ᠪᠤᠭᠤᠲᠤ ᠬᠤᠲᠠ᠄ ᠬᠤᠷᠢᠮ ᠤᠨ ᠶᠣᠰᠣᠯᠠᠯ ᠤᠨ ᠨᠡᠶᠢᠲᠡ ᠶᠢᠨ ᠮᠠᠰᠢᠨ ᠷᠣᠮᠠᠨᠲ᠋ᠢᠭ ᠠᠶᠠᠯᠠᠯ ᠢᠶᠠᠨ ᠡᠬᠢᠯᠡᠭᠦᠯᠵᠦ ᠴᠢᠩᠱᠠᠨ ᠲᠣᠭᠤᠷᠢᠭ ᠲᠤ ᠪᠤᠬᠢᠷᠳᠤᠯ ᠦᠬᠡᠢ ᠬᠤᠷᠢᠮ ᠤᠨ ᠶᠣᠰᠣᠯᠠᠯ ᠤᠨ ᠰᠢᠨ᠎ᠡ ᠥᠩᠭᠡ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2024/1/10
      ᠰᠢᠨ᠎ᠡ ᠵᠢᠯ ᠤᠨ ᠡᠬᠢᠨ ᠳᠤ ᠪᠤᠭᠤᠲᠤ ᠬᠤᠳᠠ ᠶᠢᠨ ᠭᠤᠣᠯ ᠵᠡᠭᠡᠯᠢ ᠪᠠᠷ ᠠᠶᠠᠯᠠᠬᠤ ᠦᠡᠭᠭᠡ ᠢᠯᠭᠠᠷᠠᠬᠰᠠᠨ ᠣᠨᠴᠠᠭᠠᠢ ᠨᠡᠶᠢᠲᠡ ᠶᠢᠨ ᠮᠠᠰᠢᠨ ᠬᠦᠮᠦᠰ ᠤᠨ ᠠᠩᠬᠠᠷᠤᠯ ᠢ ᠲᠠᠳᠠᠵᠤ ᠪᠠᠶᠢᠯ᠎ᠠ᠃ ᠨᠡᠶᠢᠲᠡ ᠶᠢᠨ ᠮᠠᠰᠢᠨ ᠲᠡᠷᠭᠡᠨ ᠳᠡᠭᠡᠷ᠎ᠡ ᠴᠦ ᠮᠠᠰᠢ ᠨᠠᠷᠭᠢᠶᠠᠨ ᠲᠠᠢ᠃ ᠰᠢᠨ᠎ᠡ ᠬᠤᠤᠰ ᠵᠤᠤ ᠶᠠ ᠨᠠᠨ᠂ ᠸᠠᠩ ᠽᠦ ᠴᠧᠨ ︽ᠬᠤᠷᠢᠮ ᠤᠨ ᠶᠣᠰᠣᠯᠠᠯ ᠤᠨ ᠭᠤᠣᠯ ᠰᠡᠳᠦᠪᠲᠦ ᠨᠡᠶᠢᠲᠡ ᠶᠢᠨ ᠮᠠᠰᠢᠨ︾  ᠳᠤ ᠰᠠᠭᠤᠵᠤ ᠵᠣᠯ ᠵᠢᠷᠭᠠᠯᠲᠤ ᠠᠶᠠᠯᠠᠯ ᠢᠶᠠᠨ ᠡᠬᠢᠯᠡᠬᠦᠯᠵᠤ ᠪᠠᠶᠢᠭ᠎ᠠ ᠨᠢ ᠡᠨᠡ ᠶᠤᠮ᠃

W020240110633035876656_ORIGIN.jpg

      ᠪᠥᠬᠦ ᠤᠯᠤᠰ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠤᠯᠬᠤ

ᠴᠢᠩᠱᠠᠨ ᠲᠣᠭᠤᠷᠢᠭ ᠤᠨ ᠬᠢᠨ ᠦᠪᠡᠷ ᠤᠨ ᠤᠨᠴᠠᠯᠢᠭ ᠲᠠᠢ᠂ ᠠᠷᠠᠳ ᠲᠤ ᠤᠶᠢᠷ᠎ᠠ ᠲᠤᠳᠤᠨᠤ ᠤᠷᠤᠭ ᠤᠨ

ᠵᠠᠩᠰᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠷᠭ᠎ᠠ ᠶᠢᠨ ᠰᠢᠨ᠎ᠡ ᠪᠠᠷ ᠡᠭᠦᠳᠪᠡ᠃ 2023 ᠣᠨ ᠤ

ᠰᠡᠭᠦᠯᠴᠢ ᠪᠠᠷ ᠪᠤᠭᠤᠲᠤ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠬᠢᠨ ᠲᠠᠢ ᠬᠠᠮᠲᠤᠷᠠᠨ ︽

ᠬᠤᠷᠢᠮ ᠤᠨ ᠨᠡᠶᠢᠲᠡ ᠶᠢᠨ ᠮᠠᠰᠢᠨ ᠷᠣᠮᠠᠨᠲ᠋ᠢᠭ ᠠᠶᠠᠯᠠᠯ ᠢᠶᠠᠨ ᠡᠬᠢᠯᠡᠭᠦᠯᠬᠦ︾ ᠭᠤᠣᠯ ᠰᠡᠳᠦᠪᠲᠦ ᠲᠥᠷᠥᠯ ᠵᠦᠢᠯ ᠢ

ᠭᠠᠷᠭᠠᠵᠤ᠂ ᠵᠢᠷᠭᠤᠭᠠᠨ ᠵᠦᠢᠯ ᠤᠨ ᠠᠳᠠᠯᠢ ᠪᠤᠰᠤ ᠬᠡᠪ ᠨᠠᠮᠪᠠ ᠲᠠᠢ ᠬᠤᠷᠢᠮ ᠤᠨ ᠨᠡᠶᠢᠲᠡ ᠶᠢᠨ ᠮᠠᠰᠢᠨ ᠲᠡᠷᠭᠡ ᠶᠢ

ᠴᠢᠮᠡᠭᠯᠡᠭᠰᠡᠨ ᠶᠤᠮ᠃

W020240110633035908047_ORIGIN.jpg

     ᠸᠠᠩ ᠽᠧ ᠴᠧᠨ ᠬᠤᠷᠢᠮ ᠤᠨ ᠶᠣᠰᠣᠯᠠᠯ ᠤᠨ ᠨᠡᠶᠢᠲᠡ ᠶᠢᠨ ᠮᠠᠰᠢᠨ ᠢ ᠠᠩᠬ᠎ᠠ ᠡᠳ᠋ᠯᠡᠭᠴᠢ ᠰᠢᠨ᠎ᠡ ᠪᠡᠷᠢ

ᠪᠤᠯᠤᠬᠰᠠᠨ ᠤ ᠬᠤᠪᠢ ᠳᠤ ᠄ ︽ᠨᠡᠶᠢᠲᠡ ᠶᠢᠨ ᠮᠠᠰᠢᠨ ᠢᠶᠠᠷ ᠬᠤᠷᠢᠮ ᠤᠨ ᠮᠠᠰᠢᠨ ᠪᠣᠯᠭᠠᠬᠤ ᠨᠢ ᠴᠠᠭ ᠤᠨ

ᠥᠩᠭᠡ ᠶᠢ ᠲᠠᠭᠠᠬᠰᠠᠨ ᠥᠪᠡᠷᠮᠢᠴᠡ ᠣᠨᠴᠠᠯᠢᠭ ᠲᠠᠢ᠂ ᠪᠣᠬᠢᠷᠲᠤᠯ ᠦᠭᠡᠢ ᠪᠤᠯᠬᠤᠷ ᠣᠷᠴᠢᠨ ᠠᠬᠤᠢ ᠶᠢ

ᠬᠠᠮᠠᠭᠠᠯᠠᠬᠤ ᠪᠠᠷ ᠪᠠᠷᠠᠬᠤ ᠦᠭᠡᠢ᠂ ᠬᠦᠷ ᠬᠥᠭᠵᠢᠶᠡᠨ ᠲᠠᠢ᠂ ᠲᠦᠷᠦᠯ ᠰᠠᠳᠤᠨ ᠰᠠᠶᠢᠨ ᠨᠠᠶᠢᠵᠠ ᠨᠥᠬᠦᠳ ᠲᠠᠢ ᠪᠠᠨ

ᠨᠢᠭᠡ ᠯᠡ ᠲᠡᠷᠭᠡᠨ ᠳᠡᠭᠡᠷ᠎ᠡ ᠵᠣᠯ ᠵᠢᠷᠭᠠᠯᠲᠤ ᠤᠷᠤᠭ ᠤᠨ ᠠᠶᠠᠨ ᠤ ᠠᠩᠬᠠᠨ ᠤ ᠠᠶᠠᠯᠠᠯ ᠢ  ᠡᠬᠢᠯᠡᠭᠰᠡᠨ ᠳᠤ ᠪᠠᠨ

ᠮᠠᠰᠢ ᠵᠢᠷᠭᠠᠯᠳᠠᠢ ᠪᠠᠶᠢᠨ᠎ᠠ︾ ᠭᠡᠵᠤ ᠰᠡᠳᠬᠢᠯ ᠲᠤᠬᠳᠤᠯᠤᠨ ᠶᠠᠷᠢᠵᠤ ᠪᠠᠶᠢᠯ᠎ᠠ᠃ ᠰᠢᠨ᠎ᠡ ᠬᠦᠷᠭᠡᠨ ᠵᠣᠣ ᠶᠠ ᠨᠠᠨ᠄

︽ᠬᠤᠷᠢᠮ ᠤᠨ ᠲᠡᠷᠭᠡ ᠲᠦᠷᠢᠶᠡᠰᠦᠯᠡᠬᠦ ᠳᠤ ᠨᠡᠷᠡᠲᠦ ᠲᠡᠷᠭᠡ᠂ ᠬᠡᠭᠡᠨᠴᠢᠷ ᠲᠡᠷᠭᠡ᠂ ᠦᠨ᠎ᠡ ᠪᠡᠨ᠎ᠡ ᠲᠠᠢ ᠮᠠᠰᠢᠨ

ᠲᠡᠷᠬᠡ ᠪᠠᠶᠢᠬᠤ ᠯᠨ᠂ ᠡᠨᠡ ᠨᠢ ᠡᠳ᠋ ᠮᠦᠡᠭᠭᠦᠨ ᠳᠤ ᠭᠠᠮ ᠦᠬᠡᠢ ᠪᠦᠬᠡᠳ ᠵᠠᠮ ᠮᠦᠷ ᠢ ᠲᠦᠭᠵᠢᠬᠡᠳ ᠬᠦᠮᠦᠰ ᠤᠨ

ᠶᠠᠪᠤᠵᠤ ᠰᠠᠭᠤᠬᠤ ᠳᠤ ᠲᠦᠬᠦᠮ ᠦᠬᠡᠢ᠃ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠬᠢᠨ ᠤᠷᠤᠭ ᠤᠨ

ᠵᠠᠩᠰᠢᠯ ᠤᠨ ᠥᠭᠡᠷᠡᠴᠢᠯᠡᠯᠲᠡ ᠶᠢ ᠰᠠᠨᠠᠭᠠᠴᠢᠯᠠᠵᠤ ᠭᠠᠷᠭᠠᠭᠰᠠᠨ ᠬᠤᠷᠢᠮ ᠤᠨ ᠨᠡᠶᠢᠲᠡ ᠶᠢᠨ ᠮᠠᠰᠢᠨ ᠨᠢ  ᠰᠢᠨ᠎ᠡ

ᠰᠡᠪᠡᠬᠦᠨ ᠪᠦᠬᠡᠳ ᠬᠡᠳᠦᠬᠡᠨ ᠵᠠᠭᠤᠨ ᠲᠥᠭᠦᠷᠢᠭ ᠵᠠᠷᠤᠬᠤ ᠶᠢ ᠮᠡᠳᠡᠬᠡᠳ ᠨᠡᠷ᠎ᠡ ᠮᠡᠳᠡᠭᠦᠯᠵᠦ ᠤᠷᠤᠯᠴᠠᠬᠰᠠᠨ᠃ ᠨᠡᠩ

ᠤᠯᠠᠨ ᠰᠢᠨ᠎ᠡ ᠬᠤᠤᠰ ᠤᠳ ᠡᠨᠡ ᠬᠦ ᠮᠠᠰᠢᠨ ᠢ ᠬᠡᠷᠡᠭᠯᠡᠬᠦ ᠶᠢ ᠬᠦᠰᠡᠵᠤ ᠪᠠᠶᠢᠨ᠎ᠠ︾ ᠭᠡᠵᠤ ᠬᠡᠯᠡᠪᠡ᠃ ᠬᠤᠷᠢᠮ ᠤᠨ

ᠶᠣᠰᠣᠯᠠᠯ ᠤᠨ ᠨᠡᠶᠢᠲᠡ ᠶᠢᠨ ᠮᠠᠰᠢᠨ ᠤ ᠠᠩᠬᠠᠨ ᠤ ᠠᠶᠠᠯᠠᠯ ᠤᠨ ᠮᠠᠷᠭᠠᠰᠢ ᠠᠴᠠ ᠨᠢ ᠡᠬᠢᠯᠡᠬᠡᠳ ᠬᠤᠲᠠ ᠲᠠᠶᠠᠭᠠᠷ

 ᠲᠤ ︽ᠬᠤᠷᠢᠮ ᠤᠨ ᠨᠡᠶᠢᠲᠡ ᠶᠢᠨ ᠮᠠᠰᠢᠨ︾ ᠲᠤ ᠲᠤᠬᠠᠢ ᠬᠠᠯᠠᠭᠤᠨ ᠥᠷᠨᠢᠯᠲᠡ ᠭᠠᠷᠴᠤ᠂ 4 ᠰᠢᠨ᠎ᠡ ᠬᠤᠣᠰ

ᠨᠡᠷ᠎ᠡ ᠮᠡᠳᠡᠬᠦᠯᠤᠬᠡᠳ ᠪᠠᠶᠢᠨ᠎ᠠ᠃

W020240110633035939742_ORIGIN.jpg

     ᠴᠢᠩᠱᠠᠨ ᠲᠣᠭᠤᠷᠢᠭ ᠤᠨ ᠬᠢᠨ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠬᠦ᠂ ᠠᠷᠠᠳ ᠤᠨ ᠠᠮᠢᠳᠤᠷᠠᠯ ᠤᠨ

ᠬᠠᠨᠳᠤᠰᠢ ᠳᠤ ᠨᠡᠶᠢᠴᠡᠬᠦ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠬᠠᠷᠠᠯᠲᠠ ᠶᠢ ᠢᠳᠡᠪᠬᠢᠲᠡᠢ ᠰᠦᠪᠡᠭᠴᠢᠯᠡᠵᠦ

᠂  ᠤᠷᠤᠭ ᠤᠨ ᠵᠠᠩᠰᠢᠯ ᠤᠨ ᠥᠭᠡᠷᠡᠴᠢᠯᠡᠯᠲᠡ ᠪᠣᠯᠣᠨ ᠠᠵᠤ ᠦᠢᠯᠡᠰ ᠤᠨ ᠬᠥᠭᠵᠢᠯᠲᠡ ᠶᠢ ᠬᠠᠷᠢᠯᠴᠠᠨ

ᠠᠭᠤᠰᠤᠯᠴᠠᠭᠤᠯᠵᠤ᠂  ᠤᠷᠤᠭ ᠤᠨ ᠶᠣᠰᠣᠯᠠᠯ ᠤᠨ ᠠᠵᠤ ᠦᠢᠯᠡᠰ ᠤᠨ ᠤᠷᠤᠭ ᠤᠨ ᠵᠠᠩᠰᠢᠯ ᠤᠨ

ᠥᠭᠡᠷᠡᠴᠢᠯᠡᠯᠲᠡ ᠳᠤ ᠣᠷᠣᠯᠴᠠᠬᠤ ᠶᠢ ᠠᠬᠢᠭᠤᠯᠬᠤ ᠪᠠᠷ ᠳᠠᠮᠵᠢᠭᠤᠯᠤᠨ ᠬᠡᠷᠡᠭᠯᠡᠭᠴᠢᠳ ᠤᠨ ᠦᠵᠡᠯᠲᠡ ᠶᠢ

ᠨᠥᠯᠥᠭᠡᠯᠡᠵᠦ᠂ ᠪᠣᠯᠬᠢ ᠵᠠᠩᠰᠢᠯ ᠢ ᠠᠷᠢᠯᠭᠠᠪᠠ᠃ ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ ᠬᠢᠨ ᠤᠷᠤᠭ

ᠬᠤᠷᠢᠮ ᠤᠨ ᠰᠢᠨ᠎ᠡ ᠬᠡᠪ ᠰᠤᠷᠲᠠᠯ ᠢ ᠬᠥᠮᠥᠰ ᠤᠨ ᠰᠡᠳᠬᠢᠯ ᠳᠤ ᠰᠢᠩᠭᠡᠭᠡᠬᠦ ᠳᠤ ᠦᠷᠬᠦᠯᠵᠢᠯᠡᠨ ᠴᠢᠷᠮᠠᠶᠢᠨ

ᠠᠵᠢᠯᠯᠠᠬᠤ ᠪᠤᠯᠤᠨ᠎ᠠ᠃

 

 

 

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号