ᠬᠤᠶᠠᠳᠤᠭᠠᠷ ᠪᠦᠯᠦᠭ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠠᠷᠪᠠᠨ ᠬᠤᠶᠠᠳᠤᠭᠠᠷ ᠵᠦᠢᠯ ᠄ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ | ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ᠂ ᠬᠤᠷᠢᠶᠠᠯᠠᠯ᠂ ᠤᠯᠠᠨ ᠨᠡᠶᠢᠲᠡ ᠶᠢᠨ ᠪᠠᠷᠢᠯᠭ᠎ᠠ᠂ ᠤᠯᠠᠨ | ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ᠂ ᠬᠤᠳᠠ ᠬᠥᠳᠡᠭᠡ ᠶᠢᠨ ᠵᠠᠮ ᠵᠡᠷᠭᠡ ᠨᠢ ᠰᠠᠭᠠᠳ | ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠰᠠᠭᠠᠳ ᠦᠭᠡᠢ ᠲᠦᠬᠦᠬᠡᠷᠤᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠵᠡᠷᠭᠡ ᠪᠠᠷ ᠲᠥᠯᠥᠪᠵᠢᠭᠦᠯᠵᠦ᠂ ᠵᠡᠷᠭᠡ | ᠪᠠᠷ ᠵᠢᠷᠤᠭᠯᠠᠨ ᠲᠥᠯᠥᠪᠯᠡᠵᠦ᠂ ᠵᠡᠷᠭᠡ ᠪᠠᠷ ᠪᠠᠷᠢᠵᠤ᠂ ᠵᠡᠷᠭᠡ ᠪᠠᠷ ᠰᠢᠯᠭᠠᠨ ᠠᠪᠴᠤ᠂ ᠵᠡᠷᠭᠡ ᠪᠠᠷ ᠲᠤᠰᠢᠶᠠᠨ | ᠥᠭᠴᠦ ᠬᠡᠷᠡᠭᠯᠡᠭᠦᠯᠬᠦ ᠶᠢᠨ ᠬᠠᠮᠲᠤ ᠡᠷᠬᠢᠨ ᠲᠣᠭᠤᠷᠢᠨ ᠤ ᠰᠠᠭᠠᠳ ᠦᠭᠡᠢ ᠲᠦᠬᠦᠬᠡᠷᠤᠮᠵᠢ ᠯᠦᠭᠡ ᠪᠦᠲᠦᠮᠵᠢᠲᠡᠶ | ᠵᠣᠯᠭᠠᠭᠤᠯᠵᠤ᠂ ᠨᠡᠪᠲᠡᠷᠡᠭᠦᠯᠬᠦ ᠬᠡᠷᠡᠭᠲᠡᠢ᠃ | ᠰᠠᠭᠠᠳ ᠦᠭᠡᠢ ᠲᠥᠬᠦᠭᠡᠷᠦᠮᠵᠢ ᠳᠤ ᠪᠠᠷᠢᠮᠵᠢᠶ᠎ᠠ ᠳᠤ ᠨᠡᠶᠢᠴᠡᠭᠰᠡᠨ ᠰᠠᠭᠠᠳ ᠦᠭᠡᠢ ᠵᠠᠮ ᠤᠨ ᠢᠯᠡᠳᠬᠡᠮᠵᠢ | ᠲᠡᠮᠳᠡᠭ ᠲᠠᠯᠪᠢᠬᠤ ᠬᠡᠷᠡᠭᠲᠡᠢ ᠪᠥᠭᠡᠳ ᠡᠷᠬᠢᠨ ᠲᠣᠭᠤᠷᠢᠨ ᠤ ᠪᠠᠷᠢᠯᠭ᠎ᠠ ᠶᠢᠨ ᠳᠣᠲᠣᠭᠠᠳᠤ ᠶᠢᠨ ᠵᠢᠯᠤᠭᠤᠳᠬᠤ | ᠢᠯᠡᠳᠬᠡᠮᠵᠢ ᠲᠡᠮᠳᠡᠭ ᠤᠨ ᠰᠢᠰᠲ᠋ᠧᠮ ᠳᠤ ᠣᠷᠣᠭᠤᠯᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ | ᠪᠠᠷᠢᠯᠭ᠎ᠠ ᠶᠢᠨ ᠠᠵᠢᠯ ᠵᠡᠷᠭᠡ ᠨᠢᠭᠡᠴᠢ ᠶᠢᠨ ᠲᠡᠷᠢᠭᠦᠨ ᠤ ᠣᠶᠢᠯᠠᠭᠠᠭᠳᠠᠬᠤᠨ ᠪᠠ ᠮᠡᠷᠭᠡᠵᠢᠯ ᠢ ᠬᠡᠷᠡᠭᠯᠡᠵᠦ᠂ | ᠬᠥᠮᠥᠨᠴᠢᠯᠡᠭᠰᠡᠨ᠂ ᠰᠢᠰᠲ᠋ᠧᠮᠵᠢᠭᠰᠡᠨ᠂ ᠣᠶᠤᠨᠴᠢᠯᠠᠭᠰᠠᠨ ᠪᠥᠭᠡᠳ ᠡᠷᠬᠢᠨ ᠲᠣᠭᠤᠷᠢᠨ ᠤ ᠣᠷᠴᠢᠨ ᠲᠣᠭᠤᠷᠢᠨ ᠲᠠᠢ | ᠵᠣᠬᠢᠴᠠᠯᠳᠤᠭᠰᠠᠨ ᠰᠠᠭᠠᠳ ᠦᠭᠡᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠶᠢ ᠤᠯᠤᠰ ᠠᠴᠠ ᠵᠣᠷᠢᠭᠵᠢᠭᠤᠯᠤᠨ᠎ᠠ | ᠃ | ᠠᠷᠪᠠᠨ ᠳᠥᠷᠪᠡᠳᠦᠭᠡᠷ ᠵᠦᠢᠯ ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠬᠡᠴᠢ ᠨᠦᠭᠦᠳ ᠰᠠᠭᠠᠳ | ᠦᠭᠡᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠣᠶᠢᠮᠣ ᠲᠥᠰᠥᠪ ᠲᠤ ᠪᠠᠨ ᠣᠷᠣᠭᠤᠯᠬᠤ ᠬᠡᠷᠡᠭᠲᠡᠢ᠃ | ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠢ ᠬᠢᠨ ᠤ ᠰᠠᠭᠠᠳ ᠦᠬᠡᠢ ᠲᠥᠬᠦᠭᠡᠷᠦᠮᠵᠢ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠠᠴᠠ ᠵᠦᠷᠢᠴᠡᠭᠰᠡᠨ ᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠨᠢᠭᠡᠴᠢ ᠶᠢᠨ ᠬᠢᠨ ᠢᠯᠡ ᠪᠠᠷ ᠪᠤᠶᠤ ᠳᠠᠯᠳᠠ ᠪᠠᠷ ᠮᠡᠳᠡᠭᠳᠡᠵᠦ ᠪᠣᠯᠬᠤ ᠦᠬᠡᠢ᠃ ᠰᠢᠯᠭᠠᠵᠤ | ᠬᠦᠯᠢᠶᠡᠨ ᠠᠪᠤᠬᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠰᠠᠭᠠᠳ ᠦᠭᠡᠢ | ᠲᠥᠬᠦᠭᠡᠷᠦᠮᠵᠢ ᠶᠢ ᠳᠤᠷ᠎ᠠ ᠪᠠᠷ ᠢᠶᠠᠨ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ᠄ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠨᠢᠭᠡᠴᠢ ᠶᠢᠨ ᠬᠢᠨ ᠰᠠᠭᠠᠳ ᠦᠭᠡᠢ | ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠵᠢᠷᠤᠭ ᠲᠥᠯᠥᠪᠯᠡᠭᠡ | ᠬᠢᠬᠦ ᠬᠡᠷᠡᠭᠲᠡᠢ᠃ | ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ | ᠴᠢᠬᠤᠯᠠᠲᠠᠢ ᠪᠤᠯ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ | ᠶᠤᠰᠤᠭᠠᠷ ᠰᠠᠭᠠᠳ ᠦᠭᠡᠢ ᠲᠦᠬᠦᠬᠡᠷᠤᠮᠵᠢ ᠶᠢᠨ ᠵᠢᠷᠤᠵᠤ ᠲᠥᠯᠥᠪᠯᠡᠭᠰᠡᠨ ᠠᠭᠤᠯᠭ᠎ᠠ ᠶᠢ ᠬᠢᠨᠠᠨ ᠪᠠᠶᠢᠴᠠᠭᠠᠬᠤ | ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠤᠯ ᠬᠢᠨᠠᠯᠳᠠ ᠶᠢ ᠦᠡᠭᠭᠡᠷᠡᠬᠦᠯᠵᠤ ᠪᠤᠯᠬᠤ | ᠦᠭᠡᠢ᠃ | ᠠᠷᠪᠠᠨ ᠵᠢᠷᠭᠤᠳᠤᠭᠠᠷ ᠵᠦᠢᠯ᠄ ᠪᠠᠷᠢᠯᠭ᠎ᠠ ᠪᠠᠷᠢᠬᠤ ᠳᠤ ᠬᠢᠨᠠᠨ ᠬᠠᠮᠢᠶᠠᠷᠬᠤ ᠨᠢᠭᠡᠴᠢ ᠨᠦᠭᠦᠳ ᠪᠠᠷᠢᠯᠭ᠎ᠠ ᠶᠢᠨ | ᠵᠢᠷᠤᠭ ᠲᠦᠯᠤᠪᠯᠡᠭᠡ ᠪᠢᠴᠢᠭ ᠮᠠᠲ᠋ᠧᠷᠢᠶᠠᠯ ᠪᠠ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠰᠠᠭᠠᠳ ᠦᠭᠡᠢ | ᠲᠦᠬᠦᠬᠡᠷᠤᠮᠵᠢ ᠶᠢᠨ ᠪᠠᠷᠢᠯᠭ᠎ᠠ ᠪᠠᠷᠢᠬᠤ ᠶᠢ ᠬᠢᠨᠠᠨ ᠬᠠᠮᠢᠶᠠᠷᠬᠤ ᠬᠡᠷᠡᠭᠲᠡᠢ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠠᠭᠠᠳ ᠦᠭᠡᠢ ᠲᠦᠬᠦᠬᠡᠷᠤᠮᠵᠢ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠰᠢᠯᠭᠠᠨ | ᠠᠪᠬᠤ ᠠᠵᠢᠯ ᠥᠷᠨᠢᠭᠦᠯᠦᠭᠰᠡᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠤᠯ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠴᠤ ᠲᠠᠩᠰᠠᠯᠠᠬᠰᠠᠨ ᠭᠠᠷᠳᠠᠮ ᠢ ᠭᠦᠢᠴᠡᠳᠬᠡᠵᠦ ᠥᠭᠬᠦ ᠦᠭᠡᠢ᠃ | ᠠᠷᠪᠠᠨ ᠳᠣᠯᠣᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ | ᠲᠥᠯᠦᠪᠵᠢᠭᠦᠯᠭᠡ᠂ ᠵᠢᠷᠤᠭ ᠲᠥᠯᠥᠪᠯᠡᠭᠡ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠵᠠᠩᠭᠢᠯᠠᠭ᠎ᠠ ᠳᠤ | ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠤᠯᠤᠨ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ | ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢ ᠤᠷᠢᠵᠤ ᠰᠠᠨᠠᠯ ᠬᠤᠷᠢᠶᠠᠬᠤ ᠪᠠ ᠪᠡᠶᠡᠴᠢᠯᠡᠨ ᠤᠶᠢᠯᠠᠭᠠᠵᠤ ᠲᠤᠷᠰᠢᠨ | ᠬᠡᠷᠡᠭᠯᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠬᠤ ᠶᠢ ᠤᠯᠤᠰ ᠠᠴᠠ ᠵᠣᠷᠢᠭᠵᠢᠭᠤᠯᠤᠨ᠎ᠠ᠃ | ᠠᠷᠪᠠᠨ ᠨᠠᠢᠮᠠᠳᠤᠭᠠᠷ ᠵᠦᠢᠯ᠄ ᠨᠢᠭᠡᠨᠲᠡ ᠪᠠᠶᠢᠭ᠎ᠠ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠦ ᠨᠡᠶᠢᠴᠡᠬᠦ ᠣᠷᠣᠨ ᠰᠠᠭᠤᠴᠠ ᠶᠢᠨ ᠪᠠᠷᠢᠯᠭ᠎ᠠ᠂ ᠬᠤᠷᠢᠶᠠᠯᠠᠯ᠂ ᠤᠯᠠᠨ | ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ᠂ ᠬᠤᠳᠠ | ᠬᠥᠳᠡᠭᠡ ᠶᠢᠨ ᠵᠠᠮ ᠵᠡᠷᠭᠡ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠨ ᠵᠠᠰᠠᠬᠤ ᠬᠠᠨᠳᠤᠯᠭᠠᠲᠤ ᠴᠢᠨᠠᠷᠲᠠᠢ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ | ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠠᠵᠢᠯ ᠢ ᠥᠮᠴᠢᠯᠡᠯ ᠤᠨ ᠡᠷᠬᠡᠲᠦ ᠬᠥᠮᠥᠨ ᠪᠤᠶᠤ | ᠬᠠᠮᠢᠶᠠᠷᠤᠬᠴᠢ ᠨᠢ ᠬᠠᠷᠢᠭᠤᠴᠠᠨ᠎ᠠ᠃ ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠶᠢᠨ | ᠬᠤᠭᠤᠷᠣᠨᠳᠤ ᠪᠠᠨ ᠥᠭᠡᠷᠡᠴᠢᠯᠡᠬᠦ ᠬᠠᠷᠢᠭᠤᠴᠠᠯᠭ᠎ᠠ ᠶᠢ ᠪᠣᠯᠵᠣᠨ ᠲᠣᠭᠲᠠᠭᠰᠠᠨ ᠪᠤᠯ ᠪᠣᠯᠵᠣᠨ ᠲᠣᠭᠲᠠᠭᠰᠠᠨ | ᠬᠠᠷᠢᠭᠤᠴᠠᠯᠭ᠎ᠠ ᠲᠠᠢ ᠬᠥᠮᠥᠨ ᠨᠢ ᠬᠠᠷᠢᠭᠤᠴᠠᠨ᠎ᠠ᠃ | ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠤᠯ | ᠬᠠᠷᠢᠭᠤᠴᠠᠯᠭ᠎ᠠ ᠲᠠᠢ ᠬᠥᠮᠥᠨ ᠴᠢᠬᠤᠯᠠ ᠪᠦᠬᠦᠢ ᠤᠷᠤᠯᠠᠭᠤᠯᠬᠤ ᠠᠷᠭ᠎ᠠ ᠠᠪᠬᠤ ᠬᠡᠷᠡᠭᠲᠡᠢ᠃ | ᠠᠷᠪᠠ ᠶᠢᠰᠦᠳᠦᠭᠡᠷ ᠵᠦᠢ᠊ᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠭᠡᠷ ᠪᠦᠯᠢ ᠶᠢᠨ ᠰᠠᠭᠠᠳ ᠦᠭᠡᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠠᠮᠵᠢᠨ ᠵᠢᠯᠤᠭᠤᠳᠬᠤ ᠬᠡᠷᠡᠭᠲᠡᠢ᠃ | ᠨᠥᠬᠦᠴᠡᠯ ᠳᠤ ᠨᠡᠶᠢᠴᠡᠬᠦ ᠵᠡᠮᠳᠡᠭᠴᠦᠳ᠂ ᠨᠠᠰᠤᠲᠠᠶᠢᠴᠤᠳ ᠤᠨ ᠭᠡᠷ ᠪᠦᠯᠢ ᠳᠤ ᠵᠣᠬᠢᠬᠤ ᠨᠥᠬᠦᠪᠦᠷᠢ ᠥᠭᠬᠦ ᠬᠡᠷᠡᠭᠲᠡᠢ | ᠃ | ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ᠂ ᠣᠷᠣᠨ ᠰᠠᠭᠤᠴᠠ ᠶᠢᠨ ᠲᠣᠭᠤᠷᠢᠭ ᠤᠨ | ᠬᠠᠮᠢᠶᠠᠷᠤᠯᠲᠠ ᠦᠢᠯᠡᠴᠢᠯᠡᠭᠡᠨ ᠤ ᠨᠢᠭᠡᠴᠢ ᠪᠤᠯᠤᠨ ᠥᠮᠴᠢᠲᠡᠨ ᠤ ᠵᠦᠪᠯᠡᠯ ︵业主委员会︶ ᠤᠨ ᠬᠢᠨ | ᠭᠡᠷ ᠪᠦᠯᠢ ᠶᠢᠨ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠬᠦ ᠶᠢᠨ ᠬᠠᠮᠲᠤ | ᠬᠠᠮᠵᠢᠯᠴᠠᠬᠤ ᠬᠡᠷᠡᠭᠲᠡᠢ᠃ | ᠬᠤᠷᠢᠳᠤᠭᠠᠷ ᠵᠦᠢᠯ ᠄ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ ᠨᠦᠭᠦᠳ ᠬᠤᠯᠪᠣᠭᠳᠠᠯ | ᠪᠦᠬᠦᠢ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠪᠠᠶᠢᠭᠤᠯᠬᠤ ᠪᠠ ᠥᠭᠡᠷᠡᠴᠢᠯᠡᠬᠦ | ᠬᠡᠷᠡᠭᠲᠡᠢ᠃ | ᠬᠥᠮᠥᠨ ᠬᠡᠷᠡᠭᠯᠡᠬᠦ ᠨᠢᠭᠡᠴᠢ ᠶᠢᠨ ᠠᠵᠢᠯ ᠣᠯᠬᠤ ᠲᠠᠯᠠᠪᠤᠷ ᠤᠨ ᠰᠠᠭᠠᠳ ᠦᠭᠡᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠬᠦ ᠶᠢ ᠤᠯᠤᠰ ᠠᠴᠠ ᠵᠣᠷᠢᠭᠵᠢᠭᠤᠯᠤᠨ ᠲᠡᠮᠵᠢᠵᠤ᠂ ᠵᠡᠮᠳᠡᠭ | ᠠᠵᠢᠯᠲᠠᠨ ᠠᠵᠢᠯᠴᠢᠨ ᠳᠤ ᠴᠢᠬᠤᠯᠠ ᠪᠦᠬᠦᠢ ᠬᠥᠳᠡᠯᠮᠦᠷᠢ ᠶᠢᠨ ᠨᠥᠬᠦᠴᠡᠯ ᠪᠠ ᠲᠦᠬᠦᠮ ᠦᠵᠡᠭᠦᠯᠦᠨ᠎ᠡ᠃ | ᠬᠤᠷᠢᠨ ᠨᠢᠭᠡᠳᠦᠭᠡᠷ ᠵᠦᠢᠯ᠄ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ | ᠲᠡᠬᠡᠬᠡᠪᠤᠷᠢ ᠶᠢᠨ ᠲᠥᠬᠦᠭᠡᠷᠦᠮᠵᠢ ᠪᠠ ᠬᠤᠷᠢᠶᠠᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠰᠠᠭᠠᠳ ᠦᠭᠡᠢ | ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ | ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠢ᠃ ᠡᠮᠦᠨ᠎ᠡ ᠦᠬᠦᠯᠡᠭᠰᠡᠨ ᠨᠢᠬᠡᠨᠳᠡ | ᠪᠠᠶᠢᠭ᠎ᠠ ᠪᠠᠷᠢᠯᠭ᠎ᠠ᠂ ᠲᠠᠯᠠᠪᠤᠷ ᠭᠠᠵᠠᠷ ᠪᠠ ᠲᠥᠬᠦᠭᠡᠷᠦᠮᠵᠢ ᠨᠢ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠤ ᠨᠡᠶᠢᠴᠡᠪᠡᠯ ᠴᠢᠬᠤᠯᠠ ᠪᠦᠬᠦᠢ ᠥᠭᠡᠷᠡᠴᠢᠯᠡᠯᠲᠡ ᠬᠢᠬᠦ ᠬᠡᠷᠡᠭᠲᠡᠢ | ᠃ | ᠬᠤᠷᠢᠨ ᠬᠤᠶᠠᠳᠤᠭᠠᠷ ᠵᠦᠢᠯ᠄ ᠬᠤᠳᠠ ᠪᠠᠯᠭᠠᠰᠤᠨ ᠤ ᠬᠠᠭᠤᠴᠢᠨ ᠬᠤᠷᠢᠶᠠᠯᠠᠯ ᠤᠨ ᠤᠯᠠᠨ ᠳᠠᠪᠬᠤᠷᠭᠠᠲᠤ | ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠪᠤᠰᠤᠳ ᠰᠠᠭᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠶᠢ | ᠤᠯᠤᠰ ᠠᠴᠠ ᠲᠡᠮᠵᠢᠵᠤ᠂ ᠵᠡᠮᠳᠡᠭᠴᠦᠳ᠂ ᠨᠠᠰᠤᠲᠠᠶᠢᠴᠤᠳ ᠲᠤ ᠲᠦᠬᠦᠮ ᠦᠵᠡᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠯᠤᠨ ᠲᠡᠭᠦᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠠᠷᠭ᠎ᠠ ᠠᠪᠴᠤ ᠪᠠᠶᠢᠭᠠᠳ ᠨᠥᠬᠦᠴᠡᠯ ᠪᠦᠷᠢᠯᠳᠤᠬᠦᠯᠵᠤ ᠦᠭᠭᠦ ᠶᠢᠨ ᠬᠠᠮᠲᠤ ᠨᠡᠶᠢᠭᠡᠮ | ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠨᠢᠭᠡᠨᠲᠡ | ᠪᠠᠶᠢᠭ᠎ᠠ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠰᠠᠭᠠᠳ ᠦᠭᠡᠢ ᠪᠤᠰᠤᠳ | ᠲᠥᠬᠦᠭᠡᠷᠦᠮᠵᠢ ᠨᠡᠮᠡᠵᠦ ᠤᠭᠰᠠᠷᠠᠬᠤ ᠶᠢ ᠠᠬᠢᠭᠤᠯᠬᠤ ᠬᠡᠷᠡᠭᠲᠡᠢ᠃ | ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠬᠥᠷᠰᠢ ᠬᠤᠭᠤᠷᠤᠨᠳᠤ ᠪᠠᠨ ᠰᠠᠶᠢᠬᠠᠨ ᠶᠠᠪᠤᠯᠴᠠᠬᠤ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ | ᠰᠤᠷᠲᠠᠯ ᠢ ᠪᠠᠳᠠᠷᠠᠭᠤᠯᠵᠤ᠂ ᠨᠡᠪᠲᠡᠷᠡᠯᠴᠡᠨ ᠵᠥᠪᠳᠡᠯᠴᠡᠬᠦ ᠪᠠᠨ ᠴᠢᠩᠭᠠᠳᠬᠠᠵᠤ᠂ ᠨᠢᠭᠡᠨᠲᠡ ᠪᠠᠶᠢᠭ᠎ᠠ ᠤᠯᠠᠨ | ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠪᠤᠰᠤᠳ ᠰᠠᠭᠠᠳ ᠦᠭᠡᠢ ᠲᠥᠬᠦᠭᠡᠷᠦᠮᠵᠢ ᠨᠡᠮᠡᠵᠦ | ᠤᠭᠰᠠᠷᠠᠬᠤ ᠳᠤ ᠬᠠᠤᠯᠢ ᠶᠣᠰᠣᠭᠠᠷ ᠬᠠᠮᠵᠢᠯᠴᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠬᠤᠳᠠ ᠶᠢᠨ ᠭᠤᠣᠯ ᠵᠠᠮ᠂ ᠭᠤᠣᠯ | ᠬᠤᠳᠠᠯᠳᠤᠭᠠᠨ ᠤ ᠲᠣᠭᠤᠷᠢᠭ ᠪᠠ ᠲᠣᠮᠣ ᠬᠡᠯᠪᠡᠷᠢ ᠶᠢᠨ ᠬᠤᠷᠢᠶᠠᠯᠠᠯ ᠤᠨ ᠶᠠᠪᠠᠭᠠᠨ ᠤ ᠬᠥᠭᠦᠷᠭᠡ ᠪᠠ ᠶᠠᠪᠠᠭᠠᠨ ᠤ | ᠨᠦᠬᠡᠨ ᠵᠠᠮ ᠢ ᠪᠠᠶᠢᠭᠤᠯᠬᠤ ᠳᠤ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠪᠦᠲᠦᠭᠡᠨ ᠪᠠᠶᠢᠭᠤᠯᠬᠤ ᠪᠤᠶᠤ | ᠥᠭᠡᠷᠡᠴᠢᠯᠡᠨ ᠪᠠᠶᠢᠭᠤᠯᠬᠤ ᠬᠡᠷᠡᠭᠲᠡᠢ᠃ | ᠬᠤᠳᠠ ᠶᠢᠨ ᠭᠤᠣᠯ ᠵᠠᠮ᠂ ᠭᠤᠣᠯ ᠬᠤᠳᠠᠯᠳᠤᠭᠠᠨ ᠤ ᠲᠣᠭᠤᠷᠢᠭ ᠵᠡᠷᠭᠡ ᠰᠠᠭᠠᠳ ᠦᠭᠡᠢ ᠲᠦᠬᠦᠬᠡᠷᠤᠮᠵᠢ ᠶᠢᠨ | ᠬᠡᠷᠡᠭᠴᠡᠭᠡ ᠨᠡᠯᠢᠶᠡᠳ ᠲᠥᠪᠯᠡᠷᠡᠭᠰᠡᠨ ᠣᠷᠣᠨ ᠤ ᠶᠠᠪᠠᠭᠠᠨ ᠤ ᠵᠠᠮ ᠳᠤ ᠪᠠᠷᠢᠮᠵᠢᠶ᠎ᠠ ᠶᠣᠰᠣᠭᠠᠷ ᠰᠣᠬᠤᠷ ᠬᠥᠮᠥᠨ ᠤ | ᠵᠠᠮ ᠭᠠᠷᠭᠠᠬᠤ ᠬᠡᠷᠡᠭᠲᠡᠢ᠃ ᠬᠤᠳᠠ ᠶᠢᠨ ᠲᠥᠪ ᠲᠣᠭᠤᠷᠢᠭ᠂ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ | ᠨᠢᠭᠡᠴᠢ ᠪᠣᠯᠣᠨ ᠲᠥᠪᠯᠡᠷᠡᠭᠦᠯᠦᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠶᠠᠪᠠᠭᠠᠨ ᠤ | ᠬᠥᠨᠳᠡᠯᠡᠨ ᠵᠠᠮ ᠤᠨ ᠳᠤᠬᠢᠶᠠᠨ ᠤ ᠲᠥᠬᠦᠭᠡᠷᠦᠮᠵᠢ ᠳᠤ ᠵᠠᠮ ᠤᠬᠳᠤᠯᠬᠤ ᠳᠠᠭᠤ ᠴᠢᠮᠡᠭᠡᠨ ᠤ ᠰᠠᠨᠠᠭᠤᠯᠤᠮᠵᠢ ᠶᠢᠨ | ᠲᠥᠬᠦᠭᠡᠷᠦᠮᠵᠢ ᠶᠢ ᠪᠠᠷᠢᠮᠵᠢᠶ᠎ᠠ ᠶᠣᠰᠣᠭᠠᠷ ᠤᠭᠰᠠᠷᠠᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ᠄ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠳᠠ ᠶᠢᠨ ᠪᠠᠷᠢᠮᠵᠢᠶ᠎ᠠ ᠶᠣᠰᠣᠭᠠᠷ ᠲᠡᠷᠭᠡᠨ ᠵᠣᠭᠰᠣᠭᠠᠯ ᠲᠡᠬᠡᠷ᠎ᠡ ᠲᠡᠷᠭᠡ ᠵᠣᠭᠰᠤᠭᠠᠬᠤ ᠰᠠᠭᠠᠳ ᠦᠭᠡᠢ | ᠪᠠᠶᠢᠷᠢ ᠪᠠᠶᠢᠷᠢᠯᠠᠭᠤᠯᠬᠤ ᠶᠢᠨ ᠬᠠᠮᠲᠤ ᠢᠯᠡᠷᠬᠡᠢ ᠲᠡᠮᠳᠡᠭ ᠭᠠᠷᠭᠠᠬᠤ ᠬᠡᠷᠡᠭᠲᠡᠢ᠃ | ᠲᠡᠷᠭᠡ ᠵᠣᠭᠰᠣᠬᠤ ᠰᠠᠭᠠᠳ ᠦᠭᠡᠢ ᠪᠠᠶᠢᠷᠢ ᠶᠢ ᠵᠡᠮᠳᠡᠭᠴᠤᠳ ᠤᠨ ᠵᠢᠯᠤᠭᠤᠳᠴᠤ ᠪᠠᠶᠢᠭ᠎ᠠ ᠪᠤᠶᠤ ᠰᠠᠭᠤᠵᠤ | ᠪᠠᠶᠢᠭ᠎ᠠ ᠪᠠᠶᠢᠭ᠎ᠠ ᠮᠠᠰᠢᠨ ᠲᠡᠷᠭᠡᠨᠴᠢᠷ ᠳᠤ ᠤᠷᠢᠳ ᠢᠶᠠᠷ ᠬᠡᠷᠡᠭᠯᠡᠭᠦᠯᠦᠨ᠎ᠡ᠃ ᠲᠡᠷᠭᠡ ᠵᠣᠭᠰᠤᠭᠠᠬᠤ ᠰᠠᠭᠠᠳ ᠦᠭᠡᠢ | ᠪᠠᠶᠢᠷᠢ ᠶᠢ ᠤᠷᠢᠳ ᠢᠶᠠᠷ ᠬᠡᠷᠡᠭᠯᠡᠭᠴᠢᠳ ᠲᠤ ᠵᠡᠮᠳᠡᠭᠴᠦᠳ ᠤᠨ ᠲᠡᠷᠭᠡ ᠬᠥᠰᠬᠡ ᠶᠢᠨ ᠲᠤᠰᠬᠠᠢ ᠬᠡᠷᠡᠭᠯᠡᠬᠦ ᠲᠡᠮᠳᠡᠭ | ᠲᠠᠯᠪᠢᠬᠤ ᠪᠤᠶᠤ ᠵᠡᠮᠳᠡᠭᠴᠦᠳ ᠤᠨ ᠦᠨᠡᠮᠯᠡᠯ ᠬᠠᠩᠭᠠᠬᠤ ᠬᠡᠷᠡᠭᠲᠡᠢ᠃ | ᠲᠡᠷᠭᠡ ᠵᠣᠭᠰᠣᠬᠤ ᠰᠠᠭᠠᠳ ᠦᠭᠡᠢ ᠪᠠᠶᠢᠷᠢ ᠭᠦᠢᠴᠡᠳ ᠪᠠᠶᠢᠬᠤ ᠪᠠᠶᠢᠳᠠᠯ ᠳᠤ ᠬᠥᠳᠡᠯᠵᠦ ᠪᠠᠷᠢᠬᠤ ᠳᠤ ᠪᠠᠨ | ᠲᠦᠬᠦᠮ ᠦᠭᠡᠢ ᠪᠤᠰᠤᠳ ᠵᠡᠮᠳᠡᠭᠴᠦᠳ᠂ ᠨᠠᠰᠤᠲᠠᠶᠢᠴᠤᠳ᠂ ᠵᠢᠷᠮᠦᠰᠦᠨ ᠪᠦᠰᠡᠬᠦᠢ᠂ ᠨᠢᠯᠬ᠎ᠠ ᠪᠠᠯᠴᠢᠷ ᠬᠡᠦᠬᠡᠳ | ᠤᠨ ᠵᠢᠯᠤᠭᠤᠳᠬᠤ ᠪᠤᠶᠤ ᠰᠠᠭᠤᠬᠤ ᠮᠠᠰᠢᠨ ᠢ ᠴᠦ ᠵᠤᠬᠰᠤᠭᠠᠵᠤ ᠪᠣᠯᠣᠨ᠎ᠠ᠃ | ᠬᠤᠷᠢᠨ ᠲᠠᠪᠤᠳᠤᠭᠠᠷ ᠵᠦᠢᠯ᠄ ᠡᠵᠡᠩᠨᠡᠯᠲᠡ ᠳᠤ ᠰᠢᠨ᠎ᠡ ᠪᠠᠷ ᠣᠷᠣᠭᠤᠯᠤᠭᠰᠠᠨ ᠠᠶᠠᠨᠴᠢᠨ ᠤ ᠨᠢᠰᠬᠡᠯ᠂ | ᠠᠶᠠᠨᠴᠢᠳ ᠤᠨ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠣᠩᠭᠤᠴᠠ ᠰᠠᠯ᠂ ᠤᠯᠠᠨ ᠨᠡᠶᠢᠲᠡ ᠶᠢᠨ | ᠮᠠᠰᠢᠨ ᠲᠡᠷᠭᠡ ᠴᠠᠬᠢᠯᠭᠠᠨ ᠲᠡᠷᠭᠡ᠂ ᠬᠤᠳᠠ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠵᠡᠷᠭᠡ ᠤᠯᠠᠨ ᠨᠡᠶᠢᠲᠡ ᠶᠢᠨ | ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠵᠣᠬᠢᠬᠤ ᠬᠠᠷᠢᠴᠠᠯ ᠢᠶᠠᠷ ᠰᠠᠭᠠᠳ ᠦᠭᠡᠢ ᠪᠠᠷᠢᠮᠵᠢᠶ᠎ᠠ ᠳᠤ | ᠨᠡᠶᠢᠴᠡᠬᠦᠯᠬᠦ ᠬᠡᠷᠡᠭᠲᠡᠢ᠃ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠨᠢ ᠥᠭᠡᠷᠡᠴᠢᠯᠡᠬᠦ ᠨᠥᠬᠦᠴᠡᠯ ᠢ | ᠪᠦᠷᠢᠯᠳᠤᠬᠦᠯᠪᠡᠯ ᠰᠠᠭᠠᠳ ᠦᠭᠡᠢ ᠶᠢᠨ ᠥᠭᠡᠷᠡᠴᠢᠯᠡᠯᠲᠡ ᠬᠢᠵᠦ᠂ ᠠᠯᠬᠤᠮ ᠠᠯᠬᠤᠮ ᠢᠶᠠᠷ ᠰᠠᠭᠠᠳ ᠦᠭᠡᠢ ᠶᠢᠨ | ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠥᠭᠡᠷᠡᠴᠢᠯᠡᠬᠦ ᠨᠥᠬᠦᠴᠡᠯ ᠢ ᠪᠦᠷᠢᠳᠦᠭᠦᠯᠦᠭᠰᠡᠨ ᠦᠭᠡᠢ | ᠪᠣᠯ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠶᠢᠨ ᠡᠵᠡᠩᠨᠡᠯᠲᠡ ᠶᠢᠨ ᠨᠢᠬᠡᠴᠢ ᠨᠦᠭᠦᠳ | ᠴᠢᠬᠤᠯᠠ ᠪᠦᠬᠦᠢ ᠤᠷᠤᠭᠠᠤᠯᠬᠤ ᠠᠷᠭ᠎ᠠ ᠠᠪᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠲᠤᠬᠠᠢ ᠶᠢᠨ ᠭᠠᠵᠠᠷ ᠤᠨ ᠪᠠᠶᠢᠳᠠᠯ ᠢᠶᠠᠨ ᠦᠨᠳᠦᠰᠦᠯᠡᠨ ᠬᠤᠳᠠ ᠶᠢᠨ ᠰᠠᠭᠠᠳ ᠤᠶᠢᠭᠡᠢ ᠨᠡᠶᠢᠲᠡ ᠶᠢᠨ ᠮᠠᠰᠢᠨ | ᠲᠡᠷᠭᠡᠨ ᠤ ᠵᠠᠮᠴᠢᠯᠠᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠰᠠᠭᠠᠳ ᠦᠬᠡᠢ ᠲᠦᠷᠢᠶᠡᠰᠦᠨ ᠮᠠᠰᠢᠨ | ᠲᠡᠷᠭᠡ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ᠄ ᠬᠠᠷᠰᠢ ᠦᠭᠡᠢ ᠲᠦᠬᠦᠬᠡᠷᠤᠮᠵᠢ ᠶᠢᠨ ᠥᠮᠴᠢᠯᠡᠬᠦ ᠡᠷᠬᠡᠲᠦ ᠬᠥᠮᠥᠨ ᠪᠤᠶᠤ | ᠬᠠᠮᠢᠶᠠᠷᠤᠬᠴᠢ ᠨᠢ ᠰᠠᠭᠠᠳ ᠦᠭᠡᠢ ᠲᠦᠬᠦᠬᠡᠷᠤᠮᠵᠢ ᠳᠤ ᠲᠠᠷᠠᠭᠠᠬᠢ ᠮᠡᠲᠦ ᠬᠠᠮᠠᠭᠠᠯᠠᠬᠤ ᠪᠠ ᠬᠠᠮᠢᠶᠠᠷᠬᠤ | ᠬᠠᠷᠢᠭᠤᠴᠠᠯᠭ᠎ᠠ ᠶᠢ ᠭᠦᠢᠴᠡᠳᠬᠡᠵᠦ᠂ ᠰᠠᠭᠠᠳ ᠦᠭᠡᠢ ᠲᠦᠬᠦᠬᠡᠷᠤᠮᠵᠢ ᠶᠢᠨ ᠴᠢᠳᠠᠮᠵᠢ ᠶᠢᠨ ᠬᠡᠪ ᠤᠨ ᠪᠠᠶᠢᠬᠤ ᠪᠠ | ᠬᠡᠷᠡᠭᠯᠡᠯᠲᠡ ᠶᠢᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠄ | ︵ᠨᠢᠭᠡ︶ ᠡᠪᠳᠡᠷᠡᠵᠦ ᠰᠦᠢᠳᠦᠭᠰᠡᠨ ᠰᠠᠭᠠᠳ ᠦᠭᠡᠢ ᠲᠥᠬᠦᠭᠡᠷᠦᠮᠵᠢ ᠪᠠ ᠢᠯᠡᠳᠬᠡᠭᠴᠢ ᠲᠡᠮᠳᠡᠭ ᠢ ᠰᠡᠯᠪᠢᠨ | ᠵᠠᠰᠠᠬᠤ ᠪᠤᠶᠤ ᠰᠣᠯᠢᠬᠤ᠃ | ︵ᠬᠤᠶᠠᠷ︶ ᠥᠭᠡᠷᠡᠴᠢᠯᠡᠬᠦ ᠴᠢᠬᠤᠯᠠᠲᠠᠢ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ᠃ | ︵ᠭᠤᠷᠪᠠ︶ ᠰᠠᠭᠠᠳ ᠦᠭᠡᠢ ᠲᠥᠬᠦᠭᠡᠷᠦᠮᠵᠢ ᠶᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ᠃ | | ︵ᠲᠦᠷᠪᠡ︶ ᠪᠤᠰᠤᠳ ᠴᠢᠬᠤᠯᠠ ᠪᠦᠬᠦᠢ ᠬᠠᠮᠠᠭᠠᠯᠠᠯᠲᠠ ᠪᠠ ᠠᠷᠠᠴᠢᠯᠠᠯᠲᠠ ᠬᠢᠬᠦ᠃ | ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠬᠤᠭᠤᠷᠣᠨᠳᠤ ᠪᠠᠨ ᠪᠤᠯᠵᠤᠬᠰᠠᠨ ᠦᠬᠡᠢ | ᠪᠤᠯᠪᠣᠯᠵᠣᠨ ᠲᠣᠭᠲᠠᠭᠰᠠᠨ ᠬᠠᠷᠢᠭᠤᠴᠠᠯᠭ᠎ᠠ ᠲᠠᠢ ᠬᠥᠮᠥᠨ ᠬᠠᠷᠢᠭᠤᠴᠠᠨ ᠬᠠᠮᠠᠭᠠᠯᠠᠵᠤ ᠬᠠᠮᠢᠶᠠᠷᠤᠨ᠎ᠠ᠃ | ᠬᠤᠷᠢᠨ ᠳᠣᠯᠣᠳᠤᠭᠠᠷ ᠵᠦᠢᠯ᠄ ᠤᠨᠴᠠᠭᠠᠢ ᠪᠠᠶᠢᠳᠠᠯ ᠠᠴᠠ ᠪᠣᠯᠵᠤ ᠲᠣᠬᠢᠷᠠᠭᠤᠯᠤᠭᠰᠠᠨ ᠲᠦᠷ ᠴᠠᠭ ᠤᠨ ᠰᠠᠭᠠᠳ | ᠦᠭᠡᠢ ᠲᠦᠬᠦᠬᠡᠷᠤᠮᠵᠢ ᠨᠢ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ᠄ ᠶᠠᠮᠠᠷᠪᠠ ᠨᠢᠭᠡᠴᠢ ᠪᠠ ᠬᠤᠪᠢ ᠬᠥᠮᠥᠨ ᠰᠠᠭᠠᠳ ᠦᠭᠡᠢ ᠲᠥᠬᠦᠭᠡᠷᠦᠮᠵᠢ ᠶᠢᠨ | ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠰᠠᠭᠠᠳ ᠦᠭᠡᠢ ᠲᠥᠬᠦᠭᠡᠷᠦᠮᠵᠢ ᠶᠢ ᠬᠠᠤᠯᠢ ᠪᠤᠰᠤ ᠪᠠᠷ | ᠡᠵᠡᠯᠡᠨ ᠬᠡᠷᠡᠭᠯᠡᠵᠦ᠂ ᠡᠪᠳᠡᠨ ᠰᠦᠢᠳᠬᠡᠵᠦ ᠪᠣᠯᠬᠤ ᠦᠭᠡᠢ᠃ | ᠣᠨᠴᠠᠭᠠᠶ ᠪᠠᠶᠢᠳᠠᠯ ᠠᠴᠠ ᠪᠣᠯᠵᠤ ᠰᠠᠭᠠᠳ ᠦᠬᠡᠢ ᠲᠥᠬᠦᠭᠡᠷᠦᠮᠵᠢ ᠶᠢ ᠲᠤᠶᠢᠷ ᠴᠠᠭ ᠡᠵᠡᠯᠡᠨ ᠬᠡᠷᠡᠭᠯᠡᠭᠰᠡᠨ ᠪᠤᠯ | ᠠᠯᠪᠠᠨ ᠵᠡᠷ ᠨᠡᠶᠢᠲᠡᠯᠡᠬᠦ ᠶᠢᠨ ᠬᠠᠮᠲᠤ ᠬᠠᠯᠬᠠᠪᠴᠢ ᠬᠡᠷᠡᠰᠬᠡ᠂ ᠰᠡᠷᠡᠮᠵᠢ ᠶᠢᠨ ᠲᠡᠮᠳᠡᠭ ᠪᠤᠶᠤ ᠲᠤᠬᠢᠶᠡᠠ ᠤ | ᠲᠥᠬᠦᠭᠡᠷᠦᠮᠵᠢ ᠶᠢ ᠪᠠᠶᠢᠷᠢᠯᠠᠭᠤᠯᠬᠤ ᠶᠢᠨ ᠬᠠᠮᠲᠤ ᠴᠢᠬᠤᠯᠠ ᠪᠦᠬᠦᠢ ᠤᠷᠤᠭᠤᠯᠬᠤ ᠠᠷᠭ᠎ᠠ ᠠᠪᠬᠤ ᠬᠡᠷᠡᠭᠲᠡᠢ᠃ | ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠲᠤᠯᠪᠠᠯ ᠤᠤᠯ ᠤᠨ ᠪᠠᠶᠢᠳᠠᠯ ᠳᠤ ᠨᠢ ᠲᠠᠷᠤᠢ ᠤᠷᠤᠭᠤᠯᠬᠤ | ᠬᠡᠷᠡᠭᠲᠡᠢ᠃ | | | | | | |