ᠮᠠᠨ ᠤ ᠣᠷᠣᠨ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/9/27
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠲᠠᠢ ᠬᠠᠮᠲᠤᠷᠠᠨ 7 ᠳ᠋ᠤᠭᠠᠷ ᠰᠠᠷ᠎ᠠ ᠶᠢᠨ 10 ᠤ ᠡᠳᠦᠷ ︽ᠪᠥᠬᠦ ᠣᠷᠣᠨ ᠤ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ︾ ᠭᠡᠬᠦ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 11 ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠬᠠᠢ ᠶᠢᠨ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃   ᠬᠤᠷᠠᠯ ᠠᠴᠠ ᠵᠢᠭᠠᠬᠰᠠᠨ ᠨᠢ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠤᠯᠢ ᠶᠣᠰᠣᠭᠠᠷ ᠴᠣᠬᠢᠯᠲᠠ ᠥᠭᠴᠦ  ᠴᠡᠭᠴᠡᠯᠡᠬᠦ ᠪᠣᠯ ᠨᠠᠮ ᠪᠣᠯᠣᠨ ᠤᠯᠤᠰ ᠤᠨ ᠢᠮᠠᠭᠲᠠ ᠶᠢᠨ ᠴᠢᠭᠯᠡᠯᠲᠡ ᠪᠣᠯᠣᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠳᠥᠷᠪᠡᠨ ᠤᠬᠠᠮᠰᠠᠷ︾ ᠢ ᠪᠠᠲᠤ ᠪᠠᠬᠢ ᠪᠤᠶ ᠪᠣᠯᠭᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ  ᠲᠤᠬᠳᠠᠭᠠᠬᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠤᠷᠴᠨ‌ᠡᠴᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠡᠷᠡᠰ  ᠶᠠᠪᠤᠬᠳᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠬᠦᠷᠢᠶ᠎ᠡ ᠴᠠᠷᠠᠭ᠎ᠠ ᠳᠤ ᠬᠢ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠶᠢᠴᠠᠭᠠᠨ ᠦᠵᠡᠵᠦ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠪᠠᠨ ᠢᠯᠡᠳᠬᠡᠬᠦ ᠬᠡᠷᠡᠭᠳᠡᠢ    ᠬᠤᠷᠠᠯ ᠠᠴᠠ ᠴᠢᠬᠤᠯᠠᠴᠢᠯᠠᠬᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠪᠤᠰᠤ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠬᠦ ᠲᠤᠬᠠᠢ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠦᠴᠦᠨ ᠢᠶᠠᠨ  ᠲᠦᠪᠯᠡᠷᠡᠬᠦᠯᠤᠨ ᠪᠠᠶᠢᠵᠤ  ᠦᠨᠳᠦᠰᠦ ᠠᠴᠠ ᠨᠢ ᠵᠠᠰᠠᠵᠤ᠂ ᠣᠨᠳᠣᠣ ᠰᠠᠨᠠᠭ᠎ᠠ ᠲᠠᠢ ᠪᠠᠶᠢᠭ᠎ᠠ ᠬᠥᠮᠥᠰ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠭ ᠢ ᠡᠷᠭᠦᠵᠦ ᠬᠠᠤᠯᠢ ᠶᠢ ᠵᠥᠷᠢᠴᠡᠵᠦ ᠰᠠᠬᠢᠯᠭ᠎ᠠ ᠶᠢ ᠰᠠᠮᠠᠭᠤᠷᠠᠭᠤᠯᠬᠤ ᠶᠠᠪᠤᠳᠠᠯ ᠦᠢᠯᠡᠳᠬᠦ ᠠᠴᠠ ᠰᠡᠷᠭᠡᠶᠢᠯᠡᠬᠦ ᠬᠡᠷᠡᠭᠲᠡᠢ᠃ ᠴᠣᠬᠢᠯᠲᠠ ᠥᠭᠬᠦ ᠭᠤᠣᠯᠳᠠᠯᠭ᠎ᠠ ᠪᠠᠨ ᠲᠤᠪᠤᠶᠢᠯᠭᠠᠵᠤ᠂ ᠴᠣᠬᠢᠯᠲᠠ ᠥᠭᠴᠦ  ᠴᠡᠭᠴᠡᠯᠡᠬᠦ ᠠᠵᠢᠯ ᠢ ᠬᠠᠨᠳᠤᠯᠭ᠎ᠠ ᠲᠠᠢ᠂ ᠤᠨᠤᠪᠴᠢᠳᠠᠢ ᠬᠢᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠨᠡᠶᠢᠭᠡᠮ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ᠂ ᠤᠯᠤᠰ ᠤᠨ ᠠᠮᠤᠷ ᠲᠦᠪᠰᠢᠨ ᠢ ᠰᠦᠷᠳᠡᠭᠦᠯᠦᠭᠰᠡᠨ ᠬᠠᠤᠯᠢ ᠪᠤᠰᠤ ᠪᠠᠶᠢᠳᠠᠯ ᠳᠤ ᠭᠤᠣᠯᠳᠠᠭᠤᠯᠵᠤ᠂ ᠴᠣᠬᠢᠯᠲᠠ ᠥᠭᠬᠦ ᠶᠣᠰᠣᠲᠠᠢ ᠶᠢ ᠨᠢ ᠪᠦᠬᠦᠨ ᠢ ᠴᠣᠬᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠣᠷᠣᠨ ᠵᠠᠢ ᠶᠢ ᠥᠨᠴᠥᠭ ᠪᠤᠯᠤᠩ  ᠦᠯᠡᠳᠡᠭᠡᠯ ᠦᠭᠡᠢ ᠪᠠᠷ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ᠃ ᠡᠭᠦᠷᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠴᠣᠬᠢᠯᠲᠠ ᠥᠭᠴᠦ ᠴᠡᠭᠴᠡᠯᠡᠬᠦ ᠪᠠᠷ ᠰᠦᠷᠳᠡᠬᠦᠯᠬᠦ ᠦᠢᠯᠡᠳᠤᠯ ᠦᠵᠡᠬᠦᠯᠵᠤ᠂  ᠡᠯ᠎ᠡ ᠰᠠᠯᠠᠭ᠎ᠠ ᠮᠥᠴᠢᠷ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ︽ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠬᠦ ᠠᠵᠢᠯ ᠤᠨ ᠲᠥᠰᠥᠯ︾ ᠶᠣᠰᠣᠭᠠᠷ ᠨᠢᠭᠲᠠ ᠴᠢᠩᠭ᠎ᠠ ᠵᠣᠬᠢᠶᠠᠨ ᠪᠠᠶᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠯᠬᠤᠮ ᠳᠠᠷᠠᠭ᠎ᠠ ᠲᠠᠢ ᠠᠬᠢᠭᠤᠯᠤᠨ᠂ ᠬᠠᠷᠢᠯᠴᠠᠨ ᠬᠠᠮᠵᠢᠯᠴᠠᠵᠤ᠂ ᠴᠣᠬᠢᠯᠲᠠ ᠥᠭᠬᠦ ᠬᠦᠴᠦᠷᠬᠡᠭ ᠶᠡᠭᠡ  ᠬᠠᠮ ᠬᠦᠴᠦᠨ ᠢ ᠪᠦᠷᠢᠯᠳᠦᠭᠦᠯᠬᠦ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠵᠢᠯ ᠢᠶᠠᠨ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ᠲᠢᠩᠬᠢᠮ ︵ᠲᠣᠪᠴᠢᠶ᠎ᠠ︶ ᠬᠤᠭᠤᠷᠣᠨᠳᠣᠬᠢ  ᠬᠤᠯᠪᠤᠭᠠᠲᠤ ᠬᠤᠷᠠᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ᠂ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢᠨ ᠬᠠᠷᠢᠭᠤᠴᠠᠯᠭᠠᠲᠤ ᠰᠠᠯᠠᠭ᠎ᠠ ᠮᠥᠴᠢᠷ ᠤᠨ ᠴᠢᠳᠠᠮᠠᠭᠠᠢ ᠴᠢᠨᠠᠷ ᠢ ᠭᠦᠢᠴᠡᠳ ᠳᠠᠶᠢᠴᠢᠯᠠᠨ᠂ ᠪᠠᠶᠢᠷᠢᠯᠠᠭᠤᠯᠤᠯᠲᠠ ᠲᠠᠢ᠂ ᠨᠠᠶᠢᠳᠠᠪᠤᠷᠢᠵᠢᠭᠤᠯᠤᠯᠲᠠ ᠲᠠᠢ᠂ ᠱᠠᠯᠠᠪᠳᠠᠭᠤᠯᠤᠯᠳᠠ ᠲᠠᠢ᠂ ᠳ᠋ᠦᠩᠨᠡᠯᠲᠡ ᠲᠠᠢ ᠪᠠᠶᠢᠬᠤ ᠬᠡᠷᠡᠭᠲᠡᠢ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠴᠣᠬᠢᠯᠲᠠ ᠥᠭᠴᠦ ᠴᠡᠭᠴᠡᠯᠡᠬᠦ ᠠᠵᠢᠯᠯᠠᠭ᠎ᠠ ᠶᠢᠨ ᠭᠡᠷᠡᠴᠢ ᠪᠠᠷᠢᠮᠲᠠ ᠨᠢ ᠪᠠᠲᠤᠲᠠᠢ᠂ ᠪᠣᠳᠠᠲᠤ ᠶᠠᠪᠤᠳᠠᠯ ᠨᠢ ᠲᠣᠳᠣᠷᠬᠠᠢ᠂ ᠠᠯᠬᠤᠮ ᠲᠠᠷᠠᠭ᠎ᠠ ᠨᠢ  ᠵᠢᠷᠤᠮᠵᠢᠭᠤᠨ᠂ ᠬᠠᠤᠯᠢ ᠴᠠᠭᠠᠵᠠ ᠶᠢᠨ ᠬᠡᠷᠡᠭᠯᠡᠯᠲᠡ ᠨᠢ ᠣᠨᠣᠪᠴᠢᠲᠠᠢ ᠪᠠᠶᠢᠬᠤ ᠶᠢ ᠪᠠᠲᠤᠯᠠᠵᠤ᠂ ᠤᠯᠤᠰ ᠲᠦᠷᠦ᠂ ᠬᠠᠤᠯᠢ ᠴᠠᠭᠠᠵᠠ᠂ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠲᠤᠰ ᠲᠤᠰᠬᠠᠢ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠨᠡᠪᠲᠡᠷᠡᠭᠦᠯᠬᠦ᠂ ᠬᠡᠷᠡᠭ ᠢ ᠪᠠᠶᠢᠴᠠᠭᠠᠵᠤ ᠬᠠᠮᠵᠢᠯᠴᠠᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠷ ᠭᠤᠣᠯᠳᠠᠯᠭ᠎ᠠ ᠪᠣᠯᠭᠠᠭᠰᠠᠨ ᠬᠠᠤᠯᠢ ᠬᠡᠷᠡᠭᠵᠢᠭᠦᠯᠬᠦ ᠲᠣᠭᠲᠠᠴᠠ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠨᠢᠮᠪᠠᠢ ᠵᠣᠬᠢᠶᠠᠨ  ᠪᠠᠶᠢᠭᠤᠯᠤᠨ ᠯᠠᠪᠳᠠᠭᠤᠨ  ᠠᠬᠢᠭᠤᠯᠵᠤ᠂ ᠰᠦᠷ ᠬᠦᠴᠦᠨ ᠢ ᠪᠠᠳᠠᠷᠠᠭᠤᠯᠵᠤ᠂ ᠦᠷ᠎ᠡ ᠪᠦᠲᠦᠮᠵᠢ  ᠭᠠᠷᠭᠠᠨ᠂ ᠰᠢ ᠶᠢᠨ ᠫᠢᠡᠭ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠢᠯᠢᠳᠡᠭ ᠠᠮᠵᠢᠯᠲᠠ  ᠲᠠᠢ ᠪᠡᠶᠡᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠪᠠᠷ ᠪᠠᠶᠢᠭᠤᠯᠬᠤ ᠵᠡᠷᠬᠡ ︽ᠬᠤᠶᠠᠷ ᠶᠡᠭᠡ ᠶᠠᠪᠤᠳᠠᠯ︾ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号