ᠠᠷᠠᠳ ᠤᠨ ᠶᠠᠪᠤᠳᠠᠯ ᠤᠨ ᠲᠢᠩᠬᠢᠮ ᠤᠨ ᠬᠢᠨ ︽ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠵᠤ ᠰᠡᠳᠬᠢᠯ ᠵᠢᠷᠤᠬᠡ ᠨᠠᠮ ᠤᠨ  ᠢᠶᠠᠨ ᠵᠦᠭ ᠴᠤᠬᠢᠯᠠᠵᠤ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠭᠠᠪᠢᠶ᠎ᠠ ᠪᠠᠶᠢᠭᠤᠯᠬᠤ︾ ᠪᠦᠬᠦ ᠣᠷᠣᠨ ᠤ ᠠᠷᠠᠳ ᠤᠨ ᠶᠠᠪᠤᠳᠠᠯ ᠤᠨ  ᠰᠢᠰᠲ᠋ᠧᠮ ᠤᠨ ᠭᠤᠣᠯ ᠰᠡᠳᠦᠪᠲᠦ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/9/27
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ 《ᠲᠠᠪᠤᠨ ᠶᠡᠭᠡ ᠡᠭᠦᠷᠭᠡ》 ᠶᠢ ᠪᠡᠶᠡᠯᠡᠬᠦᠯᠬᠦ ᠶᠢ ᠠᠬᠢᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ 《ᠬᠤᠶᠠᠷ ᠶᠡᠭᠡ ᠶᠠᠪᠤᠳᠠᠯ 》 ᠢ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠤ ᠠᠵᠢᠯ ᠳᠤ ᠨᠢᠮᠪᠠᠢ ᠨᠠᠶᠢᠳᠠᠪᠤᠷᠢᠵᠢᠭᠤᠯᠬᠤ ᠶᠢᠨ ᠲᠦᠯᠤᠬᠡ᠂ ᠦᠪᠡᠷᠳᠡᠬᠡᠨ ᠵᠠᠰᠠᠬᠤ ᠤᠷᠤᠨ  ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 7 ᠰᠠᠷ᠎ᠠ ᠶᠢᠨ 13  ᠤ ᠡᠳᠦᠷ  ︽ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠵᠤ ᠰᠡᠳᠬᠢᠯ ᠵᠢᠷᠤᠬᠡ ᠨᠠᠮ ᠤᠨ ᠵᠦᠭ ᠴᠤᠬᠢᠯᠠᠵᠤ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠭᠠᠪᠢᠶ᠎ᠠ ᠪᠠᠶᠢᠭᠤᠯᠬᠤ︾ ᠪᠠᠷ ᠭᠤᠣᠯ ᠰᠡᠳᠦᠪ  ᠪᠤᠯᠭᠠᠬᠰᠠᠨ᠂ ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠵᠤ᠂ ᠪᠦᠬᠦ ᠣᠷᠣᠨ ᠤ ᠡᠯ᠎ᠡ ᠠᠶᠢᠮᠠᠭ ᠤᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠤᠯᠤᠨ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ 15 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠤᠷᠤᠯᠴᠠᠬᠰᠠᠨ ᠪᠠᠶᠢᠨ᠎ᠠ᠃    ᠭᠤᠣᠯ ᠰᠡᠳᠦᠪᠲᠦ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠢ ᠪᠡᠯᠡᠳᠬᠡᠯ ᠤᠷᠤᠯᠳᠤᠭᠠᠨ᠂ ᠠᠩᠬᠠᠨ ᠤ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠭᠡᠵᠦ ᠭᠤᠷᠪᠠᠨ ᠱᠠᠲᠤ  ᠬᠤᠪᠢᠶᠠᠵᠤ ᠶᠠᠪᠤᠬᠳᠠᠭᠤᠯᠤᠬᠰᠠᠨ ᠶᠤᠮ᠃ ᠤᠷᠤᠯᠳᠤᠭᠠᠨ ᠠᠴᠠ ᠡᠮᠦᠨ᠎ᠡ᠂ ᠠᠷᠠᠳ ᠤᠨ ᠶᠠᠪᠤᠳᠠᠯ ᠤᠨ ᠲᠢᠩᠬᠢᠮ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨ ᠤ ᠲᠣᠭᠲᠠᠭᠠᠭᠰᠠᠨ ᠰᠤᠷᠤᠯᠴᠠᠬᠤ ᠨᠣᠮ ᠤᠨ ᠭᠠᠷᠴᠠᠭ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠪᠣᠯᠣᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠤᠷᠤᠯᠳᠤᠭᠠᠨ ᠤ ᠰᠡᠳᠦᠪ ᠤᠨ ᠬᠥᠮᠥᠷᠭᠡ ᠶᠢ ᠨᠢᠮᠪᠠᠢ ᠨᠠᠶᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠳᠤ ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠭᠠᠷᠭᠠᠬᠰᠠᠨ ᠪᠢᠯᠨ᠃      ᠪᠡᠯᠡᠳᠬᠡᠯ ᠤᠷᠤᠯᠳᠤᠭᠠᠨ ᠪᠠ ᠠᠩᠬᠠᠨ ᠤ ᠤᠷᠤᠯᠳᠤᠭᠠᠨ ᠢᠶᠠᠷ ᠳᠠᠮᠵᠢᠨ ᠰᠢᠢᠳᠪᠦᠷᠢᠲᠦ ᠤᠷᠤᠯᠳᠤᠭᠠᠨ ᠳᠤ ᠤᠷᠤᠯᠴᠠᠬᠤ ᠡᠷᠬᠡ ᠶᠢ ᠤᠯᠤᠬᠰᠠᠨ 8 ᠲᠥᠯᠥᠭᠡᠯᠡᠭᠴᠢᠳ ᠤᠨ ᠠᠩᠭᠢ ᠶᠢᠨ ᠬᠢᠨ ︽ᠵᠣᠷᠢᠭᠰᠠᠨ ᠳᠤ ᠪᠠᠨ ᠬᠦᠷᠬᠦ︾ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ︾ ︽ᠡᠷᠡᠯᠬᠡᠭᠯᠡᠨ ᠤᠷᠤᠭᠰᠢᠯᠠᠬᠤ︾ ︽ᠬᠠᠷᠰᠢ ᠰᠠᠭᠠᠳ ᠢ ᠢᠯᠠᠨ ᠳᠠᠪᠠᠭ᠋ᠤ︾ ᠵᠡᠷᠭᠡ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂  ᠦᠪᠡᠷᠳᠡᠬᠡᠨ ᠵᠠᠰᠠᠬᠤ ᠤᠷᠤᠨ  ᠤ ᠠᠷᠠᠳ ᠤᠨ ᠶᠠᠪᠤᠳᠠᠯ ᠤᠨ ᠲᠢᠩᠬᠢᠮ ᠤᠨ ᠰᠢᠭᠤᠳ ᠬᠠᠷᠢᠶ᠎ᠠ ᠨᠢᠬᠡᠴᠢ ᠪᠤᠯᠬᠤ ᠠᠰᠠᠷᠠᠮᠵᠢ ᠶᠢᠨ  ᠱᠠᠩᠨᠠᠯᠳᠤ ᠰᠤᠭᠤᠯᠤᠭ᠎ᠠ ᠶᠢᠨ ᠲᠥᠪ ᠤᠨ ᠲᠥᠯᠥᠭᠡᠯᠡᠭᠴᠢᠳ ᠤᠨ ᠠᠩᠭᠢ ᠮᠡᠳᠡᠯᠭᠡ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠦᠷᠳᠡᠵᠤ᠂ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠲᠥᠯᠥᠭᠡᠯᠡᠭᠴᠢᠳ ᠤᠨ ᠠᠩᠭᠢ᠂ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠲᠡᠰ  ᠲᠤ ᠲᠤᠳᠤᠷᠠᠨ᠂ ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠢ ᠬᠦᠷᠳᠡᠬᠡᠳ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠲᠥᠯᠥᠭᠡᠯᠡᠭᠴᠢᠳ ᠤᠨ ᠠᠩᠭᠢ᠂ ᠪᠠᠶᠠᠨᠨᠠᠭᠤᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠪᠤᠯᠤᠨ ᠡᠷᠢᠶᠡᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠰᠢᠯᠢᠳᠡᠭ ᠱᠠᠩᠨᠠᠯ ᠢᠶᠠᠷ ᠡᠩᠭᠡᠷ ᠢᠶᠠᠨ ᠮᠢᠯᠢᠶᠠᠯᠭᠠᠯ᠎ᠠ᠃   ᠲᠣᠰ ᠭᠤᠣᠯ ᠰᠡᠳᠦᠪᠲᠦ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠨᠢ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠲᠡᠢ ᠬᠦᠷᠢᠶᠡᠯᠡᠯ ᠢ ᠤᠯᠤᠬᠰᠠᠨ ᠢᠶᠠᠷ ᠲᠡᠳᠡ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠣᠨᠣᠯ ᠤᠨ ᠲᠦᠪᠰᠢᠨ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠳᠠᠷᠠᠭᠠᠴᠢ ᠪᠠᠷ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠠᠵᠢᠯᠯᠠᠭ᠎ᠠ ᠠᠪᠴᠤ᠂ ᠪᠣᠳᠠᠲᠤ ᠦᠷ᠎ᠡ ᠪᠦᠲᠦᠮᠵᠢ ᠶᠢ  ᠡᠷᠬᠢᠮᠯᠡᠬᠦ ᠪᠤᠯᠤᠨ᠎ᠠ᠃ ᠮᠥᠨ ᠲᠣᠭᠲᠠᠭᠰᠠᠨ ᠬᠦᠳᠡᠯᠬᠡᠬᠡᠨ ᠢ ᠬᠤᠪᠢᠷᠠᠭᠤᠯᠬᠤ ᠦᠭᠡᠢ᠂  ᠦᠪᠡᠷᠲᠡᠭᠡᠨ ᠰᠤᠩᠭᠤᠬᠤ ᠬᠦᠳᠡᠯᠬᠡᠬᠡᠨ ᠢ ᠥᠪᠡᠷᠮᠢᠴᠡ ᠣᠨᠴᠠᠯᠢᠭ ᠲᠠᠢ᠂ ᠰᠢᠨ᠎ᠡ ᠬᠦᠳᠡᠯᠬᠡᠬᠡᠨ ᠢᠶᠠᠷ ᠭᠢᠯᠠᠰ ᠴᠡᠭ ᠲᠠᠢ ᠪᠣᠯᠭᠠᠵᠤ᠂ ᠭᠤᠣᠯ ᠰᠡᠳᠦᠪᠲᠦ ᠬᠥᠮᠦᠵᠢᠯ ᠠᠴᠠ ᠡᠬᠦᠳᠦᠭᠰᠡᠨ ᠴᠤᠭ ᠵᠢᠪᠬᠤᠭ᠎ᠠ᠂  ᠨᠢᠭᠲᠠᠷᠠᠭᠤᠯᠤᠭᠰᠠᠨ ᠵᠦᠪ ᠡᠨᠧᠷᠬᠢ᠂ ᠢᠯᠡᠷᠡᠭᠦᠯᠦᠭᠰᠡᠨ ᠰᠠᠶᠢᠨ ᠰᠤᠷᠲᠠᠯ ᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠪᠣᠯᠭᠠᠨ ᠂ ᠳᠡᠰ ᠳᠡᠪᠰᠢᠬᠦ ᠶᠢ ᠲᠤᠪᠤᠶᠢᠯᠭᠠᠵᠦ᠂ ᠰᠡᠳᠬᠢᠯ ᠢᠶᠠᠨ ᠨᠢᠭᠲᠠᠷᠠᠭᠤᠯᠵᠤ ᠬᠦᠴᠦᠨ ᠢᠶᠠᠨ ᠬᠠᠮᠳᠤᠳᠬᠠᠵᠤ ᠪᠠᠶᠢᠭᠠᠳ 《ᠬᠤᠶᠠᠷ ᠶᠡᠭᠡ ᠶᠠᠪᠤᠳᠠᠯ 》 ᠢ ᠰᠠᠶᠢᠲᠤᠷ ᠠᠳᠬᠤᠬᠤ ᠳᠤᠮᠳᠠ ᠠᠷᠠᠳ ᠤᠨ ᠶᠠᠪᠤᠳᠠᠯ ᠤᠨ ᠬᠢᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠦᠡᠭᠭᠡ ᠲᠦᠷᠰᠤ ᠶᠢ ᠨᠡᠩ ᠰᠠᠶᠢᠲᠤᠷ ᠢᠯᠡᠷᠡᠭᠦᠯᠵᠦ᠂ ᠠᠷᠠᠳ ᠤᠨ ᠶᠠᠪᠤᠳᠠᠯ ᠤᠨ ᠦᠢᠯᠡᠰ ᠤᠨ  ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ᠃   ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠴᠧᠩ ᠮᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠱᠤᠸᠠᠩ ᠽᠦᠸᠧ ᠪᠤᠯᠤᠨ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ  ᠤᠨ ᠲᠤᠪᠴᠢᠶ᠎ᠠ ᠶᠢᠨ ᠲᠥᠯᠥᠭᠡᠯᠡᠭᠴᠢ᠂ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠰᠢᠢᠳᠪᠦᠷᠢᠲᠦ ᠤᠷᠤᠯᠳᠤᠭᠠᠨ ᠢ ᠰᠣᠨᠢᠷᠬᠠᠪᠠ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号