠤᠨ ᠦᠭᠴᠦ ᠠᠮᠢᠳᠣᠷᠠᠯ ᠪᠤᠰᠬᠠᠬᠤ ᠪᠡᠯᠡ ᠮᠦᠩᠭᠦ ᠪᠤᠯᠭᠠᠵᠤ ᠲᠤᠰᠠᠯᠠᠮᠵᠢ ᠦᠵᠡᠬᠦᠯᠦᠭᠰᠡᠨ ᠶᠤᠮ᠃ ᠡᠬᠦᠨ ᠳᠤ ᠨᠤᠳᠤᠭ ᠲᠤ ᠪᠠᠨ ᠪᠤᠴᠠᠭᠰᠠᠨ ᠨᠢᠭᠡᠨ ᠵᠠᠯᠠᠭᠤ ᠤᠶᠤᠳᠠᠨ150 ᠲᠤᠯᠤᠭᠠᠢ ᠡᠬᠡ ᠬᠤᠨᠢ ᠲᠠᠭᠠᠭᠠᠴᠢᠯᠠᠵᠤ ᠬᠤᠶᠠᠷ ᠵᠢᠯ ᠤᠨ ᠴᠢᠷᠮᠠᠶᠢᠯᠭ᠎ᠠ ᠪᠠᠷ ᠲᠠᠮᠵᠢᠨ ᠣᠳᠣᠬᠠᠨ ᠲᠡᠬᠦᠨ ᠤ ᠬᠤᠪᠢ ᠶᠢᠨ ᠬᠤᠨᠢ  ᠨᠢ ᠨᠢᠭᠡᠨᠳᠡ300 ᠭᠠᠷᠦᠢ ᠲᠤᠯᠤᠭᠠᠢ ᠪᠤᠯᠵᠤ ᠦᠷᠡᠵᠢᠭᠰᠡᠨ ᠶᠤᠮ᠃ ᠡᠬᠦᠨ ᠲᠠᠢ ᠠᠳᠠᠯᠢ ᠪᠠᠷ ᠲᠤᠰ ᠭᠠᠴᠠᠭᠠᠨ ᠤ ᠲᠢᠶᠠᠨᠵᠢᠨ ᠰᠡᠭᠡᠭᠡᠳᠡᠨ ᠤ ᠬᠡᠣᠬᠡᠳ᠂ ᠠᠪᠤ ᠡᠵᠢ ᠶᠢᠨ ᠢᠶᠠᠨ ᠬᠤᠶᠢᠨ᠎ᠠ ᠠᠴᠠ ᠬᠤᠳᠠ ᠣᠷᠣᠵᠣ ᠠᠮᠢᠳᠣᠷᠠᠯ ᠪᠤᠰᠬᠠᠬᠤ ᠪᠠᠷ ᠶᠠᠪᠤᠭᠠᠳ ᠬᠤᠳᠠ ᠶᠢᠨ ᠠᠮᠢᠳᠣᠷᠠᠯ ᠲᠦᠷᠭᠡᠨ ᠠᠶᠢᠵᠢᠮ ᠢ ᠲᠠᠭᠠᠵᠤ ᠲᠠᠳᠬᠤ ᠦᠭᠡᠢ ᠨᠤᠳᠤᠭ ᠲᠤ  ᠪᠠᠨ ᠪᠤᠴᠠᠵᠤ ᠢᠷᠡᠬᠦ ᠳᠤ ᠭᠠᠴᠠᠭᠠᠨ ᠤ ᠬᠠᠮᠳᠣ ᠶᠢᠨ ᠰᠦᠷᠦᠭ ᠠᠴᠠ ᠨᠢᠭᠡᠨ ᠬᠤᠪᠢ ᠲᠠᠭᠠᠭᠠᠴᠢᠯᠠᠭᠤᠯᠤᠨ ᠦᠭᠴᠦ ᠬᠡᠳᠦᠭᠡᠨ ᠵᠢᠯ ᠤᠨ ᠲᠤᠳᠣᠷ᠎ᠠ ᠲᠡᠳᠡᠨ ᠤ ᠠᠮᠢᠳᠣᠷᠠᠯ ᠨᠢ ᠴᠢᠨᠡᠭᠡᠯᠢᠭ ᠤᠨ ᠬᠡᠮᠵᠢᠶᠡᠨ ᠳᠤ ᠬᠦᠷᠦᠭᠰᠡᠨ ᠶᠤᠮ᠃     ᠪᠠᠰᠠ ᠭᠠᠴᠠᠭᠠᠨ ᠤ 20 ᠭᠠᠷᠦᠢ ᠡᠷᠦᠬᠡ ᠶᠢᠨ ᠪᠠᠶᠢᠩᠭᠤ ᠶᠢᠨ ᠴᠠᠬᠢᠯᠭᠠᠨ ᠣᠭᠰᠠᠷᠠᠵᠤ ᠴᠢᠳᠠᠭᠠᠳᠦᠢ ᠬᠦᠴᠢᠷᠳᠡᠯ ᠢ ᠰᠢᠢᠳᠪᠦᠷᠢᠯᠡᠬᠦ ᠶᠢᠨ ᠲᠦᠯᠦᠭᠡ ᠲᠡᠷᠡ ᠲᠡᠭᠡᠷ᠎ᠡ ᠱᠠᠳᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠢ ᠲᠠᠮᠵᠢᠨ᠂ ᠮᠠᠯᠴᠢᠳ ᠤᠨ ᠪᠠᠶᠢᠩᠭᠤ ᠶᠢᠨ ᠴᠠᠬᠢᠯᠭᠠᠨ ᠤ ᠠᠰᠠᠭᠤᠳᠠᠯ ᠢ ᠰᠢᠢᠳᠪᠦᠷᠢᠯᠡᠵᠦ ᠦᠭᠭᠦᠯ᠎ᠡ᠃ ᠡᠬᠦᠨ ᠠᠴᠠ ᠭᠠᠳᠠᠨ᠎ᠠ ᠭᠠᠴᠠᠭᠠᠨ ᠤ ᠮᠠᠯᠴᠢᠨ ᠪᠠᠶᠠᠨᠪᠠᠶᠠᠷ ᠲᠡᠬᠦᠨ ᠲᠠᠢ ᠵᠦᠪᠳᠡᠯᠴᠡᠵᠦ ︿︿ᠡᠪᠡᠰᠦ ᠪᠤᠷᠳᠤᠭ᠎ᠠ ᠪᠤᠯᠪᠠᠰᠣᠷᠠᠭᠤᠯᠬᠤ ᠦᠢᠯᠡᠳᠪᠦᠷᠢ﹀﹀ ᠪᠠᠶᠢᠭᠤᠯᠬᠤ ᠰᠠᠨᠠᠭ᠎ᠠ ᠪᠠᠨ ᠢᠯᠡᠳᠭᠡᠭᠰᠡᠨ ᠳᠤ ᠲᠡᠷᠡ ᠲᠡᠭᠡᠷ᠎ᠡ ᠱᠠᠳᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠴᠠᠵᠤ ᠡᠯ᠎ᠡ ᠲᠠᠯ᠎ᠠ ᠶᠢᠨ ᠨᠦᠬᠦᠴᠡᠯ ᠪᠤᠯᠤᠮᠵᠢ ᠶᠢ ᠨᠢ  ᠪᠦᠷᠢᠳᠦᠬᠦᠯᠦᠨ ᠦᠭᠴᠦ 2021 ᠣᠨ  ᠳᠤ 230 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠦᠬᠡᠨ᠋ᠦ᠋ᠨᠳᠦᠷ ᠭᠠᠴᠠᠭᠠᠨ  ᠳᠤ ᠬᠢ ᠬᠦᠯᠦᠨ ᠪᠤᠶᠢᠷ ᠬᠤᠳᠠ ᠶᠢᠨ ᠬᠤᠩ ᠶᠤᠸᠠᠨ ᠮᠠᠯᠵᠢᠯ ᠤᠨ ᠬᠦᠭᠵᠢᠯᠳᠡ ᠶᠢᠨ ᠬᠢᠵᠠᠭᠠᠷᠳᠣ ᠺᠤᠮᠹᠠᠨᠢ ᠶᠢ ᠪᠠᠶᠢᠭᠤᠯᠤᠭᠰᠠᠨ ᠶᠤᠮ᠃ ᠲᠡᠳᠡᠨ ᠤ ᠵᠢᠯ ᠤᠨ ᠴᠡᠪᠡᠷ ᠣᠷᠣᠯᠭ᠎ᠠ ᠨᠢ 97.5 ᠲᠦᠮᠡᠨ ᠲᠦᠭᠦᠷᠢᠭ ᠲᠤ ᠬᠦᠷᠦᠭᠰᠡᠨ ᠶᠤᠮ᠃ ᠡᠨᠡ ᠮᠡᠳᠦ ᠪᠠᠷ ᠯᠢ ᠰᠦᠩ ᠪᠢᠨ ᠨᠦᠬᠦᠷ ᠤᠨ ᠬᠠᠪᠰᠣᠷᠣᠯᠭ᠎ᠠ ᠲᠡᠮᠵᠢᠯᠭᠡ ᠪᠠᠷ ᠠᠵᠤ ᠠᠮᠢᠳᠣᠷᠠᠯ ᠨᠢ ᠴᠢᠨᠡᠯᠢᠭᠵᠢᠭᠰᠡᠨ ᠦᠯᠢᠭᠡᠷ ᠵᠢᠱᠢᠶ᠎ᠡ ᠲᠤᠩ ᠣᠯᠠᠨ ᠪᠠᠶᠢᠳᠠᠭ᠃ ᠲᠡᠬᠦᠨ ᠤ ᠡᠳᠡᠭᠡᠷ ᠶᠠᠯᠢᠮ ᠦᠭᠡᠶᠢᠬᠡᠨ ᠦᠢᠯᠡ ᠠᠵᠢᠯᠯᠠᠭ᠎ᠠ ᠨᠢ ᠮᠠᠯᠴᠢᠳ ᠤᠨ ᠠᠰᠢᠭ ᠣᠷᠣᠯᠭ᠎ᠠ ᠶᠢ ᠨᠡᠮᠡᠭᠳᠡᠬᠦᠯᠵᠦ ᠴᠢᠳᠠᠭᠰᠠᠨ ᠪᠠᠷ ᠪᠠᠷᠠᠬᠤ ᠦᠭᠡᠢ ᠲᠤᠰ ᠭᠠᠴᠠᠭᠠᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠬᠦᠯᠬᠦ ᠳᠤ ᠶᠡᠬᠡᠬᠡᠨ ᠬᠡᠮᠵᠢᠶᠡᠨ ᠤ ᠲᠦᠯᠬᠢᠴᠡ ᠬᠦᠴᠦᠨ ᠤ ᠦᠢᠯᠡᠳᠦᠯ ᠦᠵᠡᠬᠦᠯᠵᠦ ᠢᠷᠡᠭᠰᠡᠨ ᠶᠤᠮ᠃      ᠬᠦᠬᠡᠨ᠋ᠦ᠋ᠨᠳᠦᠷ ᠭᠠᠴᠠᠭ᠎ᠠ ᠪᠤᠯ ᠮᠠᠨ ᠤ ᠣᠷᠣᠨ ᠤ ᠲᠦᠭ ᠲᠦᠮᠡᠨ ᠭᠠᠴᠠᠭ᠎ᠠ ᠲᠤᠰᠬᠤᠨ ᠤ ᠲᠤᠮᠳᠠᠬᠢ ᠡᠩ  ᠤᠨ ᠵᠢᠷ ᠤᠨ ᠨᠢᠭᠡᠨ ᠭᠠᠴᠠᠭ᠎ᠠ ᠪᠤᠯᠤᠨ᠎ᠠ᠃ ᠠᠳᠡ ᠠᠴᠠ ᠬᠠᠭᠤᠴᠢᠨ ᠪᠠᠷᠭᠤ ᠶᠢᠨ ᠲᠠᠯ᠎ᠠ ᠨᠣᠳᠤᠭ  ᠲᠤ ᠬᠢ ᠵᠤᠯ ᠵᠢᠷᠭᠠᠯᠳᠣ ᠠᠮᠢᠳᠣᠷᠠᠯ ᠢᠶᠠᠨ ᠴᠣᠭᠴᠠᠯᠠᠵᠤ ᠪᠠᠶᠢᠭ᠎ᠠ ᠬᠦᠳᠡᠭᠡ ᠲᠤᠰᠬᠤᠨ ᠤ ᠮᠠᠯᠴᠢᠳ ᠤᠨ ᠪᠠᠶᠡᠷ ᠪᠠᠭ᠋ᠠᠳᠣᠯᠳᠣ ᠠᠮᠢᠳᠣᠷᠠᠯ ᠢ ᠣᠶᠢᠯᠠᠭᠠᠵᠤ ᠪᠤᠯᠳᠠᠭ᠃ ᠬᠢᠯᠢ ᠬᠢᠵᠠᠭᠠᠷ ᠣᠷᠣᠨ ᠳᠤ ᠠᠨᠠᠷ ᠤᠨ ᠦᠷ᠎ᠡ ᠰᠢᠭ ᠨᠢᠭᠳᠠᠷᠠᠨ ᠪᠦᠯᠬᠦᠮᠳᠡᠵᠦ ᠪᠠᠶᠢᠭ᠎ᠠ ᠡᠯ᠎ᠡ ᠦᠨᠳᠦᠰᠦᠳᠡᠨ ᠤ ᠠᠷᠠᠳ ᠲᠦᠮᠡᠨ ᠤ ᠵᠤᠪᠠᠯ ᠵᠢᠷᠭᠠᠯ᠂ ᠠᠯᠳᠠᠷ ᠭᠤᠳᠣᠮᠰᠢᠭ᠂ ᠬᠤᠪᠢ ᠵᠠᠶᠠᠭ᠎ᠠ ᠪᠠᠨ ᠬᠠᠮᠳᠣᠳᠬᠠᠵᠤ ᠪᠠᠶᠢᠭ᠎ᠠ ᠦᠨᠡᠨ ᠪᠤᠳᠠᠳᠣ ᠠᠮᠢᠳᠣᠷᠠᠯ ᠤᠨ ᠬᠡᠪ ᠲᠦᠷᠰᠦ  ᠶᠢ ᠰᠢᠨᠵᠢᠵᠦ ᠪᠤᠯᠳᠠᠭ᠃ ᠨᠡᠩ ᠴᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠣ ᠣᠯᠣᠰ ᠤᠨ ᠣᠨᠴᠠᠯᠢᠭ  ᠲᠠᠢ ᠨᠡᠶᠢᠭᠡᠮ ᠵᠢᠷᠦᠮ  ᠤᠨ ᠦᠵᠡᠯ ᠰᠠᠨᠠᠭᠠᠨ ᠤ ᠵᠢᠯᠤᠭᠤᠳᠣᠯᠭ᠎ᠠ ᠲᠤᠤᠷ᠎ᠠ᠂ ︿︿ᠵᠢᠱᠢᠶᠡᠴᠢ ᠦᠪᠡᠷᠳᠡᠭᠡᠨ ᠵᠠᠰᠠᠬᠤ ᠣᠷᠣᠨ﹀﹀ ᠢᠶᠠᠨ  ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ ᠪᠠᠶᠢᠭ᠎ᠠ ᠦᠪᠦᠷ ᠮᠤᠩᠭᠤᠯ ᠤᠨ ᠠᠷᠠᠳ ᠲᠦᠮᠡᠨ ᠤ  ᠴᠤᠮᠬᠠᠳᠬᠠᠯ ᠵᠢᠷᠤᠭ ᠢ ᠬᠦᠨᠵᠡᠭᠡᠢ ᠬᠠᠷᠠᠭᠤᠯᠵᠤ    ᠪᠠᠶᠢᠭ᠎ᠠ ᠶᠤᠮ ᠃  ᠵᠣᠬᠢᠶᠠᠭᠴᠢ ᠶᠢᠨ ᠬᠠᠶ᠋ᠢᠭ᠄ ᠬᠦᠯᠦᠨ ᠪᠤᠶᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠨᠠᠮ ᠤᠨ ᠰᠣᠷᠭᠠᠭᠤᠯᠢ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号