ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ ᠪᠤᠭᠤᠲᠤ ᠬᠤᠲᠠ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ  ᠲᠤᠰᠠᠯᠠᠮᠵᠢ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/27
   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ ᠨᠠᠷ 7 ᠳ᠋ᠤᠭᠠᠷ ᠰᠠᠷ᠎ᠠ ᠶᠢᠨ 7 ᠤ ᠡᠳᠦᠷ  ᠪᠤᠭᠤᠲᠤ ᠬᠤᠲᠠ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠲᠤᠰᠠᠯᠠᠮᠵᠢ ᠶᠢᠨ ᠠᠵᠢᠯ ᠳᠤ ᠪᠠᠶᠢᠴᠠᠭᠠᠨ ᠰᠤᠳᠤᠯᠪᠠ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠴᠧᠩ ᠮᠢᠨ᠂ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠳᠠᠳ ᠬᠠᠮᠳᠤ ᠪᠠᠶᠢᠴᠠᠭᠠᠨ ᠰᠤᠳᠤᠯᠤᠬᠰᠠᠨ ᠪᠠᠶᠢᠨ᠎ᠠ᠃   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠪᠠᠶᠢᠭᠤᠯᠤᠮᠵᠢ ᠪᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠾᠦᠢ ᠳ᠋ᠧ ᠨᠠᠰᠤᠲᠠᠶᠢᠴᠤᠳ ᠤᠨ ᠶᠡᠷᠦᠩᠬᠡᠶᠢᠯᠡᠭᠰᠡᠨ ᠰᠤᠪᠢᠯᠠᠯᠲᠠ ᠶᠢᠨ ᠬᠦᠷᠢᠶᠡᠯᠡᠩ ᠳᠤ ᠰᠤᠪᠢᠯᠠᠯᠲᠠ ᠶᠢᠨ ᠬᠦᠷᠢᠶᠡᠯᠡᠩ ᠤᠨ ᠴᠢᠳᠠᠮᠵᠢ ᠶᠢᠨ ᠲᠣᠬᠢᠷᠠᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠪᠠ ᠬᠡᠯᠬᠢᠶᠡᠵᠢᠭᠦᠯᠦᠨ ᠡᠵᠡᠩᠨᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ  ᠤᠶᠢᠯᠠᠭᠠᠪᠠ᠃ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂  ᠠᠷᠪᠠᠨ ᠭᠤᠷᠪᠠᠨ ᠭᠡᠷ ᠵᠡᠬᠡᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠳᠤ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠲᠦᠬᠦᠬᠡᠷᠤᠮᠵᠢ ᠶᠢᠨ ᠴᠢᠳᠠᠮᠵᠢ ᠶᠢ ᠪᠠᠳᠠᠷᠠᠭᠤᠯᠤᠭᠰᠠᠨ᠂ ᠦᠢᠯᠡᠴᠢᠯᠡᠭᠡᠨ ᠤ ᠬᠠᠩᠭᠠᠯᠭ᠎ᠠ ᠪᠠ ᠨᠠᠰᠤᠲᠠᠶᠢᠴᠤᠳ ᠤᠨ ᠬᠤᠭᠤᠯᠠᠨ ᠭᠡᠷ ᠤᠨ ᠡᠵᠡᠩᠨᠡᠯᠲᠡ ᠶᠢ ᠰᠤᠳᠤᠯᠤᠨ ᠪᠠᠶᠢᠴᠠᠭᠠᠪᠠ᠃ ᠪᠤᠭᠤᠲᠤ ᠬᠤᠲᠠ ᠶᠢᠨ ᠣᠶᠤᠨᠲᠤ ᠨᠠᠰᠤᠵᠢᠯ ᠤᠨ ᠦᠢᠯᠡᠴᠢᠯᠡᠭᠡᠨ ᠤ ᠲᠥᠪ ᠲᠤ ᠨᠠᠰᠤᠵᠢᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠤ᠂ ᠴᠢᠯᠦᠭᠡᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠤᠸᠠᠢ ᠶᠤᠸᠠᠨ ᠨᠡᠶᠢᠭᠡᠮ ᠲᠣᠭᠤᠷᠢᠭ ᠲᠤ ᠨᠡᠶᠢᠭᠡᠮ ᠤᠨ ᠲᠤᠰᠠᠯᠠᠮᠵᠢ᠂《ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ》 ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠴᠢᠩᠱᠠᠨ ᠲᠣᠭᠤᠷᠢᠭ ᠤᠨ ᠤᠷᠤᠭ ᠤᠨ ᠰᠣᠶᠣᠯ ᠤᠨ ᠠᠭᠤᠳᠠᠮ ᠲᠠᠯᠠᠪᠠᠢ ᠳᠤ ᠤᠷᠤᠭ ᠤᠨ ᠵᠠᠩᠰᠢᠯ ᠤᠨ ᠥᠭᠡᠷᠡᠴᠢᠯᠡᠯᠲᠡ᠂ ᠤᠷᠤᠭ ᠤᠨ ᠵᠠᠩᠰᠢᠯ ᠤᠨ ᠰᠣᠶᠣᠯ ᠤᠨ ᠪᠠᠶᠢᠭᠤᠯᠤᠯᠲᠠ ᠶᠢ ᠣᠶᠢᠯᠠᠭᠠᠪᠠ᠃    ᠲᠢᠩᠭᠢᠮ ᠤᠨ ᠤᠳᠤᠷᠢᠳᠤᠯᠭ᠎ᠠ ᠴᠢᠬᠤᠯᠠᠴᠢᠯᠠᠭᠰᠠᠨ ᠨᠢ᠂  ᠰᠢ ᠶᠢᠨ ᠫᠢᠩ  ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠲᠠᠢ ᠤᠶᠠᠯᠳᠤᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠵᠢᠯ ᠤᠨ ᠳᠤᠲᠠᠭᠤᠳᠠᠯ  ᠢᠶᠠᠨ ᠨᠥᠬᠦᠪᠦᠷᠢᠯᠡᠵᠦ᠂ ᠠᠷᠠᠳ ᠤᠨ ᠠᠮᠢᠳᠤᠷᠠᠯ  ᠢ ᠤᠯᠠᠮ ᠪᠤᠶᠠᠨ ᠵᠢᠷᠭᠠᠯ ᠲᠠᠢ ᠪᠤᠯᠭᠠᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠡᠶ᠎ᠡ ᠳᠤ ᠪᠠᠨ ᠵᠦᠪ ᠦᠬᠡᠢ ᠪᠤᠶᠤ ᠪᠡᠶ᠎ᠡ ᠮᠠᠬᠠᠪᠤᠳ ᠤᠨ ᠴᠢᠳᠠᠮᠵᠢ ᠪᠠᠨ ᠬᠡᠰᠡᠭ ᠠᠯᠳᠠᠬᠰᠠᠨ ᠨᠠᠰᠤᠲᠠᠶᠢᠴᠤᠳ ᠢ ᠲᠤᠰᠬᠠᠢ ᠬᠠᠷᠠᠭᠠᠯᠵᠠᠨ ᠠᠰᠠᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠠᠬᠢᠭᠤᠯᠵᠤ᠂ ᠨᠠᠰᠤᠲᠠᠶᠢᠴᠤᠳ᠂ ᠢᠯᠠᠩᠭᠤᠶ᠎ᠠ ᠦᠳᠡᠬᠦᠰ ᠤᠨ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠲᠡᠭᠦᠯᠳᠡᠷᠵᠢᠭᠦᠯᠵᠦ᠂ ᠬᠥᠨᠳᠡᠯᠡᠨ ᠢᠶᠠᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠢᠶᠠᠩ ᠪᠠᠯᠭᠠᠰᠤ︶ ᠶᠢ ᠪᠦᠬᠦᠨ ᠢ ᠬᠠᠮᠤᠷᠬᠤ᠂ ᠭᠤᠯᠳᠤ  ᠪᠠ  ᠦᠢᠯᠡᠴᠢᠯᠡᠭᠡ ᠶᠢ ᠭᠡᠷ  ᠲᠤ ᠨᠢ ᠬᠦᠷᠬᠡᠬᠦ ᠬᠡᠷᠡᠭᠳᠡᠢ᠃ ᠬᠡᠷ ᠲᠤ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠭᠡᠷ ᠲᠤ ᠪᠠᠨ ᠰᠠᠭᠤᠭ᠎ᠠ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠤᠯᠠᠨ ᠶᠠᠩᠵᠤᠳᠤ ᠬᠡᠷᠡᠭᠴᠡᠭᠡ ᠶᠢ ᠬᠠᠨᠭ᠍ᠭᠠᠬᠤ ᠬᠡᠷᠡᠭᠳᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠬᠡᠳᠬᠡᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ︽ᠡᠴᠦᠰ ᠤᠨ ᠨᠢᠭᠡ ᠮᠧᠲᠷ︾  ᠢ ᠨᠠᠪᠲᠠᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠲᠤᠭᠤᠰᠢᠳᠠᠢ ᠪᠠᠶᠢᠴᠠᠭᠠᠬᠤ︾ ︽ᠨᠢᠭᠡ ᠰᠦᠯᠵᠢᠶ᠎ᠡ ᠪᠠᠷ  ᠲᠤᠭᠤᠰᠢᠳᠠᠢ ᠬᠦᠢᠴᠡᠳᠬᠡᠬᠦ︾ ᠶᠢ ᠪᠡᠶᠡᠯᠡᠭᠦᠯᠵᠦ᠂ ︽ᠬᠦᠷᠢᠶ᠎ᠡ ᠬᠠᠰᠢᠶ᠎ᠠ ᠦᠭᠡᠢ ᠨᠠᠰᠤᠲᠠᠨ ᠢ ᠠᠰᠠᠷᠠᠬᠤ ᠬᠦᠷᠢᠶᠡᠯᠡᠩ︾  ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠥᠭᠦᠮᠴᠢᠯᠡᠯᠲᠡ ᠶᠢ ᠪᠡᠶᠡᠯᠡᠭᠦᠯᠬᠦ ᠬᠡᠷᠡᠭᠲᠡᠢ᠃ ᠲᠡᠰ ᠲᠦᠷᠦᠯ ᠬᠤᠪᠢᠶᠠᠭᠰᠠᠨ ᠨᠡᠶᠢᠭᠡᠮ ᠤᠨ  ᠲᠤᠰᠠᠯᠠᠮᠵᠢ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠣᠷᠣᠯᠭ᠎ᠠ ᠪᠠᠭ᠎ᠠ ᠬᠦᠮᠦᠰ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠪᠠᠶᠢᠩᠭᠤ ᠶᠢᠨ ᠲᠤᠰᠠᠯᠠᠮᠵᠢ ᠶᠢ ᠴᠢᠩᠭᠠᠳᠬᠠᠵᠤ᠂ ︽ᠨᠠᠷᠢᠯᠢᠭ ᠬᠠᠮᠢᠶᠠᠷᠬᠤ᠂ ᠨᠠᠷᠢᠯᠢᠭ ᠦᠢᠯᠡᠴᠢᠯᠡᠬᠦ᠂ ᠤᠯᠠᠨ ᠡᠰᠢᠴᠢᠯᠡᠭᠰᠡᠨ  ᠲᠤᠰᠠᠯᠠᠮᠵᠢ ᠪᠠᠷ ᠬᠠᠯᠠᠭᠤᠨ ᠳᠤᠯᠠᠭᠠᠨ ᠢ ᠤᠯᠭᠤᠬᠤ︾ ᠨᠡᠶᠢᠭᠡᠮ ᠤᠨ ᠲᠤᠰᠠᠯᠠᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠶᠢ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠪᠠᠳᠤᠯᠠᠭ᠎ᠠ ᠴᠦ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃  ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠷᠤᠭ  ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠷᠤᠭ ᠲᠠᠩᠰᠠᠯᠠᠬᠤ ᠪᠠᠶᠢᠭᠤᠯᠤᠮᠵᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠣᠯᠪᠠᠰᠤᠨ ᠥᠭᠡᠳᠡᠷᠬᠡᠭ ᠤᠷᠤᠭ ᠤᠨ ᠵᠠᠩᠰᠢᠯ ᠢ ᠪᠤᠢ ᠪᠣᠯᠭᠠᠬᠤ ᠬᠡᠷᠡᠭᠲᠡᠢ᠃  ᠪᠤᠭᠤᠲᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠨᠥᠬᠦᠳ ᠬᠠᠮᠳᠤ ᠪᠠᠶᠢᠴᠠᠭᠠᠨ ᠰᠤᠳᠤᠯᠤᠬᠰᠨᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号