ᠦᠨᠳᠦᠰᠦᠨ ᠱᠠᠲᠤᠨ ᠤ ᠨᠡᠶᠢᠭᠡᠮ ᠤᠨ ᠲᠤᠰᠠᠯᠠᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠲᠤᠬᠠᠢ ᠶᠠᠷᠢᠯᠴᠠᠬᠤ ᠬᠤᠷᠠᠯ  ᠰᠢᠯᠢ ᠶᠢᠨ ᠭᠤᠣᠯ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2023/9/27
   ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠲᠤᠰᠠᠯᠠᠮᠵᠢ ᠶᠢᠨ ᠵᠤᠷᠭᠠᠨ ᠤ ᠬᠢᠨ 7 ᠳ᠋ᠤᠭᠠᠷ ᠰᠠᠷ᠎ᠠ ᠶᠢᠨ 11 ᠤ ᠡᠳᠦᠷ  ᠰᠢᠯᠢ ᠶᠢᠨ ᠭᠤᠣᠯ ᠠᠶᠢᠮᠠᠭ ᠲᠤ ᠦᠨᠳᠦᠰᠦᠨ ᠱᠠᠲᠤᠨ ᠤ ᠨᠡᠶᠢᠭᠡᠮ ᠤᠨ ᠲᠤᠰᠠᠯᠠᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠲᠤᠬᠠᠢ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠲᠡᠬᠡᠷ᠎ᠡ ᠶᠡᠷᠦᠩᠬᠡᠢ ᠱᠦᠵᠢ ᠰᠢ ᠶᠢᠨ ᠫᠢᠩ ᠤᠨ   ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ  ᠲᠣᠭᠤᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠲᠡᠬᠡᠷᠡᠬᠢ ᠨᠡᠶᠢᠭᠡᠮ ᠤᠨ ᠲᠤᠰᠠᠯᠠᠮᠵᠢ ᠶᠢᠨ ᠰᠢᠰᠲ᠋ᠧᠮ ᠢ ᠪᠦᠷᠢᠨᠰᠢᠭᠦᠯᠬᠦ ᠲᠤᠬᠠᠢ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ  ᠲᠤᠰᠠᠯᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠭᠦᠢᠴᠡᠳ ᠰᠣᠯᠢᠯᠴᠠᠵᠤ᠂ ᠦᠨᠳᠦᠰᠦᠨ ᠱᠠᠲᠤᠨ ᠤ ᠨᠡᠶᠢᠭᠡᠮ ᠤᠨ ᠲᠤᠰᠠᠯᠠᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠶᠢ ᠰᠤᠳᠤᠯᠵᠠᠢ᠃   ᠨᠡᠶᠢᠭᠡᠮ ᠤᠨ ᠲᠤᠰᠠᠯᠠᠮᠵᠢ ᠶᠢᠨ ᠵᠤᠷᠭᠠᠨ ᠤ ᠳᠡᠳ᠋ ᠳᠠᠷᠤᠭ᠎ᠠ ᠵᠠᠩ ᠸᠧᠢ ᠬᠤᠷᠠᠯ ᠢ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠵᠢᠢ ᠬᠦᠶ ᠯᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂  ᠲᠢᠩᠬᠢᠮ ᠤᠨ ᠳᠡᠳ᠋ ᠳᠠᠷᠤᠭ᠎ᠠ ᠴᠧᠩ ᠬᠤᠩ ᠯᠢᠶᠠᠩ᠂ ᠨᠡᠶᠢᠭᠡᠮ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ  ᠰᠢᠰᠲ᠋ᠧᠮ ᠢ ᠲᠡᠭᠦᠯᠳᠡᠷᠵᠢᠭᠦᠯᠬᠦ᠂ ᠨᠡᠶᠢᠭᠡᠮ ᠤᠨ ᠲᠤᠰᠠᠯᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠲᠤᠰᠠᠯᠠᠮᠵᠢ ᠶᠢᠨ ᠦᠨᠳᠦᠰᠦᠨ ᠪᠠᠳᠤᠯᠠᠭ᠎ᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠦᠨᠳᠦᠰᠦᠨ ᠱᠠᠲᠤᠨ ᠤ ᠨᠡᠶᠢᠭᠡᠮ ᠤᠨ  ᠲᠤᠰᠠᠯᠠᠮᠵᠢ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠲᠣᠭᠤᠷᠢᠨ ᠳᠤ ᠮᠠᠨ ᠤ ᠤᠷᠤᠨ ᠤ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠤᠬᠠᠢ ᠲᠠᠨᠢᠯᠴᠠᠭᠤᠯᠪᠠ᠃   ᠲᠢᠶᠠᠨᠵᠢᠨ᠂ ᠥᠪᠥᠷ ᠮᠣᠩᠭᠤᠯ᠂ ᠭᠢᠷᠢᠨ᠂ ᠵᠧᠵᠢᠶᠠᠩ᠂ ᠹᠦᠵᠢᠶᠠᠨ᠂ ᠵᠢᠶᠠᠩᠰᠢ᠂ ᠾᠧᠨᠠᠨ᠂ ᠬᠤᠨᠠᠨ᠂ ᠰᠧᠴᠤᠸᠠᠨ᠂ ᠱᠠᠨᠰᠢ᠂ ᠰᠢᠨᠵᠢᠶᠠᠩ ᠵᠡᠷᠭᠡ ᠮᠤᠵᠢ ︵ᠣᠷᠣᠨ᠂ ᠬᠤᠲᠠ︶ ᠶᠢᠨ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶ ᠤᠨ ᠨᠡᠶᠢᠭᠡᠮ ᠤᠨ  ᠲᠤᠰᠠᠯᠠᠮᠵᠢ ᠶᠢᠨ ᠠᠵᠢᠯ ᠤᠨ ᠬᠠᠷᠢᠭᠤᠴᠠᠯᠭᠠᠲᠠᠨ ᠪᠠ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号