ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠢ ᠤᠷᠤᠯᠴᠠᠵᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ
ᠨᠡᠶᠢᠲᠡᠯᠡᠭᠰᠡᠨ ᠴᠠᠭ᠄
2023/9/28
   ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 9 ᠰᠠᠷ᠎ᠠ ᠶᠢᠨ 27 ᠤ ᠦᠳᠡ ᠶᠢᠨ ᠬᠤᠶᠢᠨ᠎ᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ ᠪᠣᠯᠣᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠬᠠᠢ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠣᠯ ᠣᠯᠠᠨ ᠲᠠᠯᠠᠲᠤ ᠦᠵᠡᠯ ᠤᠨ ᠴᠢᠬᠤᠯᠠ ᠲᠤᠯᠭᠠᠭᠤᠷᠢᠯᠠᠯ ᠮᠥᠨ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠴᠢᠬᠤᠯᠠ ᠲᠠᠪᠴᠠᠩ ᠮᠥᠨ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠴᠢᠬᠤᠯᠠ ᠪᠦᠬᠦᠢ ᠥᠭᠡᠷᠡᠴᠢᠯᠡᠯᠲᠡ ᠬᠢᠬᠦ ᠪᠣᠯ ᠨᠡᠶᠢᠳᠡᠮ ᠤᠨ ᠬᠠᠮᠲᠤ ᠶᠢᠨ ᠲᠠᠨᠢᠯᠲᠠ᠂ ᠶᠡᠭᠡ ᠪᠠᠶᠢᠳᠠᠯ ᠤᠨ ᠬᠠᠨᠳᠤᠰᠢ ᠮᠥᠨ᠃ ᠪᠢᠳᠡ ᠤᠯᠤᠰ ᠤᠨ ᠳᠣᠲᠣᠭᠠᠳᠤ ᠪᠠ ᠳᠡᠯᠡᠬᠡᠢ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠣᠷᠤᠯᠴᠠᠬᠤ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠤᠨ ᠲᠣᠬᠢᠷᠠᠭᠤᠯᠤᠯᠲᠠ ᠳᠤ ᠪᠦᠭᠦ ᠲᠠᠯ᠎ᠠ ᠪᠠᠷ ᠣᠷᠣᠯᠴᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠰᠤᠳᠤᠯᠤᠭᠴᠢ ᠭᠦ᠋ ᠰᠢᠤᠸᠠᠢ ᠮᠢᠩ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃    ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠭᠰᠠᠨ ᠶᠠᠪᠤᠳᠠᠯ ᠪᠣᠯ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠬᠢᠭᠰᠡᠨ ᠪᠡᠯᠭᠡ ᠲᠡᠮᠳᠡᠭ ᠮᠥᠨ᠃ ᠣᠬᠤᠷᠬᠠᠨ 20 ᠭᠠᠷᠤᠢ ᠵᠢᠯ ᠤᠨ ᠬᠤᠭᠤᠴᠠᠭᠠᠨ ᠳᠤ᠂ ᠮᠠᠨ ᠤ ᠤᠯᠤᠰ ᠤᠨ ᠪᠠᠷᠠᠭᠠᠨ ᠤ ᠠᠷᠠᠯᠵᠢᠶᠠᠨ ᠤ ᠶᠡᠷᠦᠩᠬᠡᠢ ᠬᠡᠮᠵᠢᠶ᠎ᠡ 11 ᠲᠠᠭᠢᠨ ᠨᠡᠮᠡᠭᠳᠡᠵᠦ᠂ ᠪᠦᠭᠦ ᠳᠡᠯᠡᠬᠡᠢ ᠶᠢᠨ ᠪᠠᠷᠠᠭᠠᠨ ᠤ ᠠᠷᠠᠯᠵᠢᠶᠠᠨ ᠤ ᠨᠢᠭᠡᠳᠦᠭᠡᠷ ᠲᠣᠮᠣ ᠤᠯᠤᠰ᠂ 140 ᠭᠠᠷᠤᠢ ᠤᠯᠤᠰ ᠪᠠ ᠭᠠᠵᠠᠷ ᠣᠷᠣᠨ ᠤ ᠭᠤᠣᠯ ᠪᠤᠯᠬᠤ ᠠᠷᠠᠯᠵᠢᠶᠠᠨ ᠤ ᠬᠠᠨᠢᠲᠠᠨ ᠪᠣᠯᠵᠤ᠂ ᠪᠦᠭᠦ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠵᠢᠯ ᠳᠤᠮᠳᠠᠴᠢ ᠶᠢᠨ ᠬᠤᠪᠢ ᠨᠡᠮᠡᠷᠢ ᠦᠵᠡᠭᠦᠯᠦᠭᠰᠡᠨ ᠨᠤᠷᠮ᠎ᠠ 30% ᠰᠢᠬᠠᠮ ᠳᠤ ᠬᠦᠷᠴᠡᠢ᠃ ᠮᠠᠨ ᠤ ᠤᠯᠤᠰ ᠪᠣᠯᠣᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠤᠨ ᠰᠠᠨᠠᠭᠠᠴᠢᠯᠠᠭᠠᠲᠤ ᠪᠤᠰᠤ ᠭᠥᠯᠢᠶᠡᠨ ᠠᠪᠤᠭᠴᠢ ᠪᠠ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠭᠴᠢ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠴᠢᠬᠤᠯᠠ ᠣᠷᠣᠯᠴᠠᠭᠴᠢ ᠪᠣᠯᠤᠭᠰᠠᠨ ᠪᠠᠶᠢᠨ᠎ᠠ᠃ ᠮᠠᠨ ᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠭᠰᠠᠨ ᠨᠢ ᠲᠤᠰ ᠪᠡᠶ᠎ᠡ ᠶᠢᠨ ᠬᠥᠭᠵᠢᠯᠲᠡ ᠪᠠᠨ ᠲᠦᠷᠭᠡᠳᠬᠡᠭᠰᠡᠨ ᠪᠥᠭᠡᠳ ᠪᠠᠰᠠ ᠪᠦᠭᠦ ᠪᠥᠮᠪᠥᠷᠴᠡᠭ ᠲᠤ ᠠᠰᠢᠭ ᠬᠦᠷᠲᠡᠭᠡᠭᠰᠡᠨ ᠶᠤᠮ᠂ ᠡᠨᠡ ᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ ᠭᠡᠳᠡᠭ ᠢ ᠪᠣᠳᠠᠲᠤ ᠬᠡᠷᠡᠭ ᠬᠠᠷᠠᠭᠤᠯᠵᠤ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠣᠷᠤᠯᠴᠠᠬᠤ ᠳᠠᠭᠠᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢᠨ ᠡᠷᠬᠡ ᠰᠦᠷᠲᠦ ᠴᠢᠨᠠᠷ ᠪᠣᠯᠣᠨ ᠪᠦᠲᠦᠮᠵᠢᠲᠦ ᠴᠢᠨᠠᠷ ᠢ ᠡᠷᠡᠰ ᠬᠠᠮᠠᠭᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠰᠡᠷᠭᠦᠭᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠲᠡᠦᠬᠡ ᠶᠢᠨ ᠵᠥᠪ ᠲᠠᠯ᠎ᠠ ᠳᠤ ᠪᠠᠲᠤ ᠵᠣᠭᠰᠣᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ ᠪᠠᠷ ᠴᠢᠯᠦᠭᠡᠲᠦ ᠠᠷᠠᠯᠵᠢᠶ᠎ᠠ ᠪᠣᠯᠣᠨ ᠵᠢᠩᠬᠢᠨᠢ ᠤᠯᠠᠨ ᠲᠠᠯᠠᠲᠤ ᠦᠵᠡᠯ ᠢ ᠰᠠᠨᠠᠭᠠᠴᠢᠯᠠᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ ᠡᠰᠡᠷᠭᠦᠴᠡᠵᠦ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠥᠷᠥᠴᠢᠯᠡᠬᠦ᠂ ᠵᠡᠪᠰᠡᠭᠵᠢᠭᠦᠯᠬᠦ᠂ ᠨᠠᠷᠮᠠᠢ ᠠᠮᠤᠷ ᠲᠦᠪᠰᠢᠨ ᠪᠤᠯᠭᠠᠬᠤ ᠶᠢ ᠡᠰᠡᠷᠭᠦᠴᠡᠵᠦ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ ᠲᠠᠯ᠎ᠠ ᠪᠠᠷ ᠭᠦᠨᠵᠡᠭᠡᠢ ᠣᠷᠤᠯᠴᠠᠬᠤ ᠳᠤᠮᠳᠠᠳᠤ ᠤᠯᠤᠰ ᠤᠨ ᠲᠥᠰᠥᠯ ᠢ ᠲᠡᠭᠦᠯᠳᠡᠷᠵᠢᠭᠦᠯᠦᠨ ᠨᠠᠷᠢᠯᠢᠭᠵᠢᠭᠤᠯᠬᠤ ᠬᠡᠷᠡᠭᠲᠡᠢ᠃ ᠮᠠᠨ ᠤ ᠤᠯᠤᠰ ᠢ ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠪᠣᠯ ᠮᠠᠨ ᠤ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠣᠭᠰᠠᠨ ᠤ ᠴᠢᠬᠤᠯᠠ ᠡᠷᠳᠡᠨᠢ ᠮᠥᠨ᠃ ᠡᠨᠡ ᠵᠢᠯ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠶ ᠪᠣᠯᠣᠨ᠎ᠠ᠂ ᠲᠣᠰ ᠪᠡᠶ᠎ᠡ ᠶᠢᠨ ᠥᠭᠡᠷᠡᠴᠢᠯᠡᠯᠲᠡ ᠭᠡᠬᠦ ᠡᠨᠡ ᠬᠦ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠨᠡᠭᠡᠭᠡᠯᠲᠡ ᠬᠢᠬᠦ ᠡᠭᠦᠳᠡ ᠶᠢ ᠥᠷᠭᠡᠳᠬᠡᠬᠦ ᠮᠥᠷᠲᠡᠭᠡᠨ ᠪᠠᠰᠠ ᠥᠭᠡᠷᠡᠴᠢᠯᠡᠯᠲᠡ ᠶᠢᠨ ᠵᠠᠮ ᠢᠶᠠᠷ ᠯᠠᠪᠳᠠᠭᠤᠨ ᠵᠠᠮᠨᠠᠬᠤ ᠬᠡᠷᠡᠭᠲᠡᠢ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠯᠦᠭᠡ ᠨᠠᠩ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠲᠦᠷᠭᠡᠳᠬᠡᠨ ᠴᠣᠭᠴᠠᠯᠠᠵᠤ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ ᠪᠠᠶᠢᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠵᠤ᠂ ︽ᠪᠦᠭᠦ ᠲᠠᠯ᠎ᠠ ᠶᠢᠨ ᠪᠠ ᠳᠠᠪᠰᠢᠯᠳᠠ ᠲᠠᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭᠠᠨ ᠤ ᠵᠥᠪᠳᠡᠯᠴᠡᠭᠡᠷ︾ ᠪᠣᠯᠣᠨ ︽ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭᠠᠨ ᠤ ᠵᠥᠪᠳᠡᠯᠴᠡᠭᠡᠷ︾ ᠲᠤ ᠣᠷᠤᠯᠴᠠᠬᠤ ᠶᠢ ᠠᠬᠢᠭᠤᠯᠬᠤ ᠪᠠᠷ ᠠᠵᠠ ᠲᠣᠭᠢᠶᠠᠯ ᠪᠤᠯᠭᠠᠵᠤ᠂ ᠭᠠᠳᠠᠭᠠᠳᠤ ᠣᠷᠣᠭᠤᠯᠤᠯᠲᠠ ᠶᠢᠨ ᠳᠠᠯᠳᠠ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠭᠠᠳᠠᠭᠠᠳᠤ ᠪᠡᠯᠡ ᠶᠢ ᠲᠠᠲᠠᠬᠤ ᠬᠦᠴᠦᠨ ᠢ ᠴᠢᠩᠭᠠᠳᠬᠠᠬᠤ ᠬᠡᠷᠡᠭᠲᠡᠢ᠃ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠨ ᠢᠶᠠᠷ ᠪᠦᠲᠦᠭᠡᠨ ᠪᠠᠶᠢᠭᠤᠯᠵᠤ᠂ ᠪᠠᠷᠠᠭᠠᠨ ᠤ ᠠᠷᠠᠯᠵᠢᠶ᠎ᠠ ᠶᠢ ᠲᠡᠰ ᠳᠡᠪᠰᠢᠭᠦᠯᠵᠦ᠂ ᠦᠢᠯᠡᠴᠢᠯᠡᠭᠡᠨ ᠤ ᠠᠷᠠᠯᠵᠢᠶ᠎ᠠ ᠶᠢ ᠰᠢᠨᠡᠴᠢᠯᠡᠵᠦ᠂ ᠲᠣᠭᠠᠴᠢᠯᠠᠭᠰᠠᠨ ᠠᠷᠠᠯᠵᠢᠶ᠎ᠠ ᠶᠢ ᠬᠥᠭᠵᠢᠭᠦᠯᠵᠦ᠂ ᠲᠣᠭᠠᠴᠢᠯᠠᠭᠰᠠᠨ ᠪᠣᠬᠢᠷᠳᠤᠯ ᠦᠭᠡᠢ ᠪᠠᠷ ᠴᠢᠭᠯᠡᠯ ᠢᠶᠠᠨ ᠪᠤᠯᠭᠠᠵᠤ᠂ ᠤᠯᠠᠨ ᠤᠯᠤᠰ ᠤᠨ ᠠᠵᠢᠯ ᠤᠨ ᠬᠤᠪᠢᠶᠠᠷᠢᠯᠠᠯ ᠤᠨ ᠪᠠᠶᠢᠷᠢ ᠰᠠᠭᠤᠷᠢ ᠶᠢ ᠤᠯᠠᠮ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠬᠡᠷᠡᠭᠲᠡᠢ᠃ ᠡᠭᠦᠨ ᠤ ᠬᠠᠮᠲᠤ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠶᠢ ᠠᠩᠬᠠᠷᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠵᠡᠮᠳᠡᠬᠦ ᠴᠠᠭᠠᠷᠠᠭᠰᠠᠨ ᠴᠢᠳᠠᠪᠤᠷᠢ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠶᠡᠭᠡ ᠪᠠᠷ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠤᠯᠤᠰ ᠤᠨ ᠨᠡᠭᠡᠭᠡᠯᠲᠡ ᠬᠢᠵᠦ ᠬᠥᠭᠵᠢᠭᠰᠡᠨ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠳ᠋ᠦᠩᠨᠡᠨ ᠬᠡᠷᠡᠭᠯᠡᠵᠦ᠂ ᠨᠡᠭᠡᠭᠡᠯᠲᠡ ᠬᠢᠬᠦ ᠠᠵᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ ᠠᠯᠤᠰ ᠭᠡᠳᠦ ᠶᠢᠨ ᠴᠢᠨᠠᠷᠲᠠᠢ ᠠᠷᠭ᠎ᠠ ᠪᠣᠳᠣᠯᠭ᠎ᠠ ᠶᠢ ᠴᠢᠩᠭᠠᠳᠬᠠᠵᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠦᠷᠢᠶᠡᠨ ᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠲᠤᠭᠤᠷᠠᠲᠠᠯ᠎ᠠ ᠣᠶᠢᠯᠠᠭᠠᠵᠤ᠂ ᠳᠣᠲᠣᠷ᠎ᠠ ᠪᠠᠨ ᠲᠤᠭ᠎ᠠ  ᠲᠠᠢ᠂ ᠭᠠᠷ ᠲᠠᠭᠠᠨ ᠪᠣᠳᠣᠯᠭ᠎ᠠ ᠲᠠᠢ᠂ ᠠᠵᠢᠯᠯᠠᠭ᠎ᠠ ᠬᠦᠴᠦᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠤᠯᠠᠨ ᠤᠯᠤᠰ ᠤᠨ ᠳᠦᠷᠢᠮ ᠢ ᠬᠡᠷᠡᠭᠯᠡᠨ ᠮᠠᠨ ᠤ ᠤᠯᠤᠰ ᠤᠨ ᠬᠥᠭᠵᠢᠯᠲᠡ ᠶᠢᠨ ᠡᠷᠬᠡ ᠠᠰᠢᠭ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠰᠢᠯᠢᠳᠡᠭ ᠰᠠᠶᠢᠨ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠠᠵᠢᠯ ᠤᠨ ᠲᠤᠰᠬᠠᠶᠢᠵᠢᠭᠰᠠᠨ ᠡᠩᠨᠡᠭᠡ ᠶᠢ ᠲᠦᠷᠭᠡᠨ ᠪᠠᠶᠢᠭᠤᠯᠬᠤ ᠬᠡᠷᠡᠭᠲᠡᠢ᠃ ᠨᠡᠭᠡᠭᠡᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠲᠡᠮᠡᠴᠡᠯ ᠤᠨ ᠳᠤᠮᠳᠠ ᠠᠮᠤᠷ ᠲᠦᠪᠰᠢᠨ ᠢ ᠬᠠᠮᠠᠭᠠᠯᠠᠵᠤ᠂ ᠡᠷᠬᠡ ᠠᠰᠢᠭ ᠢᠶᠠᠨ ᠨᠡᠮᠡᠭᠳᠡᠭᠦᠯᠵᠦ᠂ ᠬᠠᠮᠲᠤᠷᠠᠯᠴᠠᠭ᠎ᠠ ᠶᠢ ᠡᠷᠢᠯᠬᠢᠯᠡᠵᠦ᠂ ᠬᠠᠮᠲᠤ ᠪᠠᠷ ᠠᠰᠢᠭ ᠭᠦᠷᠳᠡᠭᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号