ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2023 | ᠣᠨ ᠤ ᠪᠥᠬᠦ ᠣᠷᠣᠨ ᠤ ᠨᠡᠶᠢᠭᠡᠮ ᠤᠨ ᠲᠤᠰᠠᠯᠠᠮᠵᠢ ᠶᠢᠨ ᠪᠠᠷᠢᠮᠵᠢᠶ᠎ᠠ ᠶᠢ ᠨᠡᠶᠢᠲᠡᠯᠡᠵᠦ᠂ 2023 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ᠂ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ᠂ ᠣᠨᠴᠠ | ᠬᠦᠴᠢᠷᠳᠡᠯᠲᠡᠢ ᠬᠥᠮᠥᠰ ᠢ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠵᠦ᠂ ᠪᠥᠬᠦ ᠣᠷᠣᠨ ᠤ | ᠡᠯ᠎ᠡ ᠭᠠᠵᠠᠷ ᠤᠨ ᠬᠤᠲᠠ ᠬᠥᠳᠡᠭᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠪᠠ᠃ | 2023 ᠣᠨ ᠳᠤ᠂ ᠪᠥᠬᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠨᠢ ᠲᠣᠰ ᠲᠣᠰ 840 ᠲᠥᠭᠦᠷᠢᠭ / ᠰᠠᠷ᠎ᠠ᠂ 670 ᠲᠥᠭᠦᠷᠢᠭ / | ᠰᠠᠷ᠎ᠠ ᠳᠤ ᠬᠦᠷᠴᠦ᠂ 2022 ᠣᠨ ᠤ ᠬᠢ ᠠᠴᠠ ᠲᠣᠰ ᠲᠣᠰ 27 ᠲᠥᠭᠦᠷᠢᠭ / ᠰᠠᠷ᠎ᠠ᠂ 60 ᠲᠥᠭᠦᠷᠢᠭ / | ᠰᠠᠷ᠎ᠠ ᠨᠡᠮᠡᠭᠳᠡᠵᠦ᠂ ᠪᠥᠬᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠨᠢ ᠠᠳᠠᠯᠢ ᠬᠤᠭᠤᠴᠠᠭᠠᠨ ᠤ ᠬᠢ ᠠᠴᠠ ᠳᠤᠮᠳᠠᠴᠢ ᠪᠠᠷ 6.6% ᠪᠠᠷ ᠨᠡᠮᠡᠭᠳᠡᠵᠦ᠂ ᠬᠥᠳᠡᠭᠡ ᠲᠣᠰᠬᠤᠨ | ᠮᠠᠯᠵᠢᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢᠨ ᠬᠤᠲᠠ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠳᠤ ᠬᠢ ᠡᠵᠡᠯᠡᠬᠦ ᠬᠠᠷᠢᠴᠠᠯ ᠨᠢ 79. | 8% ᠳᠤ ᠬᠥᠷᠪᠡ᠃ ᠪᠥᠬᠦ ᠣᠷᠣᠨ ᠤ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ | ᠠᠮᠢᠳᠤᠷᠠᠯ ᠤᠨ ᠳᠤᠮᠳᠠᠴᠢ ᠪᠠᠷᠢᠮᠵᠢᠶ᠎ᠠ ᠨᠢ ᠲᠣᠰ ᠲᠣᠰ 1380 ᠲᠥᠭᠦᠷᠢᠭ / ᠰᠠᠷ᠎ᠠ᠂ 1020 ᠲᠥᠭᠦᠷᠢᠭ / | ᠰᠠᠷ᠎ᠠ ᠳᠤ ᠬᠦᠷᠴᠦ᠂ 2022 ᠣᠨ ᠤ ᠬᠢ ᠠᠴᠠ ᠲᠣᠰ ᠲᠣᠰ 22 ᠲᠥᠭᠦᠷᠢᠭ / ᠰᠠᠷ᠎ᠠ᠂ 81 ᠲᠥᠭᠦᠷᠢᠭ / | ᠰᠠᠷ᠎ᠠ ᠨᠡᠮᠡᠭᠳᠡᠵᠦ᠂ ᠪᠥᠬᠦ ᠣᠷᠣᠨ ᠤ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ | ᠠᠮᠢᠳᠤᠷᠠᠯ ᠤᠨ ᠪᠠᠷᠢᠮᠵᠢᠶ᠎ᠠ ᠨᠢ ᠠᠳᠠᠯᠢ ᠬᠤᠭᠤᠴᠠᠭᠠᠨ ᠤ ᠬᠢ ᠠᠴᠠ ᠳᠤᠮᠳᠠᠴᠢ ᠪᠠᠷ 5.1% ᠪᠠᠷ ᠨᠡᠮᠡᠭᠳᠡᠪᠡ᠃ | ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠣᠨᠴᠠ ᠬᠦᠴᠢᠷᠳᠡᠯᠲᠡᠢ | ᠬᠥᠮᠥᠰ ᠤᠨ ᠬᠠᠷᠠᠭᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ ᠨᠢ 495 ᠲᠥᠭᠦᠷᠢᠭ / ᠰᠠᠷ᠎ᠠ ᠳᠤ ᠬᠦᠷᠴᠦ᠂ | ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠣᠨᠴᠠ ᠬᠦᠴᠢᠷᠳᠡᠯᠲᠡᠢ ᠬᠥᠮᠥᠰ ᠤᠨ | ᠬᠠᠷᠠᠭᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ ᠨᠢ 1266 ᠲᠥᠭᠦᠷᠢᠭ / ᠰᠠᠷ᠎ᠠ ᠳᠤ ᠬᠥᠷᠪᠡ᠃ | ᠪᠥᠬᠦ ᠣᠷᠣᠨ ᠤ ᠨᠡᠶᠢᠭᠡᠮ ᠤᠨ ᠲᠤᠰᠠᠯᠠᠮᠵᠢ ᠶᠢᠨ ᠬᠤᠲᠠ ᠬᠥᠳᠡᠭᠡ ᠶᠢᠨ ᠨᠢᠭᠡᠳᠦᠯᠲᠡᠢ ᠲᠥᠯᠥᠪᠯᠡᠭᠡ ᠶᠢ | ᠲᠦᠷᠭᠡᠳᠬᠡᠬᠦ ᠶᠢᠨ ᠲᠤᠰᠠᠳᠠ᠂ 2023 ᠣᠨ ᠳᠤ ᠠᠯᠠᠱᠠ ᠠᠶᠢᠮᠠᠭ ᠢ ᠪᠥᠬᠦ ᠣᠷᠣᠨ ᠤ ᠠᠶᠢᠮᠠᠭ ᠬᠤᠲᠠ ᠶᠢᠨ | ᠱᠠᠲᠤᠨ ᠤ ᠨᠡᠶᠢᠭᠡᠮ ᠤᠨ ᠲᠤᠰᠠᠯᠠᠮᠵᠢ ᠶᠢᠨ ᠬᠤᠲᠠ ᠬᠥᠳᠡᠭᠡ ᠶᠢᠨ ᠨᠢᠭᠡᠳᠦᠯᠲᠡᠢ ᠲᠥᠯᠥᠪᠯᠡᠭᠡ ᠶᠢᠨ ᠲᠤᠷᠰᠢᠯᠲᠠ ᠶᠢᠨ | ᠴᠡᠭ ᠪᠣᠯᠭᠠᠬᠤ ᠪᠠᠷ ᠲᠣᠭᠲᠠᠭᠠᠵᠤ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ᠂ ᠬᠥᠯᠥᠨ ᠪᠤᠶᠢᠷ | ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠠ ᠣᠷᠳᠣᠰ ᠬᠤᠲᠠ ᠶᠢᠨ ᠳ᠋ᠦᠩᠱᠧᠩ ᠲᠣᠭᠤᠷᠢᠭ᠂ | ᠣᠲᠤᠭ ᠬᠤᠰᠢᠭᠤ ᠶᠢ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠨᠡᠶᠢᠭᠡᠮ ᠤᠨ ᠲᠤᠰᠠᠯᠠᠮᠵᠢ ᠶᠢᠨ ᠬᠤᠲᠠ | ᠬᠥᠳᠡᠭᠡ ᠶᠢᠨ ᠨᠢᠭᠡᠳᠦᠯᠲᠡᠢ ᠲᠥᠯᠥᠪᠯᠡᠭᠡ ᠶᠢᠨ ᠲᠤᠷᠰᠢᠯᠲᠠ ᠶᠢᠨ ᠴᠡᠭ ᠪᠣᠯᠭᠠᠬᠤ ᠪᠠᠷ ᠲᠣᠭᠲᠠᠭᠠᠪᠠ᠃ ᠣᠳᠣ | ᠪᠣᠯᠲᠠᠯ᠎ᠠ᠂ ᠪᠥᠬᠦ ᠣᠷᠣᠨ ᠤ 44 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠨᠢᠭᠡᠨᠲᠡ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠬᠤᠲᠠ | ᠬᠥᠳᠡᠭᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠬᠦᠴᠢᠷᠳᠡᠯᠲᠡᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ | ᠠᠮᠤᠭᠤᠯᠠᠩ ᠲᠥᠷᠥᠭᠳᠡᠯ ᠢ ᠤᠯᠠᠮ ᠨᠢᠭᠡ ᠠᠯᠬᠤᠮ ᠴᠢᠩᠭᠠᠳᠬᠠᠪᠠ᠃ | |