ᠢᠯᠢ ᠪᠠᠯᠭᠠᠰᠤᠨ ᠤ ᠪᠠᠭ᠎ᠠ ᠺᠦ᠋ ᠮᠦᠸᠧ ᠲᠣᠰᠬᠤᠨ ᠤ ︽ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ ᠰᠠᠶᠢᠨ ᠰᠠᠶᠢᠬᠠᠨ ᠭᠡᠷ ᠣᠷᠣᠨ ᠢᠶᠠᠨ  ᠭᠡᠶᠢᠭᠦᠯᠬᠦ︾  ᠲᠤᠷᠰᠢᠯᠲᠠ ᠶᠢᠨ  ᠴᠡᠭ ᠤᠨ ᠠᠵᠢᠯ ᠡᠷᠴᠢᠮ ᠲᠠᠢ  ᠶᠠᠪᠤᠭᠳᠠᠵᠤ ᠪᠤᠢ
ᠨᠡᠶᠢᠲᠡᠯᠡᠭᠰᠡᠨ ᠴᠠᠭ᠄
2023/9/27
    ᠠᠷᠠᠳ ᠤᠨ ᠶᠠᠪᠤᠳᠠᠯ ᠤᠨ ᠶᠠᠮᠤᠨ ︽ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ ᠰᠠᠶᠢᠨ ᠰᠠᠶᠢᠬᠠᠨ ᠭᠡᠷ ᠣᠷᠣᠨ ᠢᠶᠠᠨ  ᠭᠡᠶᠢᠭᠦᠯᠬᠦ︾ ᠬᠡᠮᠡᠬᠦ ᠲᠤᠷᠰᠢᠯᠲᠠ ᠶᠢᠨ  ᠴᠡᠭ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ  ᠨᠠᠭᠠᠰᠢ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠬᠢᠵᠢᠭ ᠤᠨ ᠪᠠᠶᠢᠳᠠᠯ ᠪᠣᠯᠣᠨ ᠴᠠᠭ ᠠᠭᠤᠷ ᠤᠨ ᠣᠷᠴᠢᠨ ᠲᠣᠭᠤᠷᠢᠨ ᠤ ᠠᠰᠢᠭ ᠦᠭᠡᠢ ᠡᠯᠧᠮᠧᠨ᠋ᠲ ᠢ ᠲᠡᠪᠴᠢᠵᠦ᠂ ᠬᠡᠷᠡᠭᠵᠢᠭᠦᠯᠬᠦ ᠠᠯᠬᠤᠮ ᠳᠠᠷᠠᠭ᠎ᠠ ᠶᠢ ᠰᠤᠳᠤᠯᠤᠨ ᠲᠣᠭᠲᠠᠭᠠᠵᠤ᠂  ᠬᠥᠳᠡᠭᠡ ᠲᠣᠰᠬᠤᠨ ᠤ ᠨᠡᠷ᠎ᠡ ᠪᠠᠶᠢᠬᠤ ᠦᠭᠡᠢ ᠭᠠᠵᠠᠷ ᠢ ᠰᠢᠨ᠎ᠡ  ᠪᠠᠷ ᠨᠡᠷᠡᠶᠢᠳᠦᠨ ᠳᠡᠮᠳᠡᠭ ᠫᠠᠶᠢᠰᠠ ᠲᠣᠭᠲᠠᠭᠠᠬᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠴᠤᠭᠯᠠᠭᠤᠯᠤᠨ ᠡᠮᠬᠢᠳᠭᠡᠵᠦ ᠰᠦᠯᠵᠢᠶᠡᠨ ᠳᠤ ᠭᠠᠷᠭᠠᠬᠤ᠂ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠢ ᠤᠬᠠᠭᠤᠯᠤᠨ ᠳᠡᠯᠭᠡᠷᠡᠭᠦᠯᠬᠦ ᠪᠠ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠡᠷᠡᠭᠯᠡᠯᠲᠡ ᠶᠢ ᠳᠡᠭᠡᠭᠰᠢᠯᠡᠭᠦᠯᠬᠦ ᠵᠡᠷᠭᠡ ᠳᠥᠷᠪᠡᠨ ᠲᠠᠯ᠎ᠠ ᠪᠠᠷ ᠬᠦᠴᠦᠯᠡᠨ ᠴᠢᠷᠮᠠᠶᠢᠪᠠ᠃ ᠡᠭᠦᠨ ᠳᠤ ᠢᠯᠢ ᠪᠠᠯᠭᠠᠰᠤ  ᠶᠢᠨ ᠪᠠᠭ᠎ᠠ ᠺᠦ᠋ ᠮᠦᠸᠧ ᠲᠣᠰᠬᠤᠨ ᠢ ᠤᠷᠴᠤᠨ ᠬᠤᠰᠢᠭᠤᠨ ᠤ ᠲᠤᠷᠰᠢᠯᠲᠠ ᠶᠢᠨ  ᠴᠡᠭ ᠢᠶᠠᠷ ᠲᠤᠭᠲᠠᠭᠠᠵᠤ᠂ ︽ᠨᠢᠬᠲᠠᠴᠠ ᠶᠢᠨ ᠬᠡᠮᠵᠢᠶ᠎ᠡ + ᠣᠨᠴᠠᠯᠢᠭᠳᠠᠬᠤ ᠬᠡᠮᠵᠢᠶ᠎ᠡ + ᠠᠯᠳᠠᠷᠰᠢᠭᠰᠠᠨ ᠬᠡᠮᠵᠢᠶ᠎ᠡ︾ ᠵᠡᠷᠭᠡ ᠭᠤᠷᠪᠠᠨ ᠲᠠᠯ᠎ᠠ ᠶᠢ ᠤᠶᠠᠯᠳᠤᠭᠤᠯᠵᠤ᠂ ᠰᠦᠯᠵᠢᠶ᠎ᠡ ᠪᠠ ᠰᠦᠯᠵᠢᠶᠡᠨ ᠤ ᠭᠠᠳᠠᠨ᠎ᠠ ᠵᠡᠷᠭᠡ ᠪᠠᠷ ᠣᠷᠣᠯᠴᠠᠭᠰᠠᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠦᠢᠯᠡᠴᠢᠯᠡᠭᠡᠨ ᠤ  ᠰᠢᠰᠲ᠋ᠧᠮ ᠢ  ᠬᠦᠴᠦᠯᠡᠨ ᠪᠠᠶᠢᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠣᠯᠠᠨ ᠲᠦᠮᠡᠨ ᠤ ᠣᠯᠠᠨ ᠬᠡᠯᠪᠡᠷᠢᠴᠢᠯᠡᠭᠰᠡᠨ ᠭᠠᠵᠠᠷ ᠨᠡᠷᠡᠰ ᠤᠨ ᠱᠠᠭᠠᠷᠳᠠᠯᠭ᠎ᠠ ᠶᠢ ᠬᠠᠩᠭᠠᠭᠠᠪᠠ᠃   ᠲᠤᠰᠬᠤᠨ ᠤ ᠡᠷᠦᠬᠡ ᠪᠦᠷᠢ ᠳᠤ ᠡᠭᠦᠳᠡᠨ ᠫᠠᠶᠢᠰᠠ ᠤᠭᠰᠠᠷᠠᠵᠣ᠂ ᠣᠷᠤᠨ ᠨᠤᠲᠤᠭ ᠤᠨ ᠤᠬᠠᠭᠤᠯᠭ᠎ᠠ ᠶᠢᠨ ᠡᠬᠢ ᠪᠠᠶᠠᠯᠢᠭ ᠶᠢ ᠠᠭᠤᠳᠠᠯᠤᠨ᠂ ᠭᠠᠵᠠᠷ ᠤᠨ ᠨᠡᠷᠡᠰ ᠢ ᠰᠦᠯᠵᠢᠶᠡᠨ ᠳᠤ ᠭᠠᠷᠭᠠᠬᠤ ᠶᠢ ᠠᠬᠢᠭᠤᠯᠵᠤ᠂ ᠬᠡᠭᠡᠷ᠎ᠡ ᠶᠢᠨ ᠭᠠᠷᠤᠯᠲᠠ ᠶᠢ ᠬᠤᠳᠠ ᠳᠤ ᠣᠷᠣᠭᠤᠯᠣᠨ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠳᠠᠶᠢᠴᠢᠯᠠᠵᠤ᠂ ᠠᠪᠠ ᠶᠢᠨ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠰᠣᠶᠣᠯ᠂ ᠲᠡᠦᠬᠡ ᠰᠣᠶᠣᠯ ᠪᠣᠯᠣᠨ ᠠᠩᠴᠢᠨ ᠤ ᠰᠣᠶᠣᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃    ᠨᠢᠭᠡ ᠳᠤ᠂ ᠭᠠᠵᠠᠷ ᠤᠨ ᠨᠡᠷᠡᠰ ᠢ ᠰᠢᠨ᠎ᠡ ᠪᠠᠷ ᠨᠡᠷᠡᠶᠢᠳᠴᠦ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠫᠠᠶᠢᠰᠠ ᠲᠡᠮᠳᠡᠭ ᠢ ᠤᠭᠰᠠᠷᠠᠵᠣ ᠰᠢᠨᠡᠳᠭᠡᠨ᠂ ᠰᠦᠯᠵᠢᠶᠡᠨ ᠳᠤ ᠭᠠᠷᠤᠭᠰᠠᠨ ᠭᠠᠵᠠᠷ ᠤᠨ ᠨᠡᠷᠡᠰ ᠤᠨ ᠨᠢᠬᠲᠠᠴᠠ  ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠭᠠᠵᠠᠷ ᠤᠨ ᠨᠡᠷᠡᠰ ᠤᠨ ᠵᠠᠮᠴᠢᠯᠠᠭᠤᠷ ᠤᠨ ᠰᠢᠰᠲ᠋ᠧᠮᠵᠢ ᠶᠢ ᠪᠦᠷᠢᠨᠰᠢᠭᠦᠯᠪᠡ᠃ ᠪᠦᠬᠦ ᠲᠣᠰᠬᠤᠨ ᠤ ᠭᠤᠣᠯ ᠵᠠᠮ᠂ ᠠᠵᠤ ᠦᠢᠯᠡᠳᠪᠦᠷᠢᠯᠡᠯ ᠳᠤ ᠬᠡᠷᠡᠭᠯᠡᠳᠡᠭ ᠵᠠᠮ ᠤᠨ ᠮᠡᠳᠡᠭᠡ ᠵᠠᠩᠭᠢ ᠶᠢ ᠣᠶᠢᠯᠠᠭᠠᠵᠤ᠂ ᠴᠤᠭᠯᠠᠭᠤᠯᠵᠤ᠂ ᠨᠡᠷᠡᠶᠢᠳᠪᠡ᠃ ᠪᠠᠭ᠎ᠠ ᠺᠦ᠋ ᠮᠦᠸᠧ ᠲᠣᠰᠬᠤᠨ ᠢᠯᠢ ᠪᠠᠯᠭᠠᠰᠤ ᠶᠢᠨ ᠬᠤᠶᠢᠲᠤ 12 ᠺᠢᠯᠦᠮᠧᠲᠷ ᠤᠨ ᠵᠠᠢ ᠲᠠᠢ ᠪᠠᠶᠢᠷᠢᠯᠠᠵᠤ᠂ ᠬᠠᠷᠢᠶ᠎ᠠ ᠣᠷᠣᠨ ᠤ ᠲᠠᠯᠠᠪᠠᠢ ᠨᠢ 50 ᠲᠡᠭᠰᠢ ᠳᠥᠷᠪᠡᠯᠵᠢᠨ ᠺᠢᠯᠦᠮᠧᠲᠷ ᠶᠤᠮ᠃ ᠲᠣᠰᠬᠤᠨ ᠳᠤ ᠨᠡᠪᠲᠡᠷᠡᠬᠦ ᠵᠠᠮ ᠪᠣᠯᠣᠨ ᠵᠡᠭᠡᠯᠢ ᠭᠤᠳᠤᠮᠵᠢ ᠶᠢ ᠪᠦᠷ ᠰᠢᠨ᠎ᠡ ᠪᠠᠷ ᠳᠡᠪᠢᠰᠴᠦ ᠬᠠᠳᠠᠭᠤᠷᠠᠭᠤᠯᠤᠭᠰᠠᠨ ᠪᠠᠷᠢᠮᠵᠢᠶ᠎ᠠ ︵ᠠᠶᠢᠯ ᠲᠣᠰᠬᠤᠨ ᠳᠤ ᠨᠡᠪᠲᠡᠷᠡᠬᠦ ᠵᠠᠮ ᠢ ᠬᠠᠲᠠᠭᠤᠷᠠᠭᠤᠯᠬᠤ ᠨᠤᠷᠮ᠎ᠠ ᠨᠢ 100%︶ ᠳᠤ ᠬᠦᠷᠪᠡ᠃ ᠲᠣᠰᠬᠤᠨ ᠳᠤ 1 ᠡᠷᠡᠭᠦᠯ ᠬᠠᠮᠠᠭᠠᠯᠠᠯ ᠤᠨ ᠲᠠᠰᠤᠭ ᠲᠠᠢ ᠪᠠᠶᠢᠵᠤ᠂ ᠲᠣᠰᠬᠤᠨ ᠤ ᠠᠯᠪᠠᠯᠠᠬᠤ ᠭᠠᠵᠠᠷ ᠬᠢᠭᠡᠳ ᠠᠵᠢᠯᠯᠠᠭᠠᠨ ᠤ ᠲᠠᠯᠠᠪᠤᠷ ᠤᠨ ᠲᠠᠯᠠᠪᠠᠢ ᠨᠢ 200  ᠺᠦᠸᠠᠳ᠋ ᠮᠧᠲᠷ ᠲᠤ ᠬᠦᠷᠴᠦ᠂ ᠡᠭᠦᠨ ᠳᠤ ᠲᠣᠰᠬᠤᠨ ᠤ ᠰᠣᠶᠣᠯ ᠤᠨ ᠦᠷᠦᠭᠡ ᠶᠢᠨ ᠲᠠᠯᠠᠪᠠᠢ ᠨᠢ 120 ᠲᠡᠭᠰᠢ ᠳᠥᠷᠪᠡᠯᠵᠢᠨ ᠮᠧᠲᠷ ᠪᠠᠶᠢᠵᠤ᠂ ᠴᠢᠴᠢᠭᠦᠷ ᠪᠥᠮᠪᠦᠭᠡ ᠶᠢᠨ ᠰᠢᠷᠡᠭᠡ᠂ ᠫᠢᠩᠫᠠᠩ ᠪᠥᠮᠪᠦᠭᠡ ᠶᠢᠨ ᠲᠠᠶᠢᠰᠠ ᠪᠣᠯᠣᠨ ᠨᠣᠮ ᠪᠢᠴᠢᠭ 1200 ᠳᠡᠪᠲᠡᠷ ᠬᠠᠳᠠᠭᠠᠯᠠᠵᠤ᠂ ᠲᠣᠰᠬᠤᠨ ᠤ ᠠᠷᠠᠳ ᠤᠨ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠷᠠᠳᠢᠣ᠋ ᠨᠡᠪᠲᠡᠷᠡᠭᠦᠯᠭᠡ ᠲᠧᠯᠸᠢᠰ ᠨᠢ ᠠᠶᠢᠯ ᠲᠣᠰᠬᠤᠨ ᠪᠠ ᠭᠠᠴᠠᠭᠠᠨ ᠤ ᠠᠷᠠᠳ ᠤᠨ ᠳᠤᠭᠤᠶᠢᠯᠠᠩ ᠪᠦᠷᠢ ᠳᠤ ᠨᠡᠪᠲᠡᠷᠡᠵᠦ᠂ ᠡᠷᠦᠬᠡ ᠪᠣᠯᠭᠠᠨ ᠳᠤ ᠨᠡᠪᠲᠡᠷᠡᠭᠦᠯᠬᠦ ᠶᠢ ᠪᠡᠶᠡᠯᠡᠭᠦᠯᠪᠡ᠃ ᠣᠳᠣᠬᠠᠨ ᠳᠤ᠂ ᠭᠠᠷ ᠤᠲᠠᠰᠤᠨ ᠤ ᠵᠠᠮᠴᠢᠯᠠᠭᠤᠷ ᠳᠡᠭᠡᠷ᠎ᠡ ᠲᠤᠰᠬᠤᠨ ᠤ 4 ᠵᠤᠷᠪᠤᠰ ᠵᠠᠮ ᠢ ᠲᠤᠳᠤᠷᠬᠠᠢ ᠬᠠᠶᠢᠵᠤ ᠳᠡᠶᠢᠯᠬᠦ  ᠪᠣᠯᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠵᠠᠮ ᠱᠤᠭᠤᠮ ᠢ ᠨᠠᠷᠢᠯᠢᠭ ᠣᠨᠣᠴᠠᠲᠠᠢ ᠪᠥᠭᠡᠳ ᠲᠥᠬᠦᠮ ᠪᠤᠯᠭᠠᠵᠤ᠂ ᠬᠥᠳᠡᠭᠡ ᠲᠣᠰᠬᠤᠨ ᠤ ᠲᠡᠷᠭᠡ ᠬᠦᠰᠭᠡ ᠶᠢ ᠰᠠᠭᠠᠳ ᠦᠭᠡᠢ ᠨᠠᠪᠲᠠᠷᠡᠭᠦᠯᠤᠭ᠍ᠰᠡᠨ ᠪᠠᠶᠢᠨ᠎ᠠ᠃    ᠬᠤᠶᠠᠷ ᠲᠤ᠂ ᠭᠠᠵᠠᠷ ᠤᠨ ᠨᠡᠷᠡᠰ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠵᠤ᠂ ᠭᠠᠵᠠᠷ ᠤᠨ ᠨᠡᠷᠡᠰ ᠤᠨ ᠰᠣᠶᠣᠯ ᠪᠠ ᠬᠥᠳᠡᠭᠡ ᠲᠣᠰᠬᠤᠨ ᠤ ᠵᠢᠭᠤᠯᠴᠢᠯᠠᠯ ᠢ ᠨᠢᠭᠲᠠ ᠠᠭᠤᠰᠤᠯᠴᠠᠭᠤᠯᠤᠨ᠂ ᠭᠠᠵᠠᠷ ᠤᠨ ᠨᠡᠷᠡᠰ  ᠤᠨ ᠦᠯᠢᠭᠡᠷ ᠰᠤᠶᠤᠯ ᠢ ᠳᠤᠷᠠᠰᠴᠦ ᠤᠯᠠᠮᠵᠢᠯᠠᠨ  ᠣᠨᠴᠠᠯᠢᠭ ᠲᠠᠢ ᠪᠠᠶᠢᠯᠭᠠᠬᠤ ᠶᠢ ᠪᠡᠶᠡᠯᠡᠭᠦᠯᠪᠡ᠃ ︽ᠭᠠᠵᠠᠷ ᠤᠨ ᠨᠡᠷᠡᠰ ᠤᠨ ᠨᠠᠷᠠᠲᠤ ᠲᠡᠮᠳᠡᠭ ᠢᠶᠠᠷ ᠬᠦᠳᠡᠭᠡ ᠲᠤᠰᠬᠤᠨ ᠢ ᠬᠥᠭᠵᠢᠭᠦᠯᠬᠦ︾ ᠲᠠᠢ ᠨᠢᠭᠲᠠ ᠤᠶᠠᠯᠳᠤᠭᠤᠯᠤᠨ᠂ ᠰᠢᠨ᠎ᠡ ᠪᠠᠷ ᠪᠣᠶ ᠪᠣᠯᠤᠭᠰᠠᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠪᠣᠶᠢᠵᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠣᠶ ᠪᠣᠯᠭᠠᠪᠠ᠃ ᠡᠭᠦᠨ ᠳᠤ᠂  ᠢᠳᠡᠰᠢᠨ‌ᠮᠥ᠋ᠭᠦ ᠳᠠᠷᠢᠬᠤ ᠲᠠᠯ᠎ᠠ ᠪᠠᠷ᠂ ᠳᠡᠯᠳᠡᠦ ᠶᠢᠨ ᠳᠠᠷᠢᠬᠤ ᠬᠡᠪᠴᠢᠶ᠎ᠡ ᠶᠢ ᠥᠷᠭᠡᠳᠬᠡᠨ᠂ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠬᠢᠭᠤᠯᠪᠠ᠃ ︽ᠺᠦ᠋ ᠮᠦᠸᠧ  ᠶᠢᠨ ᠰᠢᠳᠢᠳᠦ ᠷᠠᠰᠢᠶᠠᠨ ᠳᠡᠯᠳᠡᠦ︾ ᠬᠡᠮᠡᠬᠦ ᠲᠠᠸᠠᠷ ᠤᠨ ᠲᠡᠮᠳᠡᠭ ᠢ ᠳᠠᠩᠰᠠᠯᠠᠭᠤᠯᠵᠤ᠂ ᠳᠡᠯᠳᠡᠦ ᠶᠢ ᠡᠳ᠋ᠰᠢᠭᠦᠯᠬᠦ ᠦᠢᠯᠡᠳᠪᠦᠷᠢ ᠶᠢᠨ ᠲᠠᠰᠤᠭ ᠢ ᠪᠦᠲᠦᠭᠡᠨ ᠪᠠᠶᠢᠭᠤᠯᠵᠤ᠂ ᠳᠡᠯᠳᠡᠦ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠣᠶ ᠪᠤᠯᠭᠠᠪᠠ᠃ ᠡᠭᠦᠨ ᠠᠴᠠ ᠭᠠᠳᠠᠨ᠎ᠠ ᠪᠤᠯᠳᠤᠷᠤᠤ ᠮᠦᠭᠦ᠂ ᠭᠤᠯᠭᠤᠭᠤᠷ ᠮᠦᠭᠦ ᠵᠡᠷᠭᠡ ᠰᠢᠨ᠎ᠡ ᠲᠦᠷᠦᠯ ᠵᠦᠢᠯ ᠢ ᠲᠠᠷᠢᠬᠤ ᠳᠤ ᠵᠠᠬᠢᠶᠠᠯᠠᠭ᠎ᠠ ᠶᠢᠨ ᠬᠡᠯᠪᠡᠷᠢ ᠪᠠᠷ ᠬᠤᠳᠠᠯᠳᠤᠨ ᠠᠪᠬᠤ ᠠᠷᠭ᠎ᠠ ᠶᠢ ᠬᠡᠷᠡᠭᠯᠡᠪᠡ᠃ ᠬᠢᠲᠠᠳ ᠡᠪᠡᠰᠦᠨ ᠡᠮ ᠳᠠᠷᠢᠬᠤ ᠲᠠᠯ᠎ᠠ ᠪᠠᠷ᠂ ᠺᠦ᠋ ᠮᠦᠸᠧ ᠲᠣᠰᠬᠤᠨ 100 ᠮᠦ ᠭᠠᠵᠠᠷ  ᠬᠤᠳᠠᠯᠳᠤᠨ ᠠᠪᠬᠤ ᠪᠠᠷ ᠵᠢᠱᠢᠵᠦ᠂ ᠴᠢᠨ᠋ᠸ᠎ᠠ ᠶᠢᠨ ᠬᠠᠯᠲᠠᠷ᠂ ᠤᠯᠠᠭᠠᠨ ᠴᠠᠨ᠎ᠠ᠂ ᠴᠠᠭᠠᠨ ᠰᠣᠷᠭᠤᠭ ᠬᠠᠯᠢᠰᠤ ᠵᠡᠷᠭᠡ ᠬᠢᠲᠠᠳ ᠡᠪᠡᠰᠦᠨ ᠡᠮ ᠢ ᠳᠠᠷᠢᠵᠤ᠂ ᠲᠤᠬᠠᠢ ᠶᠢᠨ ᠭᠠᠵᠠᠷ ᠤᠨ ᠡᠪᠡᠰᠦᠨ ᠡᠮ ᠳᠠᠷᠢᠬᠤ ᠠᠵᠤ ᠦᠢᠯᠡᠰ ᠢ ᠬᠥᠭᠵᠢᠭᠡᠨ᠂ ᠬᠢᠲᠠᠳ ᠡᠪᠡᠰᠦᠨ ᠡᠮ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠥᠭᠵᠢᠭᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠳᠠᠮᠵᠢᠭᠤᠯᠵᠤ᠂ ᠲᠠᠪᠤᠨ ᠵᠢᠯ ᠤᠨ ᠳᠠᠷᠠᠭ᠎ᠠ ᠠᠵᠤ ᠦᠢᠯᠡᠰ ᠤᠨ ᠬᠡᠪᠴᠢᠶ᠎ᠡ ᠶᠢ ᠪᠦᠷᠢᠯᠳᠦᠭᠦᠯᠬᠦ ᠪᠠᠷ ᠵᠢᠱᠢᠵᠦ ᠪᠤᠢ᠃ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ᠂ ᠨᠠᠮ ᠤᠨ ᠬᠡᠰᠢᠭᠦᠨ ᠪᠠ ᠤᠯᠠᠨ ᠲᠦᠮᠡᠨ ᠳᠤ  ᠦᠢᠯᠡᠴᠢᠯᠡᠬᠦ ᠲᠥᠪ ︵ᠬᠤᠶᠠᠷ ᠳᠠᠪᠬᠤᠷ ᠠᠰᠠᠷ ᠤᠨ ᠲᠠᠯᠠᠪᠠᠢ ᠨᠡᠶᠢᠳᠡ 600  ᠺᠦᠸᠠᠳ᠋ ᠮᠧᠲᠷ︶ ᠢ ᠰᠢᠨ᠎ᠡ ᠪᠠᠷ ᠪᠠᠶᠢᠭᠤᠯᠬᠤ ᠪᠠᠷ ᠵᠢᠱᠢᠵᠦ᠂ 2023 ᠣᠨ ᠳᠤ ᠪᠠᠶᠢᠷᠢᠰᠢᠯ ᠨᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ᠂ ᠬᠤᠯᠪᠣᠯᠳᠤᠨ ᠨᠡᠪᠲᠡᠷᠡᠯᠴᠡᠭᠰᠡᠨ ᠨᠠᠮ ᠤᠨ ᠬᠡᠰᠢᠭᠦᠨ ᠪᠠ ᠤᠯᠠᠨ ᠲᠦᠮᠡᠨ ᠳᠤ  ᠦᠢᠯᠡᠴᠢᠯᠡᠬᠦ ᠲᠥᠪ  ᠢ ᠭᠤᠣᠯᠳᠠᠯᠭ᠎ᠠ ᠲᠠᠢ ᠪᠠᠶᠢᠭᠤᠯᠬᠤ ᠪᠠᠷ ᠪᠤᠢ᠃ ᠨᠢᠭᠡ ᠪᠦᠯᠦᠭ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ ᠤᠨ ᠪᠠᠬᠢᠯᠡᠯᠲᠡ ᠶᠢ ᠭᠠᠷᠳᠠᠨ ᠪᠠᠶᠢᠭᠤᠯᠵᠤ᠂ ᠭᠠᠵᠠᠷ ᠤᠨ ᠨᠡᠷᠡᠰ ᠤᠨ ᠰᠣᠶᠣᠯ ᠢ ᠠᠭᠤᠳᠠᠯᠤᠨ᠂ ᠭᠠᠵᠠᠷ ᠤᠨ ᠨᠡᠷᠡᠰ ᠤᠨ ᠥᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠳᠤᠷᠠᠰᠤᠮᠵᠢ ᠶᠢ ᠤᠯᠠᠮᠵᠢᠯᠠᠨ ᠵᠠᠯᠭᠠᠮᠵᠢᠯᠠᠵᠤ᠂ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠢ ᠤᠬᠠᠭᠤᠯᠤᠨ ᠲᠠᠷᠬᠠᠭᠠᠬᠤ ᠬᠡᠪᠴᠢᠶ᠎ᠡ ᠶᠢ ᠦᠷᠭᠡᠳᠭᠡᠭᠰᠡᠨ ᠪᠠᠶᠢᠨ᠎ᠠ᠃    ᠭᠤᠷᠪᠠ ᠳᠤ᠂ ᠭᠠᠵᠠᠷ ᠤᠨ ᠨᠡᠷᠡᠰ ᠢ ᠠᠯᠳᠠᠷᠰᠢᠭᠤᠯᠵᠤ᠂ ᠭᠠᠵᠠᠷ ᠤᠨ ᠨᠡᠷᠡᠰ ᠤᠨ ᠦᠢᠯᠡᠴᠢᠯᠡᠭᠡ ᠶᠢ ᠰᠠᠶᠢᠵᠢᠷᠠᠭᠤᠯᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠳᠤ ᠨᠡᠩ ᠣᠨᠣᠪᠴᠢᠲᠠᠢ᠂ ᠪᠦᠲᠦᠭᠡᠭᠳᠡᠬᠦᠨ ᠢ ᠬᠤᠳᠠ ᠤᠷᠤᠭᠤᠯᠬᠤ ᠳᠤ ᠨᠡᠩ ᠰᠢᠯᠤᠭᠤᠨ᠂ ᠲᠤᠭ᠎ᠠ ᠪᠠᠷᠢᠮᠲᠠ ᠶᠢ ᠣᠯᠠᠨ ᠲᠦᠮᠡᠨ ᠠᠰᠢᠭᠯᠠᠬᠤ  ᠳᠤ ᠨᠡᠩ ᠣᠨᠣᠪᠴᠢᠲᠠᠢ ᠪᠦᠲᠦᠮᠵᠢᠲᠡᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠲᠤᠷᠰᠢᠯᠲᠠ ᠶᠢᠨ  ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ᠶᠣᠰᠣᠭᠠᠷ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠫᠠᠶᠢᠰᠠ ᠲᠡᠮᠳᠡᠭ ᠢ ᠬᠤᠲᠠ ᠬᠥᠳᠡᠭᠡ ᠪᠠᠷ ᠨᠢᠭᠡ ᠴᠣᠭᠴᠠᠵᠢᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠳᠤ ᠵᠠᠮ ᠲᠠᠢ᠂ ᠨᠡᠷ᠎ᠡ ᠲᠠᠢ᠂ ᠫᠠᠶᠢᠰᠠ ᠲᠡᠮᠳᠡᠭ ᠲᠠᠢ ᠪᠠᠶᠢᠬᠤ ᠶᠢ ᠪᠡᠶᠡᠯᠡᠭᠦᠯᠦᠨ᠂ ᠬᠦᠳᠡᠭᠡ ᠲᠤᠰᠬᠤᠨ ᠢ ᠪᠠᠶᠠᠵᠢᠭᠤᠯᠤᠨ ᠬᠦᠳᠡᠭᠡ ᠲᠤᠰᠬᠤᠨ ᠳᠤ ᠠᠰᠢᠭ ᠬᠦᠷᠲᠡᠭᠡᠬᠦ ᠪᠠᠷ ᠭᠤᠤᠯᠯᠠᠭᠤᠯᠵᠤ᠂ ᠲᠠᠷᠢᠶᠠᠯᠠᠩ ᠤᠨ ᠣᠨᠴᠠᠯᠢᠭᠲᠤ ᠪᠦᠲᠦᠭᠡᠭᠳᠡᠬᠦᠨ ᠢ ᠤᠯᠠᠮᠵᠢᠯᠠᠨ ᠲᠠᠷᠬᠠᠭᠠᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠳᠤ ᠲᠥᠬᠦᠮ ᠦᠵᠡᠭᠦᠯᠦᠨ᠂ ︽ᠨᠢᠭᠡ ᠲᠣᠰᠬᠤᠨ ᠳᠤ ᠨᠢᠭᠡ ᠵᠦᠢᠯ ᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠲᠣᠰᠬᠤᠨ ᠳᠤ ᠨᠢᠭᠡ ᠵᠦᠢᠯ ᠤᠨ ᠦᠢᠯᠡᠳᠬᠦᠨ ᠢ ᠦᠢᠯᠡᠳᠬᠦ︾ ᠠᠵᠢᠯ ᠤᠨ ᠰᠡᠳᠬᠢᠮᠵᠢ ᠶᠣᠰᠣᠭᠠᠷ᠂ ᠬᠥᠳᠡᠭᠡ ᠲᠣᠰᠬᠤᠨ ᠳᠤ ᠰᠢᠨ᠎ᠡ ᠪᠠᠷ ᠪᠣᠶ ᠪᠣᠯᠤᠭᠰᠠᠨ ᠭᠠᠵᠠᠷ ᠤᠨ ᠨᠡᠷᠡᠰ ᠤᠨ ᠰᠣᠶᠣᠯ ᠤᠨ ᠠᠭᠤᠯᠤᠭᠳᠠᠬᠤᠨ ᠢ ᠪᠣᠶᠢᠵᠢᠭᠤᠯᠪᠠ᠃    ᠳᠠᠷᠠᠭᠠᠴᠢ ᠶᠢᠨ ᠠᠯᠬᠤᠮ ᠳᠤ᠂ ᠲᠣᠰᠬᠤᠨ ᠤ ᠭᠠᠵᠠᠷ ᠤᠨ ᠨᠡᠷᠡᠰ ᠤᠨ ᠫᠠᠶᠢᠰᠠ ᠲᠡᠮᠳᠡᠭ ᠤᠨ ᠤᠳᠤᠷᠢᠳᠤᠮᠵᠢ ᠶᠢᠨ ᠰᠢᠰᠲ᠋ᠧᠮ ᠢ ᠴᠢᠨᠠᠭᠰᠢᠳᠠ ᠪᠦᠷᠢᠨᠰᠢᠭᠦᠯᠵᠦ᠂ ᠬᠥᠳᠡᠭᠡ ᠲᠣᠰᠬᠤᠨ ᠤ ᠣᠨᠴᠠᠯᠢᠭᠲᠦ ᠦᠢᠯᠡᠰ ᠢ ᠬᠦᠭᠵᠢᠭᠦᠯᠬᠦ ᠳᠤ ᠬᠦᠴᠦᠨ ᠨᠡᠮᠡᠷᠢᠯᠡᠨ᠎ᠡ᠃ ᠭᠠᠵᠠᠷ ᠤᠨ ᠨᠡᠷᠡᠰ ᠤᠨ ᠬᠠᠮᠢᠶᠠᠷᠤᠯᠲᠠ ᠪᠠ ᠦᠢᠯᠡᠴᠢᠯᠡᠭᠡ ᠶᠢᠨ ᠳᠦᠷᠢᠮᠵᠢᠭᠰᠡᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠵᠠᠷ ᠤᠨ ᠨᠡᠷᠡᠰ ᠤᠨ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠨ᠂ ᠭᠠᠵᠠᠷ ᠤᠨ ᠨᠡᠷᠡᠰ ᠤᠨ ᠠᠭᠤᠯᠤᠭᠳᠠᠬᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠢ  ᠦᠨᠡᠨ ᠬᠦ ︽ᠬᠠᠮᠢᠶᠠᠷᠴᠤ︾ ︽ᠬᠡᠷᠡᠭᠯᠡᠵᠦ︾᠂ ᠭᠠᠵᠠᠷ ᠤᠨ ᠨᠡᠷᠡᠰ  ᠤᠨ ᠦᠢᠯᠡᠴᠢᠯᠡᠭᠡ ᠶᠢ ︽  ᠪᠤᠲᠠᠲᠠᠶᠢᠵᠢᠭᠤᠯᠤᠨ︾ ︽ᠠᠮᠢᠳᠤᠯᠢᠭ ᠪᠣᠯᠭᠠᠵᠤ︾᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠨᠠᠩ ᠰᠠᠶᠢᠲᠤᠷ ᠦᠢᠯᠡᠴᠢᠯᠡᠬᠦ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号