ᠤᠯᠠᠭᠠᠨᠬᠠᠳᠠ ᠶᠢᠨ ᠬᠤᠩᠱᠠᠨ ᠲᠤᠭᠤᠷᠢᠭ ᠤᠨ 68 ᠰᠢᠨ᠎ᠡ ᠬᠤᠤᠰ ᠰᠢᠨ᠎ᠡ ᠤᠨ ᠢᠶᠠᠨ ᠷᠤᠮᠠᠨᠲ᠋ᠢᠭ ᠢᠶᠠᠷ ᠤᠬᠳᠤᠯ᠎ᠠ
ᠨᠡᠶᠢᠲᠡᠯᠡᠭᠰᠡᠨ ᠴᠠᠭ᠄
2024/1/10
     ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠣᠷᠤᠭ ᠤᠨ ᠪᠦᠷᠢᠳᠬᠡᠯ ᠤᠨ ᠲᠥᠪ ᠤᠨ ᠬᠢᠨ 2024 ᠤᠨ ᠤ1 ᠳ᠋ᠤᠬᠡᠷ ᠰᠠᠷ᠎ᠠ ᠶᠢᠨ 1 ᠤ ᠡᠳᠦᠷ ᠬᠤᠲᠠ ᠶᠢᠨ ᠠᠷᠠᠳ ᠲᠤ 9 ᠴᠠᠭ ᠠᠴᠠ 17 ᠴᠠᠭ ᠪᠤᠯᠳᠠᠯ᠎ᠠ ᠣᠷᠤᠭ ᠲᠠᠩᠰᠠᠯᠠᠬᠤ ᠦᠢᠯᠡᠴᠢᠯᠡᠭᠡ ᠬᠠᠩᠭᠠᠵᠤ᠂ 68 ᠰᠢᠨ᠎ᠡ ᠬᠤᠤᠰ ᠤᠳ ᠤᠷᠤᠭ ᠲᠠᠩᠰᠠᠯᠠᠬᠤ ᠭᠠᠵᠠᠷ ᠲᠤ ᠷᠣᠮᠠᠨᠲ᠋ᠢᠭ ᠴᠠᠭ ᠮᠥᠴᠡ ᠪᠠᠨ ᠬᠠᠮᠲᠤ ᠪᠠᠷ  ᠦᠡᠭᠭᠡᠷᠡᠬᠦᠯᠪᠡ᠃

W020240110626399525173_ORIGIN.jpg

     9 ᠴᠠᠭ 30 ᠮᠢᠨᠦ᠋ᠲ ᠲᠤ ᠰᠣᠷᠭᠤᠭ ᠴᠡᠴᠡᠭ ᠪᠠᠷᠢᠭᠰᠠᠨ ᠯᠢᠦ ᠠᠪᠤᠭᠠᠢ ᠪᠣᠯᠣᠨ ᠤᠯᠠᠭᠠᠨ ᠪᠠᠩᠵᠠᠯ

ᠡᠮᠦᠰᠦᠭᠰᠡᠨ ᠵᠠᠩ ᠠᠪᠠᠭ᠋ᠠᠢ ᠰᠠᠶᠢᠨ ᠨᠠᠶᠢᠵᠠ ᠨᠠᠷ ᠤᠨ ᠪᠠᠷ᠎ᠠ ᠪᠤᠯᠤᠯᠭ᠎ᠠ ᠲᠠᠢ ᠪᠠᠷ ᠣᠷᠤᠭ ᠲᠠᠩᠰᠠᠯᠠᠬᠤ ᠲᠥᠪ ᠲᠤ

ᠢᠷᠡᠵᠦ᠂ ᠣᠷᠤᠭ ᠲᠠᠩᠰᠠᠯᠠᠭᠤᠯᠬᠤ ᠭᠠᠷ ᠭᠦᠢᠴᠡᠳᠬᠡᠯ ᠢᠶᠠᠨ 10 ᠮᠢᠨᠦ᠋ᠲ ᠤᠨ ᠳᠣᠲᠣᠷ᠎ᠠ ᠤᠷᠤᠭᠰᠢᠲᠠᠢ

ᠪᠡᠶᠡᠯᠡᠭᠦᠯᠵᠡᠢ᠃ ᠤᠷᠤᠭ ᠤᠨ ᠪᠠᠳᠤᠯᠠᠪᠤᠷᠢ ᠤᠯᠭᠤᠬᠤ ᠳᠤᠮᠳᠠᠳᠤ ᠮᠠᠶ᠋ᠢᠭ ᠤᠨ ᠲᠢᠩᠬᠢᠮ ᠳᠤ ᠬᠡᠷᠡᠯ ᠵᠢᠷᠤᠭᠴᠢᠨ

ᠰᠢᠨ᠎ᠡ ᠬᠤᠤᠰ ᠤᠨ ᠡᠨᠡ ᠬᠦ ᠵᠢᠷᠭᠠᠯᠳᠤ ᠮᠦᠴᠨ ᠶᠢ ᠬᠡᠷᠡᠯ ᠵᠢᠷᠤᠭ  ᠲᠡᠮᠳᠡᠭᠯᠡᠵᠤ ᠪᠠᠶᠢᠯ᠎ᠠ᠃ ᠬᠦᠮᠦᠰ ᠪᠠᠶᠠᠷᠯᠠᠨ

ᠬᠥᠭᠡᠷᠦᠯᠳᠦᠵᠦ᠂ ᠵᠣᠯ ᠵᠢᠷᠭᠠᠯᠳᠤ ᠠᠭᠤᠷ ᠠᠮᠢᠰᠬᠤᠯ ᠦᠷᠤᠬᠡ ᠲᠦᠬᠦᠷᠡᠩ ᠪᠢᠯᠬᠠᠨ᠎ᠠ᠃ ᠰᠢᠨ᠎ᠡ ᠤᠨ ᠤ ᠡᠬᠢᠯᠡᠯᠳᠡ

ᠪᠤᠯ ᠰᠢᠨ᠎ᠡ ᠭᠠᠷᠤᠭ᠎ᠠ ᠶᠤᠮ᠃ ︽ᠰᠢᠨ᠎ᠡ ᠤᠨ ᠪᠤᠯᠤᠯ᠎ᠠ᠂ ᠪᠢᠳᠡ ᠬᠤᠶᠠᠷ ᠤᠨ ᠠᠮᠢᠳᠤᠷᠠᠯ ᠴᠦ ᠰᠠᠶᠢᠨ ᠰᠠᠶᠢᠬᠠᠨ

ᠰᠢᠨ᠎ᠡ ᠡᠬᠢᠯᠡᠯᠳᠡ ᠲᠠᠢ ᠪᠤᠯᠤᠭᠠᠰᠠᠢ︾ ᠭᠡᠵᠤ ᠯᠢ ᠠᠪᠠᠭ᠋ᠠᠢ ᠶᠠᠷᠢᠵᠤ ᠪᠠᠶᠢᠯ᠎ᠠ᠃

W020240110626399552207_ORIGIN.jpg

     ᠯᠢᠤ ᠤᠪᠤᠬᠳᠤ᠂ ᠵᠠᠩ ᠤᠪᠤᠬᠳᠤ ᠬᠤᠶᠠᠷ ᠵᠠᠯᠠᠭᠤ ᠶᠢᠨ ᠲᠤᠷᠠᠯᠠᠯ ᠬᠠᠶᠢᠷ᠎ᠠ ᠶᠢᠨ ᠬᠤᠯᠠ ᠶᠢᠨ ᠠᠶᠠᠨ

ᠬᠤᠨᠭ᠍ᠱᠠᠨ ᠠᠴᠠ ᠡᠬᠢᠯᠡᠵᠦ᠂ ᠠᠳᠡ ᠤᠴᠠᠷᠠᠨ ᠵᠤᠯᠭᠠᠭᠠᠳ᠂ ᠡᠴᠦᠰ ᠲᠤ ᠪᠠᠨ ᠮᠥᠨ ᠬᠤᠨᠭ᠍ᠱᠠᠨ ᠳᠤ ᠲᠤᠭᠤᠷᠭ᠎ᠠ

ᠪᠤᠰᠬᠠᠨ ᠲᠤᠯᠤᠭᠠᠢ ᠬᠤᠯᠪᠤᠵᠤ᠂ ᠵᠤᠯ ᠵᠢᠷᠭᠠᠯᠲᠤ ᠰᠢᠨ᠎ᠡ ᠠᠮᠢᠳᠤᠷᠠᠯ ᠤᠨ ᠠᠯᠳᠠᠨ ᠵᠢᠯᠤᠭᠤ ᠶᠢ ᠡᠯᠬᠦᠯ᠎ᠡ᠃ ᠣᠯᠠᠨ

ᠲᠦᠮᠡᠨ ᠤ ᠰᠢᠨ᠎ᠡ ᠤᠨ ᠤ ᠠᠩᠬᠠᠨ ᠤ ᠡᠳᠤᠷ ᠤᠷᠤᠭ ᠤᠨ ᠪᠠᠳᠤᠯᠠᠪᠤᠷᠢ ᠠᠪᠬᠤ ᠬᠦᠰᠡᠯ ᠢ ᠰᠠᠶᠢᠳᠤᠷ

ᠬᠠᠩᠭᠠᠬᠤ ᠶᠢᠨ ᠲᠥᠯᠥᠭᠡ ᠬᠤᠩᠱᠠᠨ ᠲᠣᠭᠤᠷᠢᠭ ᠤᠨ ᠣᠷᠤᠭ ᠲᠠᠩᠰᠠᠯᠠᠬᠤ ᠲᠥᠪ ᠤᠨ ᠬᠢᠨ ᠲᠤᠰᠬᠠᠶᠢᠯᠠᠨ

ᠠᠵᠢᠯᠯᠠᠬᠤ ᠴᠠᠭ ᠢᠶᠠᠨ ᠤᠷᠳᠤᠳᠬᠠᠬᠤ ᠭᠠᠷ ᠭᠦᠢᠴᠡᠳᠬᠡᠯ ᠬᠢᠵᠦ᠂ ᠰᠢᠨ᠎ᠡ ᠤᠨ ᠤ ᠠᠩᠬᠠᠨ ᠤ ᠡᠳᠤᠷ ᠨᠠᠩ ᠣᠯᠠᠨ

ᠰᠢᠨ᠎ᠡ ᠬᠤᠤᠰ ᠲᠤ  ᠴᠢᠨᠠᠷᠵᠢᠭᠤᠨ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃

W020240110626399578454_ORIGIN.jpg

    ᠬᠤᠩᠱᠠᠨ ᠲᠣᠭᠤᠷᠢᠭ ᠤᠨ ᠤᠷᠤᠭ ᠲᠠᠩᠰᠠᠯᠠᠬᠤ ᠲᠥᠪ ᠤᠨ ᠬᠢᠨ ︽ᠭᠠᠷ ᠬᠤᠯᠪᠤᠨ ᠤᠷᠤᠭ ᠤᠨ

ᠥᠭᠡᠷᠡᠴᠢᠯᠡᠯᠲᠡ ᠳᠤ  ᠤᠷᠤᠯᠴᠠᠵᠤ᠂ ᠷᠣᠮᠠᠨᠲ᠋ᠢᠭ ᠬᠠᠶᠢᠷ᠎ᠠ ᠶᠢᠨ ᠠᠮᠢᠳᠤᠷᠠᠯ ᠢ ᠬᠠᠮᠲᠤ ᠪᠠᠷ ᠥᠩᠭᠡᠷᠡᠭᠦᠯᠦᠶ᠎ᠡ︾ ᠭᠡᠬᠦ

ᠭᠤᠣᠯ ᠰᠡᠳᠦᠪᠲᠦ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠤᠭᠤᠳᠬᠤ ᠠᠵᠢᠯᠯᠠᠭ᠎ᠠ ᠶᠢ ᠡᠷᠭᠢᠯᠡᠪᠡ᠃

ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠤᠯᠠᠭᠠᠨᠬᠠᠳᠠ ᠶᠢᠨ ᠤᠷᠤᠭ ᠭᠡᠷ ᠪᠦᠯᠢ ᠶᠢᠨ ᠪᠠᠶᠢᠭᠤᠯᠤᠯᠲᠠ ᠶᠢᠨ

ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠠᠷ ᠰᠢᠨ᠎ᠡ ᠬᠤᠣᠰ  ᠤᠳ ᠬᠠᠮᠲᠤ ᠪᠠᠷ ᠬᠢᠴᠢᠶᠡᠯ ᠰᠣᠨᠣᠰᠬᠤ᠂

ᠤᠷᠤᠭ ᠤᠨ ᠪᠢᠴᠢᠭ ᠲᠡᠬᠡᠷ᠎ᠡ ᠭᠠᠷ ᠤᠨ ᠦᠰᠦᠭ ᠵᠢᠷᠤᠬᠤ᠂ ᠰᠣᠯᠢᠯᠴᠠᠬᠤ᠂  ᠤᠷᠤᠭ ᠤᠨ ᠪᠠᠳᠤᠯᠠᠪᠤᠷᠢ ᠪᠠᠨ

ᠬᠠᠮᠳᠤ ᠪᠠᠷ ᠭᠠᠷᠳᠠᠬᠤ ᠵᠡᠷᠭᠡ ᠬᠡᠯᠪᠡᠷᠢ ᠪᠠᠷ ᠤᠯᠠᠮᠵᠢᠯᠠᠯᠲᠤ ᠪᠠ ᠤᠳᠤ ᠦᠶ᠎ᠡ ᠶᠢᠨ ᠤᠷᠤᠭ ᠤᠨ ᠵᠠᠩᠰᠢᠯ ᠤᠨ

ᠬᠠᠯᠠᠭᠤᠨ ᠳᠤᠯᠠᠭᠠᠨ ᠷᠣᠮᠠᠨᠲ᠋ᠢᠭ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃ ᠲᠤᠬᠠᠢ ᠶᠢᠨ ᠡᠳᠦᠷ ᠰᠢᠨ᠎ᠡ ᠬᠤᠤᠰ ᠤᠳ 

ᠤᠷᠤᠭ ᠲᠠᠩᠰᠠᠯᠠᠬᠤ ᠭᠠᠵᠠᠷ ᠤᠨ ᠠᠵᠢᠯᠲᠠᠳ ᠤᠨ ᠳᠠᠭᠠᠭᠤᠯᠭ᠎ᠠ ᠪᠠᠷ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ

ᠰᠠᠨᠠᠭᠠᠴᠢᠯᠠᠭ᠎ᠠ ᠶᠢᠨ ᠪᠢᠴᠢᠭ ᠪᠠ ᠣᠷᠤᠭ ᠤᠨ ᠲᠠᠩᠭᠠᠷᠢᠭ ᠤᠡᠭᠰᠢᠬᠰᠠᠨ ᠪᠥᠭᠡᠳ ︽ᠪᠥᠬᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠣᠷᠤᠭ ᠭᠡᠷ ᠪᠦᠯᠢ ᠶᠢᠨ ᠵᠣᠬᠢᠶᠠᠯ ᠢ ᠲᠤᠬᠠᠢ

 ᠶᠢᠨ ᠲᠠᠯᠠᠪᠤᠷ ᠲᠤ ᠰᠤᠷᠤᠯᠴᠠᠪᠠ᠃ ᠲᠣᠰ ᠠᠵᠢᠯᠯᠠᠭ᠎ᠠ ᠨᠢ ᠤᠷᠤᠭ ᠲᠠᠩᠰᠠᠯᠠᠬᠤ ᠭᠠᠷ ᠭᠦᠢᠴᠡᠳᠬᠡᠯ ᠢ ᠲᠦᠷᠭᠡᠨ

ᠪᠥᠭᠡᠳ ᠰᠢᠯᠢᠳᠡᠭ ᠭᠦᠢᠴᠡᠳᠬᠡᠵᠦ᠂ ᠬᠤᠷᠢᠮ ᠤᠨ ᠶᠣᠰᠣ ᠵᠢᠷᠤᠮ ᠢ ᠲᠥᠬᠦᠮ ᠪᠥᠭᠡᠳ ᠪᠣᠳᠠᠲᠠᠢ ᠪᠠᠷ

ᠲᠣᠬᠢᠷᠠᠭᠤᠯᠬᠤ ᠪᠠᠷ ᠳᠠᠮᠵᠢᠭᠤᠯᠤᠨ᠂ ᠲᠥᠬᠦᠮ ᠪᠤᠯᠪᠠᠴᠤ ᠤᠳᠬ᠎ᠠ ᠠᠭᠤᠯᠭ᠎ᠠ ᠲᠠᠢ᠂ ᠪᠠᠶᠠᠷ ᠬᠥᠷ ᠲᠠᠢ ᠪᠥᠭᠡᠳ

ᠬᠠᠯᠠᠭᠤᠨ ᠳᠤᠯᠠᠭᠠᠨ᠂ ᠬᠠᠮᠳᠤ ᠪᠠᠷ ᠤᠷᠤᠭ ᠤᠨ ᠪᠠᠳᠤᠯᠠᠪᠤᠷᠢ ᠭᠠᠷᠳᠠᠬᠤ ᠶᠤᠰᠤᠯᠠᠯ ᠢ ᠶᠠᠪᠤᠬᠳᠠᠭᠤᠯᠵᠤ᠂

ᠪᠣᠯᠪᠠᠰᠤᠨ᠂ ᠠᠷᠪᠢᠴᠢ ᠭᠠᠮᠲᠠᠢ ᠨᠡᠶᠢᠭᠡᠮ ᠤᠨ ᠰᠢᠨ᠎ᠡ ᠰᠤᠷᠲᠠᠯ ᠢ ᠪᠠᠳᠠᠷᠠᠭᠤᠯᠤᠬᠰᠠᠨ ᠪᠠᠶᠢᠯ᠎ᠠ᠃

 

 

 

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号