ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠢᠨ ᠦᠨᠦ ᠵᠢᠯ ᠦᠪᠡᠷᠲᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ︽ᠤᠪᠤᠷ ᠰᠤᠷᠲᠠᠯ ᠢᠶᠠᠨ ᠰᠠᠶᠢᠵᠢᠷᠠᠭᠤᠯᠵᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠪᠠᠷ ︽ᠤᠪᠤᠷ ᠰᠤᠷᠲᠠᠯ ᠢᠶᠠᠨ | ᠰᠠᠶᠢᠵᠢᠷᠠᠭᠤᠯᠵᠤ ᠦᠷ᠎ᠡ ᠪᠦᠲᠦᠮᠵᠢ ᠶᠢ ᠲᠡᠭᠡᠭᠰᠢᠯᠡᠬᠦᠯᠤᠨ ᠳᠦᠷᠢ ᠳᠦᠷᠬᠦ ᠶᠢ ᠪᠤᠢ ᠪᠤᠯᠭᠠᠬᠤ︾ ᠰᠢᠷᠢᠰ | ᠠᠵᠢᠯᠯᠠᠭ᠎ᠠ ᠦᠷᠨᠢᠭᠦᠯᠵᠦ᠂ ᠺᠠᠲᠠᠷ ᠠᠵᠢᠯᠳᠠᠳ ᠢ ᠤᠬᠠᠮᠰᠠᠷ ᠠᠴᠠ ᠪᠠᠨ ᠦᠵᠡᠯ ᠰᠠᠨᠠᠭ᠎ᠠ ᠶᠢ ᠴᠢᠩᠭᠠᠳᠬᠠᠬᠤ ᠪᠠ | ᠤᠬᠠᠮᠰᠠᠷ ᠠᠴᠠ ᠪᠠᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠲᠠᠶᠢᠴᠢᠯᠠᠨ᠂ ᠤᠷᠤᠯᠳᠤᠨ ᠰᠤᠷᠤᠯᠴᠠᠵᠤ ᠳᠠᠪᠲᠠᠨ | ᠪᠤᠯᠪᠠᠰᠤᠷᠠᠭᠤᠯᠬᠤ ᠳᠤᠮᠳᠠ ᠠᠯᠪᠠᠨ ᠪᠢᠴᠢᠭ ᠪᠢᠴᠢᠬᠦ᠂ ᠬᠤᠷᠠᠯ ᠬᠢᠬᠦ ᠂ ᠠᠯᠪᠠᠨ ᠶᠠᠪᠤᠳᠠᠯ ᠡᠷᠬᠢᠯᠡᠬᠦ ᠵᠡᠷᠭᠡ | ᠴᠢᠳᠠᠪᠤᠷᠢ ᠶᠢ ᠲᠠᠰᠤᠷᠠᠯᠲᠠ ᠦᠭᠡᠢ ᠪᠤᠯᠪᠠᠰᠤᠷᠠᠭᠤᠯᠵᠤ᠂ ᠠᠵᠢᠯ ᠢᠶᠠᠨ ᠪᠦᠳᠦᠮᠵᠢᠳᠠᠢ ᠦᠷᠨᠢᠭᠦᠯᠵᠦ᠂ ᠦᠨᠳᠦᠷ | ᠪᠠᠷᠢᠮᠵᠢᠶ᠎ᠠ ᠪᠠᠷ ᠦᠢᠯᠡᠴᠢᠯᠡᠬᠦ᠂ ᠠᠵᠢᠯ ᠤᠨ ᠴᠢᠳᠠᠪᠤᠷᠢ ᠢᠶᠠᠨ ᠰᠠᠶᠢᠨ ᠪᠠᠳᠠᠷᠠᠭᠤᠯᠬᠤ ᠠᠭᠤᠷ ᠠᠮᠢᠰᠬᠤᠯ ᠢ ᠪᠤᠢ | ᠪᠤᠯᠭᠠᠵᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠵᠦ ︽ | ᠵᠢᠱᠢᠶᠡᠴᠢ ᠦᠪᠡᠷᠲᠡᠭᠡᠨ ᠵᠠᠰᠠᠬᠤ ᠤᠷᠤᠨ︾ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ | ᠦᠵᠡᠬᠦᠯᠵᠤ ᠪᠠᠶᠢᠨ᠎ᠠ᠃ | ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯᠯᠠᠭ᠎ᠠ ᠶᠢᠨ ᠴᠢᠭᠯᠡᠯ ᠢ | ᠲᠤᠳᠤᠷᠬᠠᠶᠢᠯᠠᠪᠠ᠃ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠪᠦᠬᠦ ᠺᠠᠳ᠋ᠷ ᠠᠵᠢᠯᠳᠠᠳ | ᠤᠯᠤᠰ ᠲᠦᠷᠦ ᠶᠢᠨ ᠵᠤᠭᠰᠤᠯᠲᠠ ᠪᠠᠨ ᠪᠠᠲᠤᠳᠬᠠᠵᠤ ︽ᠤᠪᠤᠷ ᠰᠤᠷᠲᠠᠯ ᠢᠶᠠᠨ ᠰᠠᠶᠢᠵᠢᠷᠠᠭᠤᠯᠤᠨ ᠦᠷ᠎ᠡ | ᠪᠦᠲᠦᠮᠵᠢ ᠶᠢ ᠲᠡᠭᠡᠭᠰᠢᠯᠡᠬᠦᠯᠵᠤ ᠳᠦᠷᠢ ᠳᠦᠷᠬᠦ ᠶᠢ ᠪᠤᠢ ᠪᠤᠯᠭᠠᠬᠤ︾ ᠭᠤᠤᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠦᠷᠨᠢᠭᠦᠯᠬᠦ ᠶᠢᠨ ᠴᠢᠬᠤᠯᠠ ᠠᠴᠢ ᠬᠤᠯᠪᠤᠭᠳᠠᠯ ᠢ ᠤᠨᠤᠪᠴᠢᠲᠠᠢ ᠡᠵᠡᠮᠳᠡᠵᠦ᠂ | ᠨᠠᠶᠢᠳᠠᠪᠤᠷᠢᠵᠢᠭᠤᠯᠤᠯᠲᠠ ᠶᠢ ᠲᠦᠷᠭᠡᠨ ᠪᠦᠭᠡᠳ ᠦᠨᠳᠦᠷ ᠪᠦᠲᠦᠮᠵᠢ ᠲᠠᠢ ᠠᠳᠬᠤᠬᠤ ᠳᠤ ᠪᠠᠨ ︽︿ᠤᠪᠤᠷ | ᠰᠤᠷᠲᠠᠯ ᠢᠶᠠᠨ ᠰᠠᠶᠢᠵᠢᠷᠠᠭᠤᠯᠵᠤ ᠦᠷ᠎ᠡ ᠪᠦᠲᠦᠮᠵᠢ ᠪᠠᠨ ᠲᠡᠭᠡᠭᠰᠢᠯᠡᠬᠦᠯᠤᠨ᠂ ᠳᠦᠷᠢ ᠳᠦᠷᠬᠦ ᠶᠢ ᠪᠤᠢ ᠪᠤᠯᠭᠠᠬᠤ﹀ | ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠲᠦᠰᠦᠯ︾ ᠢ ᠲᠤᠭᠲᠠᠭᠠᠵᠤ᠂ ᠲᠤᠰᠬᠠᠢ ᠰᠡᠳᠦᠪᠲᠦ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ ︽ᠤᠪᠤᠷ | ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠲᠡᠭᠡᠭᠰᠢᠯᠡᠬᠦᠯᠤᠨ᠂ ᠳᠦᠷᠢ ᠳᠦᠷᠬᠦ ᠶᠢ ᠪᠤᠢ ᠪᠤᠯᠭᠠᠬᠤ︾ | ᠲᠤᠮᠳᠠᠬᠢ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠪᠤᠳᠠᠲᠤ ᠪᠠᠶᠢᠳᠠᠯ ᠢ ᠦᠨᠳᠦᠰᠦᠯᠡᠨ ᠦᠨᠡᠨ ᠪᠤᠲᠠᠲᠠᠢ | ᠠᠵᠢᠯ ᠤᠨ ᠳᠦᠷᠢᠮ᠂ ᠠᠷᠭ᠎ᠠ ᠶᠢ ᠲᠤᠭᠲᠠᠭᠠᠵᠤ᠂ ︽ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ᠂ ᠳᠦᠷᠢ ᠳᠦᠷᠬᠦ ᠶᠢ ᠪᠤᠢ ᠪᠤᠯᠭᠠᠬᠤ︾ ᠲᠤᠰᠬᠠᠢ ᠠᠵᠢᠯᠯᠠᠭ᠎ᠠ ᠪᠤᠲᠠᠲᠠᠢ ᠦᠷ᠎ᠡ ᠪᠦᠲᠦᠮᠵᠢ ᠤᠯᠬᠤ | ᠶᠢ ᠪᠠᠳᠤᠯᠠᠪᠠ᠃ | ᠤᠨᠤᠯ ᠤᠨ ᠰᠤᠷᠤᠯᠴᠠᠯᠭ᠎ᠠ ᠶᠢ ᠪᠤᠲᠠᠲᠠᠢ ᠠᠳᠬᠤᠵᠤ᠂ ᠠᠵᠢᠯᠯᠠᠭ᠎ᠠ ᠶᠢᠨ ᠶᠠᠰᠤ ᠴᠢᠨᠠᠷ ᠢ ᠪᠠᠳᠤᠯᠠᠪᠠ᠃ | ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ︽ᠭᠤᠷᠪᠠᠨ ᠬᠤᠷᠠᠯ ᠨᠢᠭᠡ ᠬᠢᠴᠢᠶᠡᠯ︾ ᠂ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠵᠤ᠂ ᠠᠵᠢᠯᠯᠠᠭ᠎ᠠ ᠶᠢ ᠬᠦᠨᠵᠡᠬᠡᠶᠢᠷᠡᠬᠦᠯᠵᠤ᠂ | ᠨᠠᠮ ᠤᠨ ᠭᠡᠰᠢᠭᠦᠨ ᠺᠠᠲᠠᠷᠴᠤᠳ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠤᠶᠢᠯᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠺᠠᠲᠠᠷᠴᠤᠳ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠺᠠᠳ᠋ᠷ ᠠᠵᠢᠯᠳᠠᠳ ᠤᠨ ᠦᠪᠡᠰᠦᠭᠡᠨ | ᠰᠤᠷᠬᠤ ᠬᠤᠷᠠᠯ ᠢᠶᠠᠷ ᠲᠤᠰᠬᠠᠢ ᠰᠡᠳᠦᠪᠲᠦ ᠠᠵᠢᠯᠯᠠᠭ᠎ᠠ ᠶᠢᠨ ᠦᠵᠡᠯ ᠰᠠᠨᠠᠭ᠎ᠠ ᠶᠢ ᠬᠦᠮᠦᠰ ᠤᠨ ᠳᠠᠷᠢᠬᠢ ᠰᠡᠳᠬᠢᠯ | ᠳᠤ ᠬᠠᠳᠠᠩᠰᠢᠭᠤᠯᠪᠠ᠃ ᠠᠯᠪᠠᠨ ᠭᠡᠷ ᠤᠨ ᠰᠤᠷᠤᠯᠴᠠᠯᠭ᠎ᠠ ᠪᠠᠷ ᠠᠴᠢᠶᠠᠯᠠᠪᠤᠷᠢ ᠪᠤᠯᠭᠠᠵᠤ᠂ ᠪᠠᠶᠢᠩᠭᠤ ᠲᠤᠬᠢᠶᠠᠯᠳᠤᠬᠤ | ᠠᠯᠪᠠᠨ ᠪᠢᠴᠢᠭ ᠤᠨ ᠬᠡᠯᠪᠡᠷᠢ ᠪᠠ ᠬᠡᠯᠪᠡᠷᠢ ᠶᠢ ᠬᠤᠯᠢᠯᠳᠤᠭᠤᠯᠤᠨ ᠬᠡᠷᠡᠭᠯᠡᠭᠰᠡᠨ ᠪᠠᠶᠢᠳᠠᠯ ᠢ ᠡᠮᠬᠢᠯᠡᠵᠦ᠂ ᠺᠠᠳ᠋ᠷ | ᠠᠵᠢᠯᠳᠠᠳ ᠤᠨ ᠠᠵᠢᠯᠯᠠᠬᠤ ᠴᠢᠳᠠᠪᠤᠷᠢ ᠶᠢ ᠲᠡᠭᠡᠭᠰᠢᠯᠡᠬᠦᠯᠪᠡ᠃ ᠰᠤᠷᠤᠯᠴᠠᠯᠭ᠎ᠠ ᠶᠢᠨ ᠬᠦᠴᠤᠷᠭᠡᠭ ᠤᠯᠤᠰ APP | ᠂ ᠮᠠᠨᠵᠤᠤᠷ ᠤᠨ E ᠬᠠᠮ ᠵᠠᠭᠤᠴᠢᠯᠠᠭᠤᠷ ᠵᠡᠷᠭᠡ ᠲᠠᠪᠴᠠᠩ ᠢᠶᠠᠷ ᠺᠠᠲᠠᠷᠴᠤᠳ ᠤᠨ ︽ᠰᠦᠯᠵᠢᠶᠡᠨ ᠤ | ᠬᠢᠴᠢᠶᠡᠯ ᠤᠨ ᠲᠢᠩᠬᠢᠮ ︾ ᠭᠠᠷᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠵᠤ᠂ ᠡᠳᠦᠷ ᠪᠦᠷᠢ ᠰᠦᠯᠵᠢᠶᠡᠨ ᠳᠡᠭᠡᠷ᠎ᠡ ᠰᠡᠳᠦᠪ ᠬᠠᠷᠢᠭᠤᠯᠵᠤ ᠂ ᠮᠡᠳᠡᠯᠭᠡ ᠪᠠᠨ | ᠦᠷᠭᠡᠳᠬᠡᠬᠦ ᠰᠢᠯᠢᠳᠡᠭ ᠳᠠᠳᠬᠠᠯ ᠢ ᠪᠤᠢ ᠪᠤᠯᠭᠠᠵᠤ ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠡᠯ᠎ᠡ | ᠵᠦᠢᠯ ᠤᠨ ᠠᠵᠢᠯ ᠤᠨ ᠤᠨᠴᠠᠯᠢᠭ ᠲᠠᠢ ᠦᠷ᠎ᠡ ᠪᠦᠲᠦᠮᠵᠢ ᠶᠢ ᠮᠦᠷᠢᠳᠡᠨ ᠮᠡᠳᠡᠭᠡᠯᠡᠵᠦ᠂ ᠰᠦᠯᠵᠢᠶ᠎ᠡ ᠪᠠᠷ | ᠮᠡᠳᠡᠯᠭᠡ ᠰᠤᠷᠬᠤ᠂ ᠬᠤᠷᠠᠯ ᠢᠶᠠᠷ ᠴᠡᠭᠴᠡᠯᠡᠯᠲᠡ ᠶᠢ ᠠᠬᠢᠭᠤᠯᠬᠤ᠂ ᠬᠤᠪᠢ ᠬᠦᠮᠦᠨ ᠤ ᠴᠢᠳᠠᠪᠤᠷᠢ ᠶᠡᠭᠡ ᠪᠠᠷ | ᠲᠡᠭᠡᠭᠰᠢᠯᠡᠭᠰᠡᠨ ᠠᠵᠢᠯ ᠤᠨ ᠠᠭᠤᠷ ᠠᠮᠢᠰᠬᠤᠯ ᠢ ᠪᠤᠢ ᠪᠤᠯᠭᠠᠪᠠ᠃ | ᠴᠢᠭᠯᠡᠯᠲᠡ ᠶᠢ ᠪᠠᠷᠢᠮᠲᠠᠯᠠᠵᠤ᠂ ᠠᠵᠢᠯᠯᠠᠭ᠎ᠠ ᠶᠢᠨ ᠬᠡᠪ ᠳᠠᠭᠤᠷᠢᠶᠠᠯ ᠢ ᠪᠤᠢ ᠪᠤᠯᠭᠠᠪᠠ᠃ ᠲᠤᠰᠬᠠᠢ ᠠᠵᠢᠯᠯᠠᠭ᠎ᠠ ᠶᠢ | ᠦᠷᠨᠢᠭᠦᠯᠬᠦ ᠪᠠ ᠰᠢᠨ᠎ᠡ ᠶᠢ ᠡᠭᠦᠳᠬᠦ ᠲᠠᠢ ᠤᠶᠠᠯᠳᠤᠭᠤᠯᠵᠤ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ | ᠴᠢᠨᠠᠷᠯᠢᠭ ᠦ᠋ᠭᠵᠢᠯᠲᠡ ᠶᠢᠨ ᠳᠤᠮᠳᠠ ᠭᠠᠷᠤᠭᠰᠠᠨ ᠵᠦᠷᠢᠴᠡᠯ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ᠂ | ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤᠮᠳᠠᠬᠢ | ᠪᠠᠭᠤᠷᠠᠢ ᠲᠠᠯ᠎ᠠ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠦᠪᠡᠷᠲᠡᠭᠡᠨ ᠵᠠᠰᠠᠬᠤ | ᠤᠷᠤᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤᠮᠳᠠᠬᠢ ᠡᠯ᠎ᠡ ᠵᠦᠢᠯ ᠤᠨ ᠠᠵᠢᠯ ᠤᠨ ᠭᠤᠤᠯᠳᠠᠯᠭ᠎ᠠ ᠳᠤ | ᠠᠩᠬᠠᠷᠤᠯ ᠢᠶᠠᠨ ᠲᠦᠪᠯᠡᠷᠡᠭᠦᠯᠦᠨ᠂ ︽ᠨᠡᠶᠢᠭᠡᠮ ᠤᠨ ᠲᠤᠰᠠᠯᠠᠮᠵᠢ︾ ᠂ ︽ᠬᠡᠤᠬᠡᠳ ᠢ ᠬᠠᠷᠠᠭᠠᠯᠵᠠᠵᠤ | ᠨᠠᠰᠤᠲᠠᠨ ᠢᠶᠠᠨ ᠬᠦᠨᠳᠦᠯᠡᠬᠦ︾᠂ ︽ᠨᠡᠶᠢᠭᠡᠮ ᠤᠨ ᠵᠠᠰᠠᠯᠲᠠ︾ ᠵᠡᠷᠭᠡ ᠭᠤᠷᠪᠠᠨ ᠲᠠᠯ᠎ᠠ ᠶᠢᠨ ᠪᠤᠭᠤᠮᠲᠠ | ᠰᠢᠪᠳᠤᠯᠤᠯᠳᠠ ᠶᠢᠨ ᠪᠠᠭ ᠢ ᠵᠤᠬᠢᠶᠠᠨ ᠪᠠᠶᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠬᠦᠯᠬᠦ | ᠲᠠᠶᠢᠯᠠᠯᠳᠤᠭᠠᠨ ᠢ ᠡᠬᠢᠯᠡᠬᠦᠯᠵᠤ᠂ ᠺᠠᠳ᠋ᠷ ᠠᠵᠢᠯᠳᠠᠳ ᠤᠨ ᠠᠵᠢᠯ ᠤᠨ ᠤᠷᠮ᠎ᠠ ᠶᠢ ᠬᠦᠭᠵᠢᠭᠡᠭᠰᠡᠨ ᠢᠶᠠᠷ | ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠲᠤᠪᠤᠶᠢᠮ᠎ᠠ ᠪᠤᠯᠵᠠᠢ᠃ | ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠺᠠᠳ᠋ᠷ ᠠᠵᠢᠯᠳᠠᠳ ᠲᠠᠷᠠᠭᠠᠴᠢ ᠪᠠᠷ | ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠬᠢᠨ ᠤ ᠳᠤᠷᠠᠳᠤᠭᠰᠠᠨ ︽ᠦᠵᠡᠯ ᠰᠠᠨᠠᠭ᠎ᠠ ᠪᠠᠨ | ᠲᠡᠭᠡᠭᠰᠢᠯᠡᠬᠦᠯᠵᠤ᠂ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠰᠤᠷᠲᠠᠯ ᠤᠨ | ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ ᠦᠵᠡᠯᠲᠡ ᠪᠠᠨ ᠬᠤᠪᠢᠷᠠᠭᠤᠯᠤᠨ᠂ | ᠵᠦᠷᠢᠶ᠎ᠡ ᠪᠠᠨ ᠪᠠᠭᠠᠰᠬᠠᠵᠤ ᠳᠤᠲᠠᠭᠳᠠᠯ ᠢᠶᠠᠨ ᠨᠦᠬᠦᠪᠤᠷᠢᠯᠡᠨ᠂ ᠠᠷᠭ᠎ᠠ ᠪᠠᠨ ᠰᠠᠶᠢᠵᠢᠷᠠᠭᠤᠯᠵᠤ᠂ ᠠᠵᠢᠯ ᠤᠨ | ᠤᠶᠢᠯᠭᠠᠭᠳᠠᠭᠤᠨ ᠢᠶᠠᠨ ᠳᠡᠭᠡᠭᠰᠢᠯᠡᠭᠦᠯᠵᠦ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢᠨ ᠳᠤᠤᠷ᠎ᠠ ᠠᠯᠪᠠᠨ | ᠭᠡᠷ ᠤᠨ ᠰᠢᠰᠲ᠋ᠧᠮ ᠤᠨ ᠠᠵᠢᠯᠯᠠᠭ᠎ᠠ᠂ ᠨᠢᠬᠡᠳᠦᠯᠲᠡᠢ ᠲᠦᠯᠦᠪᠵᠢᠭᠦᠯᠬᠦ ᠦᠢᠯᠡᠴᠢᠯᠡᠭᠡᠨ ᠤ ᠴᠢᠳᠠᠪᠤᠷᠢ ᠪᠠᠨ | ᠳᠡᠭᠡᠭᠰᠢᠯᠡᠭᠦᠯᠵᠦ᠂ ᠠᠵᠢᠯ ᠤᠨ ᠳᠦᠷᠢᠮ ᠢ ᠬᠦᠮᠦᠨ ᠪᠠ ᠬᠡᠷᠡᠭ ᠤᠴᠢᠷ ᠲᠤ ᠬᠦᠷᠲᠡᠯ᠎ᠡ ᠨᠠᠶᠢᠳᠠᠪᠤᠷᠢᠵᠢᠭᠤᠯᠬᠤ ᠶᠢ | ᠪᠠᠲᠤᠯᠠᠵᠤ᠂ ᠪᠤᠲᠠᠲᠠᠢ ᠠᠵᠢᠯᠯᠠᠭ᠎ᠠ ᠪᠠᠷ ᠢᠶᠠᠨ ︽ᠲᠠᠪᠤᠨ ᠶᠡᠭᠡ ᠡᠭᠦᠷᠭᠡ︾ ᠶᠢᠨ ᠠᠵᠢᠯ ᠤᠨ ᠬᠠᠷᠠᠯᠲᠠ ᠶᠢ | ᠪᠡᠶᠡᠯᠡᠭᠦᠯᠵᠦ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠤ ᠢᠷᠠᠭᠤ ᠠᠯᠳᠠᠷ ᠢ ᠬᠠᠮᠠᠭᠠᠯᠠᠬᠤ ᠪᠤᠯᠤᠨ᠎ᠠ᠃ | | | | | | | | | |