ᠲᠦᠩᠯᠢᠶᠣᠣ ᠬᠤᠳᠠ ᠶᠢᠨ ᠬᠤᠷᠴᠢᠨ ᠤ ᠬᠤᠳᠠᠯᠳᠤᠭᠠᠴᠢᠳ ᠤᠨ ᠨᠡᠶᠢᠭᠡᠮᠯᠢᠭ ᠤᠨ ᠨᠠᠮ ᠤᠨ ᠡᠭᠦᠷ ᠤᠨ ᠬᠢᠨ | 2024 ᠣᠨ ᠠᠴᠠ ᠡᠮᠦᠨᠡᠬᠡᠨ ᠬᠤᠷᠴᠢᠨ ᠲᠣᠭᠤᠷᠢᠭ ᠤᠨ ᠲᠠᠯᠠᠩ ᠪᠠᠯᠭᠠᠰᠤ ᠶᠢᠨ ᠵᠢᠢ ᠮᠢᠨ ᠭᠠᠴᠠᠭ᠎ᠠ ᠶᠢᠨ ᠬᠤᠶᠠᠷ | ᠵᠥᠪᠯᠡᠯ ᠤᠨ ᠪᠠᠭ ᠤᠨ ᠭᠡᠰᠢᠭᠦᠳ ᠲᠠᠢ ᠬᠠᠮᠲᠤᠷᠠᠨ ᠥᠪᠡᠷ ᠢᠶᠠᠨ ᠪᠡᠯᠡ ᠮᠥᠩᠭᠦ ᠴᠤᠭᠯᠠᠭᠤᠯᠵᠤ ᠰᠡᠯᠪᠢᠨ ᠵᠠᠰᠠᠭᠰᠠᠨ | ᠪᠠᠢ ᠵᠢᠢ ᠮᠢᠨ ᠤ ᠳᠤᠷᠠᠰᠬᠠᠯ ᠤᠨ ᠲᠠᠯᠠᠪᠠᠢ ᠳᠤ ᠬᠦᠷᠴᠦ᠂ ᠬᠡᠰᠡᠭ ᠲᠣᠰᠬᠤᠨ ᠤ ᠠᠷᠠᠳ ᠲᠠᠢ ᠬᠠᠮᠲᠤ ᠪᠠᠷ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠵᠦ᠂ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠤᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠭᠦᠨ᠎ᠡ ᠰᠠᠨᠠᠭᠠᠯᠵᠠᠪᠠ᠃ | ᠪᠠᠢ ᠵᠢᠢ ᠮᠢᠨ 1922 ᠣᠨ ᠳᠤ ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠤ ᠪᠤᠯᠠᠭᠠᠨ | ᠲᠣᠰᠬᠤᠨ ᠳᠤ ᠲᠦᠷᠦᠵᠦ᠂ ᠮᠦᠭᠳᠡᠨ ᠤ ᠲᠠᠷᠢᠶᠠᠯᠠᠩ ᠤᠨ ᠶᠡᠭᠡ ᠰᠤᠷᠭᠠᠭᠤᠯᠢ ᠠᠴᠠ ᠲᠡᠬᠦᠰᠤᠬᠡ ᠤᠯᠠᠭᠠᠨᠬᠤᠲᠠ ᠶᠢᠨ | ᠢᠦᠢ ᠴᠧᠩ ᠳᠡᠭᠡᠳᠦ ᠰᠤᠷᠭᠠᠭᠤᠯᠢ ᠳᠤ ᠪᠠᠭᠰᠢᠯᠠᠪᠠ᠃ ᠰᠡᠬᠦᠯᠡᠷ ᠨᠢ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤᠨ ᠳᠤ ᠬᠤᠪᠢᠰᠬᠠᠯ ᠳᠤ ᠣᠷᠣᠯᠴᠠᠵᠠᠢ᠃ 1946 ᠣᠨ ᠤ 8 ᠳ᠋ᠤᠭᠠᠷ ᠰᠠᠷ᠎ᠠ ᠳᠤ ᠭᠤᠮᠢᠨᠳᠠᠩ | ᠴᠢᠯᠦᠭᠡᠯᠡᠭᠳᠡᠭᠰᠡᠨ ᠣᠷᠣᠨ ᠢ ᠳᠣᠪᠲᠤᠯᠤᠭᠰᠠᠨ ᠳᠤ ᠪᠠᠢ ᠵᠢᠢ ᠮᠢᠨ ᠵᠤᠸᠠᠩ ᠲᠧᠦ ᠲᠣᠭᠤᠷᠢᠭ ᠤᠨ ᠵᠡᠪᠰᠡᠭᠲᠦ ᠳᠤᠮᠳᠠ | ᠠᠩᠭᠢ ᠶᠢ ᠵᠣᠬᠢᠶᠠᠨ ᠪᠠᠶᠢᠭᠤᠯᠵᠤ ᠰᠢᠯᠵᠢᠭᠦᠯᠬᠦ ᠦᠶ᠎ᠡ ᠳᠤ ᠤᠷᠪᠠᠭᠰᠠᠨ ᠳᠡᠭᠡᠷᠡᠮ ᠤᠨ ᠭᠡᠨᠡᠳᠲᠡ ᠶᠢᠨ | ᠳᠠᠭᠠᠷᠢᠯᠲᠠ ᠳᠤ ᠤᠴᠠᠷᠠᠵᠤ ᠬᠤᠷᠢᠨ ᠲᠦᠷᠪᠡᠳᠡᠶᠢᠬᠡᠨ ᠪᠡᠶ᠎ᠡ ᠦᠷᠡᠭᠳᠡᠪᠡ᠃ ᠲᠤᠬᠠᠢ ᠶᠢᠨ ᠭᠠᠵᠠᠷ ᠤᠨ ᠵᠠᠰᠠᠭ ᠤᠨ | ᠣᠷᠳᠣᠨ ᠦᠷᠡᠭᠳᠡᠭᠰᠡᠨ ᠪᠠᠭᠠᠲᠤᠷᠴᠤᠳ ᠤᠨ ᠭᠠᠪᠢᠶ᠎ᠠ ᠵᠢᠳᠬᠦᠯ ᠢ ᠳᠤᠷᠠᠰᠤᠨ ᠰᠠᠨᠠᠭᠠᠯᠵᠠᠬᠤ ᠶᠢᠨ ᠲᠥᠯᠥᠭᠡ | ᠪᠢᠯᠢᠬᠦᠨ ᠲᠣᠰᠬᠤᠨ ᠤ ᠨᠡᠷ᠎ᠡ ᠶᠢ ᠵᠢᠢ ᠮᠢᠨ ᠭᠠᠴᠠᠭ᠎ᠠ ᠭᠡᠵᠦ ᠬᠠᠯᠠᠭᠰᠠᠨ ᠤ ᠬᠠᠮᠲᠤ ᠲᠤᠬᠠᠢ ᠶᠢᠨ ᠭᠠᠵᠠᠷ ᠲᠤ ᠨᠢ | ᠳᠥᠭᠦᠮᠬᠡᠨ ᠳᠤᠷᠠᠰᠬᠠᠯ ᠤᠨ ᠲᠠᠯᠠᠪᠠᠢ ᠪᠠᠶᠢᠭᠤᠯᠵᠠᠢ᠃ | ᠲᠤᠷᠠᠰᠬᠠᠯ ᠤᠨ ᠲᠠᠯᠠᠪᠠᠢ ᠶᠢ ᠵᠦᠬᠡᠷ ᠯᠨ ᠭᠠᠵᠠᠷ ᠢ ᠲᠡᠭᠰᠢᠯᠡᠵᠤ ᠪᠠᠶᠢᠭᠤᠯᠤᠬᠰᠠᠨ ᠪᠤᠯᠬᠤᠷ ᠡᠪᠡᠰᠤ ᠰᠤᠨᠳᠤᠤᠯᠨ | ᠤᠷᠭᠤᠭᠠᠳ ᠰᠡᠬᠦᠶᠢᠨ ᠰᠦᠨᠳᠡᠷᠯᠡᠬᠦ ᠦᠷᠡᠭᠳᠡᠭᠰᠡᠨ ᠪᠠᠭᠠᠳᠤᠷ ᠤᠨ ᠬᠦᠰᠢᠶ᠎ᠡ ᠠᠴᠠ ᠯᠨ ᠦᠷᠡᠭᠳᠡᠭᠰᠡᠨ ᠪᠠᠭᠠᠳᠤᠷ ᠤᠨ | ᠲᠤᠷᠠᠰᠬᠠᠯ ᠤᠨ ᠲᠠᠯᠠᠪᠠᠢ ᠪᠠᠶᠢᠬᠤ ᠶᠢ ᠦᠵᠡᠵᠤ ᠭᠠᠷᠤᠨ᠎ᠠ᠂ ᠡᠨᠡ ᠨᠢ ᠮᠥᠨ ᠬᠤᠪᠢᠰᠬᠠᠯᠳᠤ ᠵᠤᠷᠢᠭ ᠰᠠᠨᠠᠭ᠎ᠠ ᠶᠢ | ᠬᠤᠶᠢᠴᠢ ᠦᠶ᠎ᠡ ᠳᠤ ᠤᠯᠠᠮᠵᠢᠯᠠᠬᠤ ᠲᠡᠳᠤᠢ ᠯᠨ ᠰᠠᠶᠢᠨ ᠦᠢᠯᠡᠳᠤᠯ ᠪᠠᠳᠠᠷᠠᠭᠤᠯᠵᠤ ᠲᠡᠶᠢᠯᠬᠦ ᠦᠬᠡᠢ ᠶᠤᠮ᠃ | ᠲᠦᠩᠯᠢᠶᠣᠣ ᠲᠦᠩᠯᠢᠶᠣᠣ ᠬᠤᠳᠠ ᠶᠢᠨ ᠬᠤᠷᠴᠢᠨ ᠤ ᠬᠤᠳᠠᠯᠳᠤᠭᠠᠴᠢᠳ ᠤᠨ ᠨᠡᠶᠢᠭᠡᠮᠯᠢᠭ ᠤᠨ ᠬᠢᠨ ᠡᠨᠡ ᠬᠦ | ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠭᠡᠰᠢᠭᠦᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠲᠤᠬᠠᠢ ᠶᠢᠨ | ᠭᠠᠵᠠᠷ ᠲᠤ ᠨᠢ ᠬᠦᠷᠴᠦ ᠰᠢᠨᠵᠢᠯᠡᠨ ᠪᠠᠶᠢᠴᠠᠭᠠᠵᠤ᠂ ᠨᠡᠶᠢᠭᠡᠮᠯᠢᠭ ᠤᠨ ᠬᠢᠨ ᠬᠠᠮᠲᠤ ᠪᠠᠷ ᠶᠠᠷᠢᠯᠴᠠᠭ᠎ᠠ ᠪᠠᠷ ᠳᠡᠮᠵᠢᠨ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ᠂ ᠬᠤᠪᠢᠰᠬᠠᠯ ᠤᠨ ᠤᠳᠤᠮᠰᠢᠯ ᠢ | ᠤᠯᠠᠮᠵᠢᠯᠠᠨ ᠵᠠᠯᠭᠠᠮᠵᠢᠯᠠᠬᠤ᠂ ᠵᠣᠭᠤᠰ ᠮᠥᠩᠭᠦ ᠬᠠᠨᠳᠢᠪᠯᠡᠵᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠲᠠᠯᠠᠪᠠᠶ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠣᠯᠬᠤᠷ ᠡᠷᠬᠡᠪᠰᠢ ᠰᠠᠶᠢᠨ ᠬᠢᠵᠦ ᠰᠠᠶᠢᠨ | ᠪᠦᠲᠦᠭᠡᠬᠦ ᠬᠡᠷᠡᠭᠲᠡᠢ ᠭᠡᠵᠦ ᠰᠠᠨᠠᠯ ᠨᠢᠭᠡᠲᠡᠢ ᠰᠢᠢᠳᠤᠯᠡ᠃ | ᠡᠶᠢᠨ ᠬᠦ ᠬᠤᠳᠠᠯᠳᠤᠭᠠᠴᠢᠳ ᠤᠨ ᠨᠡᠶᠢᠭᠡᠮᠯᠢᠭ ᠤᠨ ᠤᠳᠤᠷᠢᠳᠬᠤ ᠪᠠᠭ ᠤᠨ ᠬᠢᠨ ᠪᠦᠬᠦ ᠭᠡᠰᠢᠭᠦᠳ ᠲᠤ ᠪᠠᠨ | ᠲᠡᠷᠨ ᠲᠠᠷᠤᠢ ︽ᠦᠷᠡᠭᠳᠡᠭᠰᠡᠨ ᠪᠠᠭᠠᠲᠤᠷ ᠪᠠᠢ ᠵᠢᠢ ᠮᠢᠨ ᠢ ᠲᠤᠷᠠᠰᠬᠠᠯ ᠤᠨ ᠲᠠᠯᠠᠪᠠᠢ ᠶᠢ ᠲᠠᠬᠢᠨ ᠪᠠᠶᠢᠭᠤᠯᠬᠤ ᠳᠤ | ᠲᠤᠰᠠᠯᠠᠬᠤ ᠰᠠᠨᠠᠭᠠᠴᠢᠯᠠᠭ᠎ᠠ ᠶᠢᠨ ᠪᠢᠴᠢᠭ︾ ᠢ ᠲᠠᠷᠬᠠᠭᠠᠵᠠᠢ᠃ ᠰᠠᠨᠠᠭᠠᠴᠢᠯᠠᠭ᠎ᠠ ᠶᠢ ᠨᠡᠶᠢᠲᠡᠯᠡᠭᠰᠡᠨ ᠤ ᠲᠠᠷᠠᠭ᠎ᠠ | ᠥᠷᠭᠡᠨ ᠤᠯᠠᠨ ᠭᠡᠰᠢᠭᠦᠳ ᠢᠳᠡᠪᠬᠢᠲᠡᠢ ᠪᠠᠷ ᠴᠤᠤᠷᠢᠶᠠᠲᠤᠨ᠂ ᠵᠣᠭᠤᠰ ᠲᠠᠢ ᠨᠢ ᠵᠣᠭᠤᠰ ᠢᠶᠠᠨ ᠭᠠᠷᠭᠠᠵᠤ᠂ ᠬᠦᠴᠤ | ᠲᠠᠢ ᠨᠢ ᠬᠦᠴᠤ ᠪᠡ ᠡᠷᠬᠦᠭᠰᠡᠨ ᠢᠶᠠᠷ ᠡᠯ᠎ᠡ ᠵᠦᠢᠯ ᠤᠨ ᠠᠵᠢᠯ ᠢᠯᠭᠤᠮ ᠤᠷᠤᠬᠰᠢᠳᠠᠢ ᠶᠠᠪᠤᠬᠳᠠᠪᠠ᠃ ︽ᠮᠠᠨ ᠤ | ᠨᠢᠬᠡᠴᠢ ᠪᠣᠯ ᠵᠢᠷᠤᠭ ᠤᠨ ᠵᠢᠷᠤᠭ ᠲᠥᠯᠥᠪᠯᠡᠭᠡ ᠬᠢᠳᠡᠭ ᠪᠣᠯᠬᠤᠷ ᠦᠨ᠎ᠡ ᠲᠥᠯᠥᠪᠦᠷᠢ ᠦᠭᠡᠢ ᠪᠠᠷ ᠵᠢᠷᠤᠭ | ᠲᠥᠯᠥᠪᠯᠡᠭᠡ ᠬᠢᠵᠦ ᠦᠭᠴᠤ ᠪᠣᠯᠣᠨ᠎ᠠ︾ ︽ᠮᠠᠨ ᠤ ᠠᠵᠤ ᠠᠬᠤᠶᠢᠯᠠᠯ ᠪᠣᠯ ᠪᠠᠷᠢᠯᠭ᠎ᠠ ᠶᠢᠨ ᠠᠵᠢᠯ ᠬᠢᠳᠡᠭ᠂ ᠦᠨ᠎ᠡ | ᠲᠥᠯᠥᠪᠦᠷᠢ ᠦᠭᠡᠢ ᠪᠠᠷ ᠬᠠᠶᠢᠷ ᠴᠢᠯᠠᠭᠤᠨ ᠤ ᠮᠠᠲ᠋ᠧᠷᠢᠶᠠᠯ ᠪᠠ ᠠᠵᠢᠯᠲᠠᠨ ᠤ ᠪᠠᠷᠢᠯᠭ᠎ᠠ ᠶᠢᠨ ᠠᠵᠢᠯ ᠢ ᠬᠠᠩᠭᠠᠵᠤ | ᠪᠣᠯᠣᠨ᠎ᠠ︾ ︽ᠮᠠᠨ ᠤ ᠠᠵᠤ ᠠᠬᠤᠶᠢᠯᠠᠯ ᠬᠡᠷᠡᠭᠴᠡᠭᠡ ᠶᠢ ᠨᠢ ᠦᠨᠳᠦᠰᠦᠯᠡᠨ ᠮᠣᠳᠣ ᠬᠠᠨᠳᠢᠪᠯᠡᠵᠤ᠂ ᠲᠤᠷᠠᠰᠬᠠᠯ ᠤᠨ | ᠲᠠᠯᠠᠪᠠᠶ ᠪᠠᠶᠢᠭᠤᠯᠤᠭᠳᠠᠭᠰᠠᠨ ᠤ ᠳᠠᠷᠠᠭᠠᠬᠢ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠠᠷᠢᠭᠤᠴᠠᠵᠤ ᠪᠣᠯᠣᠨ᠎ᠠ︾᠃ | ᠡᠭᠦᠨ ᠤ ᠵᠡᠷᠭᠡ ᠲᠤᠷᠠᠰᠬᠠᠯ ᠤᠨ ᠲᠠᠯᠠᠪᠠᠶ ᠳᠤ ᠪᠠᠶᠢᠭᠤᠯᠬᠤ ᠳᠤ ᠮᠦᠡᠭᠭᠦ ᠬᠠᠨᠳᠢᠪᠯᠠᠬᠤ ᠸᠢᠴᠠᠲ ᠲᠠᠪᠡᠴᠠᠩ ᠢᠶᠠᠷ | 500 ᠲᠥᠭᠦᠷᠢᠭ᠂ 1000 ᠲᠥᠭᠦᠷᠢᠭ᠂ 2000 ᠲᠥᠭᠦᠷᠢᠭ ᠁ ᠭᠡᠰᠢᠭᠦᠳ ᠲᠠᠰᠤᠷᠠᠯᠲᠠ ᠦᠭᠡᠢ | ᠬᠠᠨᠳᠢᠪᠯᠠᠵᠤ᠂ ᠲᠠᠰᠤᠷᠠᠯᠲᠠ ᠦᠭᠡᠢ ᠲᠠᠮᠵᠢᠭᠤᠯᠵᠤ᠂ ᠬᠠᠨᠳᠢᠪ ᠤᠨ ᠡᠩᠨᠡᠭᠡ ᠦᠷᠬᠡᠵᠢᠭᠰᠡᠬᠡᠨᠷ ᠪᠠᠶᠢᠯ᠎ᠠ᠃ ︽ᠤᠯᠠᠨ | ᠤ ᠬᠦᠴᠤᠨ ᠳᠤ ᠤᠪᠤᠭ᠎ᠠ ᠪᠤᠰᠤᠨ᠎ᠠ︾᠂ ᠡᠶᠢᠨ ᠬᠦ ᠤᠯᠠᠨ ᠤ ᠬᠦᠴᠦ ᠬᠠᠮᠳᠤ ᠶᠢᠨ ᠴᠢᠷᠮᠠᠶᠢᠯᠭ᠎ᠠ᠂ ᠭᠡᠰᠢᠭᠦᠳ ᠤᠨ | ᠬᠦᠴᠦᠲᠡᠢ ᠳᠡᠮᠵᠢᠯᠭᠡ ᠪᠠᠷ ᠲᠠᠬᠢᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠠᠰᠠᠭᠤᠳᠠᠯ ᠠᠶᠠᠨᠳᠠᠭᠠᠨ | ᠰᠢᠢᠳᠪᠦᠷᠢᠯᠡᠭᠳᠡᠵᠡᠢ᠃ ᠲᠤᠷᠠᠰᠬᠠᠯ ᠤᠨ ᠲᠠᠯᠠᠪᠠᠢ ᠶᠢ ᠰᠢᠨᠡᠳᠬᠡᠨ ᠪᠠᠶᠢᠭᠤᠯᠬᠤ ᠲᠦᠷᠦᠯ ᠵᠦᠢᠯ ᠨᠢ 2022 | ᠣᠨ ᠤ 9 ᠳ᠋ᠤᠬᠡᠷ ᠰᠠᠷ᠎ᠠ ᠶᠢᠨ 21 ᠤ ᠡᠳᠦᠷ ᠠᠴᠠ ᠡᠬᠢᠯᠡᠵᠦ᠂ ᠤᠯᠠᠨ ᠢᠶᠠᠷ ᠢᠶᠠᠨ ᠶᠠᠳᠠᠷᠠᠯ ᠵᠦᠳᠡᠷᠡᠯ ᠢ | ᠬᠠᠶᠢᠬᠤᠷᠤᠯ ᠦᠭᠡᠢ ᠪᠠᠷ ᠪᠠᠷᠢᠯᠭ᠎ᠠ ᠶᠢᠨ ᠠᠬᠢᠴᠠ ᠶᠢ ᠠᠮᠵᠢᠭᠤᠯᠤᠬᠰᠠᠨ ᠤ ᠠᠴᠢ ᠪᠠᠷ ᠰᠠᠷ᠎ᠠ ᠬᠠᠭᠠᠰ ᠪᠣᠯᠤᠭᠰᠠᠨ | ᠦᠭᠡᠢ ᠪᠠᠷ 5700 ᠲᠡᠭᠰᠢ ᠳᠥᠷᠪᠡᠯᠵᠢᠨ ᠮᠧᠲᠷ ᠲᠠᠢ᠂ 150 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ | ᠴᠤ᠋ ᠰᠢᠨ᠎ᠡ ᠲᠤᠷᠠᠰᠬᠠᠯ ᠤᠨ ᠲᠠᠯᠠᠪᠠᠢ ᠶᠢ ᠪᠠᠷᠢᠵᠤ ᠲᠠᠭᠤᠰᠬᠠᠭᠠᠳ᠂ ︽ᠪᠠᠭᠠᠲᠤᠷᠴᠤᠳ ᠢᠶᠠᠨ ᠳᠤᠷᠠᠰᠤᠨ | ᠰᠠᠨᠠᠭᠠᠯᠵᠠᠵᠤ᠂ ᠪᠠᠭᠠᠲᠤᠷᠴᠤᠳ ᠠᠴᠠ ᠰᠤᠷᠤᠯᠴᠠᠵᠤ᠂ ᠪᠠᠭᠠᠲᠤᠷ ᠪᠣᠯᠬᠤ ᠪᠠᠷ ᠡᠷᠡᠮᠴᠡᠬᠦ︾ ᠲᠡᠦᠬᠡ ᠶᠢᠨ ᠬᠥᠰᠢᠶ᠎ᠡ ᠶᠢ | ᠪᠤᠰᠬᠠᠵᠤ᠂ ᠬᠤᠶᠢᠴᠢ ᠦᠶ᠎ᠡ ᠳᠤ ᠪᠠᠨ ᠬᠤᠪᠢᠰᠬᠠᠯᠳᠤ ᠵᠤᠷᠢᠭ ᠰᠠᠨᠠᠭ᠎ᠠ ᠶᠢ ᠤᠬᠠᠭᠤᠯᠵᠤ ᠪᠠᠶᠢᠨ᠎ᠠ᠃ | | |