︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠬᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠳᠠ ᠶᠢᠨ ᠬᠠᠤᠯᠢ︾
ᠨᠡᠶᠢᠲᠡᠯᠡᠭᠰᠡᠨ ᠴᠠᠭ᠄
2023/9/7
ᠨᠢᠭᠡᠳᠦᠭᠡᠷ ᠪᠦᠯᠦᠭ     ᠶᠡᠷᠦᠩᠬᠡᠢ ᠳᠦᠷᠢᠮ   ᠨᠢᠭᠡᠳᠦᠭᠡᠷ ᠵᠦᠢᠯ᠄ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠨᠠᠰᠤᠲᠠᠶᠢᠴᠤᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ᠂ ᠪᠦᠷᠢᠨ ᠭᠦᠢᠴᠡᠳ᠂ ᠳᠥᠭᠦᠮ ᠳᠥᠲᠡ ᠪᠠᠷ ᠣᠷᠣᠯᠴᠠᠬᠤ ᠪᠠ ᠨᠡᠶᠢᠬᠡᠮ ᠤᠨ ᠠᠮᠢᠳᠤᠷᠠᠯ ᠳᠤ ᠠᠭᠤᠰᠤᠯᠴᠠᠬᠤ ᠶᠢ ᠪᠠᠲᠤᠯᠠᠵᠤ᠂ ᠨᠡᠶᠢᠭᠡᠮ ᠤᠨ ᠪᠦᠬᠦ ᠬᠥᠮᠥᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠵᠤ ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠬᠤ ᠶᠢ ᠠᠬᠢᠭᠤᠯᠬᠤ ᠶᠢᠨ ᠲᠥᠯᠥᠭᠡ᠂ ᠦᠨᠳᠦᠰᠦᠨ ᠬᠠᠤᠯᠢ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢ ᠦᠨᠳᠦᠰᠦᠯᠡᠨ ᠲᠤᠰ ᠬᠠᠤᠯᠢ ᠶᠢ ᠲᠣᠭᠲᠠᠭᠠᠪᠠ᠃   ᠬᠤᠶᠠᠳᠤᠭᠠᠷ ᠵᠦᠢᠯ ᠄ ᠤᠯᠤᠰ ᠠᠴᠠ ᠠᠷᠭ᠎ᠠ ᠠᠪᠴᠤ ᠪᠠᠶᠢᠭᠠᠳ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠮᠳᠡᠭᠴᠦᠳ᠂ ᠨᠠᠰᠤᠲᠠᠶᠢᠴᠤᠳ ᠤᠨ ᠵᠠᠮ ᠨᠡᠪᠲᠡᠷᠡᠯᠭᠡ᠂ ᠪᠠᠷᠢᠯᠭ᠎ᠠ ᠪᠠᠷ ᠣᠷᠣᠵᠤ ᠭᠠᠷᠬᠤ  ᠪᠠ ᠲᠡᠭᠦᠨ ᠤ ᠳᠠᠭᠠᠯᠲᠠ ᠲᠥᠬᠦᠭᠡᠷᠦᠮᠵᠢ ᠶᠢ ᠬᠡᠷᠡᠭᠯᠡᠬᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠳᠤ ᠰᠠᠭᠤᠬᠤ᠂ ᠮᠡᠳᠡᠭᠡ ᠵᠠᠩᠭᠢ ᠶᠢ ᠣᠯᠬᠤ᠂ ᠬᠡᠷᠡᠭᠯᠡᠬᠦ ᠪᠠ ᠰᠣᠯᠢᠯᠴᠠᠬᠤ ᠂ ᠨᠡᠶᠢᠭᠡᠮ ᠤᠨ ᠦᠢᠯᠡᠴᠢᠯᠡᠭᠡ ᠬᠦᠷᠳᠡᠬᠦ ᠵᠡᠷᠭᠡ ᠳᠤ ᠲᠦᠬᠦᠮ ᠦᠵᠡᠭᠦᠯᠦᠨ᠎ᠡ᠃  ᠵᠡᠮᠳᠡᠭᠴᠦᠳ᠂ ᠨᠠᠰᠤᠲᠠᠶᠢᠴᠤᠳ ᠠᠴᠠ ᠪᠤᠰᠤᠳ ᠬᠦᠮᠦᠰ ᠰᠠᠭᠠᠳ ᠦᠬᠡᠢ ᠤᠷᠴᠢᠨ ᠲᠤᠭᠤᠷᠢᠨ ᠢ ᠬᠡᠷᠡᠭᠯᠡᠬᠦ ᠴᠢᠬᠤᠯᠠᠳᠠᠢ ᠪᠤᠯ ᠮᠥᠨ ᠬᠡᠷᠡᠭᠯᠡᠵᠤ ᠪᠤᠯᠤᠨ᠎ᠠ᠃    ᠭᠤᠷᠪᠠᠳᠤᠭᠠᠷ ᠵᠦᠢᠯ᠄ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠳᠡᠪᠬᠢᠵᠢᠯ ᠢ ᠲᠠᠶᠢᠴᠢᠯᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠤᠯᠠᠨ ᠨᠡᠶᠢᠲᠡ ᠶᠢᠨ ᠥᠷᠭᠡᠨ ᠢᠶᠠᠷ ᠣᠷᠣᠯᠴᠠᠬᠤ ᠶᠢ ᠵᠢᠯᠤᠭᠤᠳᠴᠤ᠂ ᠨᠡᠶᠢᠭᠡᠮ ᠲᠠᠶᠠᠭᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ᠃   ᠳᠥᠷᠪᠡᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠯᠦᠭᠡ ᠤᠶᠠᠯᠳᠤᠭᠤᠯᠵᠤ᠂ ᠠᠶᠤᠯ ᠦᠭᠡᠢ ᠪᠥᠭᠡᠳ ᠳᠥᠭᠦᠮ ᠳᠥᠲᠡ᠂ ᠬᠡᠷᠡᠭᠯᠡᠬᠦ᢭ ᠲᠤ ᠲᠦᠬᠦᠮ᠂ ᠥᠷᠭᠡᠨ ᠢᠶᠠᠷ ᠠᠰᠢᠭ ᠬᠥᠷᠳᠡᠬᠦ ᠵᠠᠷᠴᠢᠮ ᠢ ᠵᠢᠷᠤᠮᠯᠠᠬᠤ ᠬᠡᠷᠡᠭᠲᠡᠢ᠃   ᠲᠠᠪᠤᠳᠤᠭᠠᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠯᠦᠭᠡ ᠵᠣᠬᠢᠴᠠᠭᠤᠯᠤᠨ᠂ ᠬᠤᠲᠠ ᠪᠠᠯᠭᠠᠰᠤ ᠪᠣᠯᠣᠨ ᠬᠥᠳᠡᠭᠡ ᠲᠣᠰᠬᠤᠨ  ᠤ  ᠬᠦᠭᠵᠢᠬᠦᠯᠤᠯᠳᠡ ᠶᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠶᠢᠨ ᠰᠠᠭᠠᠳ ᠦᠭᠡᠢ ᠣᠷᠴᠢᠨ ᠲᠣᠭᠤᠷᠢᠨ  ᠤ ᠪᠦᠲᠦᠭᠡᠨ ᠪᠠᠶᠢᠭᠤᠯᠤᠯᠲᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃   ᠵᠢᠷᠭᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ  ᠬᠦᠭᠵᠢᠬᠦᠯᠤᠯᠳᠡ ᠶᠢᠨ ᠲᠥᠯᠦᠪᠵᠢᠭᠦᠯᠭᠡ ᠳᠤ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠲᠥᠰᠥᠪ ᠲᠤ ᠪᠠᠨ ᠣᠷᠣᠭᠤᠯᠵᠤ᠂ ᠵᠠᠷᠤᠳᠠᠯ ᠢ ᠪᠠᠲᠤᠯᠠᠬᠤ ᠲᠣᠭᠲᠠᠪᠤᠷᠢᠲᠠᠢ ᠲᠣᠭᠲᠠᠴᠠ ᠶᠢ ᠪᠠᠶᠢᠭᠤᠯᠬᠤ ᠬᠡᠷᠡᠭᠲᠡᠢ᠃   ᠳᠣᠯᠣᠳᠤᠭᠠᠷ ᠵᠦᠢᠯ ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠴᠤ ᠪᠠᠶᠢᠭᠠᠳ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠨᠢ ᠰᠠᠶᠢᠲᠤᠷ ᠬᠢᠯᠭᠡᠬᠦ ᠬᠡᠷᠡᠭᠲᠡᠢ᠃   ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠰᠠᠭᠠᠳ ᠦᠭᠡᠢ ᠣᠷᠴᠢᠨ  ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠢ᠃   ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ  ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠳᠡᠢ᠃   ᠨᠠᠢᠮᠠᠳᠤᠭᠠᠷ ᠵᠦᠢᠯ᠄ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠳᠠ ᠨᠤᠭᠤᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠲᠤᠰ ᠤᠨ ᠳᠦᠷᠢᠮ ᠤᠨ ᠶᠣᠰᠣᠭᠠᠷ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠲᠡᠬᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠯᠬᠡᠬᠦ ᠬᠡᠷᠡᠭᠲᠡᠢ᠃   ᠶᠢᠰᠦᠳᠦᠭᠡᠷ ᠵᠦᠢᠯ ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠯᠦᠪᠵᠢᠭᠦᠯᠭᠡ ᠪᠣᠯᠣᠨ ᠪᠤᠰᠤᠳ ᠵᠢᠷᠤᠮᠵᠢᠯ  ᠤᠨ ᠴᠢᠨᠠᠷᠲᠠᠢ ᠪᠢᠴᠢᠭ  ᠮᠠᠲ᠋ᠧᠷᠢᠶᠠᠯ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠤ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠠ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠬᠢᠨ ᠤ ᠰᠠᠨᠠᠯ ᠢ ᠬᠤᠷᠢᠶᠠᠬᠤ ᠬᠡᠷᠡᠭᠲᠡᠢ᠃   ᠠᠷᠪᠠᠳᠤᠭᠠᠷ ᠵᠦᠢᠯ᠄ ᠤᠯᠤᠰ ᠠᠴᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠥᠨ ᠵᠡᠷᠭᠡ ᠨᠡᠶᠢᠭᠡᠮ ᠤᠨ ᠬᠦᠴᠦᠨ ᠤ ᠬᠠᠨᠳᠢᠪᠯᠡᠨ ᠬᠦᠷᠭᠡᠬᠦ᠂ ᠰᠠᠶᠢᠨ ᠲᠤᠷᠠᠴᠤᠤᠯ ᠤᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠲᠡᠮᠵᠢᠨ᠎ᠠ᠃    ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠶᠢ ᠤᠯᠤᠰ ᠠᠴᠠ ᠲᠡᠮᠵᠢᠨ᠎ᠠ᠃   ᠠᠷᠪᠠᠨ ᠨᠢᠭᠡᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ  ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠬᠡᠴᠢ ᠪᠣᠯᠣᠨ ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃          
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号