ᠮᠠᠨ ᠤ ᠤᠷᠤᠨ ︽ᠠᠷᠭ᠎ᠠ︾ ᠨᠡᠶᠢᠲᠡᠯᠡᠵᠦ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠨᠥᠴᠢᠨ ᠬᠡᠦᠬᠡᠳ ᠢ ᠨᠠᠰᠤᠨ ᠳᠤ ᠭᠦᠷᠦᠭᠰᠡᠨ ᠤ ᠳᠠᠷᠠᠭ᠎ᠠ ᠲᠥᠪᠬᠢᠨᠡᠭᠦᠯᠬᠦ ᠠᠵᠢᠯ ᠢ ᠲᠦᠷᠢᠮᠵᠢᠬᠦᠯᠪᠡ
ᠨᠡᠶᠢᠲᠡᠯᠡᠭᠰᠡᠨ ᠴᠠᠭ᠄
2024/1/17
    ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠬᠢ ᠲᠡᠵᠢᠬᠡᠵᠤ ᠪᠠᠶᠢᠭ᠎ᠠ ᠥᠨᠥᠴᠢᠨ ᠬᠡᠦᠬᠡᠳ ᠤᠨ ᠨᠠᠰᠤᠨ ᠳᠤ ᠬᠦᠷᠦᠭᠰᠡᠨ ᠤ ᠳᠠᠷᠠᠭᠠᠬᠢ ᠬᠠᠤᠯᠢ ᠶᠣᠰᠣᠨ ᠤ ᠡᠷᠬᠡ ᠠᠰᠢᠭ ᠢ ᠪᠠᠳᠤᠯᠠᠨ᠂ ᠨᠡᠶᠢᠭᠡᠮ  ᠯᠦᠭᠡ ᠠᠭᠤᠰᠤᠯᠴᠠᠬᠤ ᠪᠠ ᠪᠡᠶ᠎ᠡ ᠪᠠᠨ ᠳᠠᠭᠠᠭᠠᠨ ᠬᠦᠴᠤᠷᠬᠡᠭᠵᠢᠬᠦ ᠶᠢ ᠠᠬᠢᠭᠤᠯᠤᠨ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ︽ᠰᠤᠪᠢᠯᠠᠯᠲᠠ᠂ ᠵᠠᠰᠠᠯᠲᠠ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠠᠶᠤᠯ ᠦᠬᠡᠢ᠂ ᠨᠡᠶᠢᠭᠡᠮ ᠤᠨ ᠠᠵᠢᠯ︾ ᠢ ᠨᠢᠭᠡ ᠴᠣᠭᠴᠠᠵᠢᠭᠤᠯᠤᠨ ᠴᠢᠨᠠᠷ ᠰᠠᠶᠢᠲᠠᠢ ᠬᠥᠭᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 11 ᠰᠠᠯᠠᠭ᠎ᠠ ᠮᠥᠴᠢᠷ ᠤᠨ ᠬᠢᠨ ᠲᠠᠢ ᠬᠠᠮᠳᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠨᠥᠴᠢᠨ ᠬᠡᠦᠬᠡᠳ ᠢ ᠨᠠᠰᠤᠨ ᠳᠤ ᠭᠦᠷᠦᠭᠰᠡᠨ ᠤ ᠲᠠᠷᠠᠭ᠎ᠠ ᠲᠥᠪᠬᠢᠨᠡᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃    ︽ᠠᠷᠭ᠎ᠠ︾ ᠳᠤ᠄ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠨ ᠥᠨᠥᠴᠢᠨ ᠬᠡᠦᠬᠡᠳ ᠨᠠᠰᠤᠨ ᠳᠤ ᠭᠦᠷᠦᠭᠰᠡᠨ ᠤ ᠳᠠᠷᠠᠭ᠎ᠠ ᠨᠡᠶᠢᠭᠡᠮ ᠤᠨ ᠠᠵᠢᠯ ᠪᠠ ᠠᠮᠢᠳᠤᠷᠠᠯ ᠳᠤ ᠣᠷᠣᠬᠤ ᠴᠢᠳᠠᠪᠤᠷᠢ ᠲᠠᠢ ᠪᠣᠯ ᠨᠡᠶᠢᠭᠡᠮᠴᠢᠯᠡᠨ ᠲᠥᠪᠬᠢᠨᠡᠭᠦᠯᠦᠨ᠎ᠡ᠃ ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠪᠡᠯ᠂ ︽ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠ ᠬᠦᠴᠢᠷᠳᠡᠯᠲᠡᠢ ᠬᠥᠮᠥᠰ ᠢ ᠲᠤᠰᠠᠯᠠᠵᠤ ᠠᠰᠠᠷᠠᠨ ᠲᠡᠵᠢᠭᠡᠬᠦ ᠲᠤᠰᠠᠯᠠᠮᠵᠢ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠪᠦᠬᠡᠳ ᠲᠥᠪᠯᠡᠷᠡᠭᠦᠯᠦᠨ ᠠᠰᠠᠷᠠᠨ ᠲᠡᠵᠢᠬᠡᠯᠬᠡᠬᠦ ᠬᠦᠰᠡᠯ ᠲᠠᠢ ᠪᠤᠯ ᠵᠣᠬᠢᠬᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤ ᠨᠢ ᠲᠤᠬᠢᠷᠠᠭᠤᠯᠤᠨ᠎ᠠ ᠭᠡᠵᠤ ᠲᠤᠬᠳᠠᠭᠠᠪᠠ᠃︽ᠠᠷᠭ᠎ᠠ︾ ᠳᠤ᠄ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠪᠠ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠭᠡᠮᠴᠢᠯᠡᠨ ᠲᠥᠪᠬᠢᠨᠡᠭᠦᠯᠦᠭᠰᠡᠨ ᠨᠠᠰᠤᠨ ᠳᠤ ᠬᠦᠷᠦᠭᠰᠡᠨ ᠥᠨᠥᠴᠢᠨ ᠬᠡᠦᠬᠡᠳ ᠲᠤ ᠨᠡᠶᠢᠭᠡᠮᠴᠢᠯᠡᠨ ᠲᠥᠪᠬᠢᠨᠡᠭᠦᠯᠬᠦ ᠨᠥᠬᠦᠪᠦᠷᠢ ᠶᠢ ᠨᠢᠬᠡ ᠯᠨ ᠤᠳᠠᠭ᠎ᠠ ᠪᠠᠷ ᠤᠯᠭᠤᠨ᠎ᠠ᠂ ᠪᠣᠳᠠᠲᠠᠢ ᠪᠠᠷᠢᠮᠵᠢᠶ᠎ᠠ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ  ᠬᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠰᠤᠳᠤᠯᠤᠨ ᠲᠣᠭᠲᠠᠭᠠᠬᠤ ᠶᠢᠨ ᠬᠠᠮᠲᠤ ᠴᠠᠭ ᠲᠤᠬᠠᠢ ᠳᠤ ᠨᠢ ᠲᠣᠬᠢᠷᠠᠭᠤᠯᠤᠨ᠎ᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠬᠥᠮᠥᠨ ᠪᠦᠷᠢ ᠳᠤ 5 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ ᠭᠡᠵᠤ ᠲᠤᠬᠳᠠᠭᠠᠵᠠᠢ᠃    ︽ᠠᠷᠭ᠎ᠠ︾ ᠳᠤ ᠪᠠᠰᠨ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠭᠡᠮᠴᠢᠯᠡᠭᠰᠡᠨ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠨᠠᠰᠤᠨ ᠳᠤ ᠬᠦᠷᠦᠭᠰᠡᠨ ᠥᠨᠥᠴᠢᠨ ᠬᠡᠦᠬᠡᠳ ᠲᠤ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠬᠡᠴᠢ ᠪᠠ ᠵᠣᠬᠢᠶᠠᠨ ᠪᠠᠶᠢᠭᠤᠯᠤᠯᠲᠠ ᠶᠢᠨ ᠬᠢᠨ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠠᠵᠢᠯ ᠣᠯᠭᠤᠬᠤ᠂ ᠣᠷᠣᠨ ᠰᠠᠭᠤᠴᠠ᠂ ᠡᠷᠦᠬᠡ ᠠᠮᠠ ᠣᠷᠣᠭᠤᠯᠬᠤ᠂ ᠨᠡᠶᠢᠭᠡᠮ ᠤᠨ ᠳᠠᠭᠠᠳᠬᠠᠯ ᠪᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠡᠷᠬᠡ ᠠᠰᠢᠭ ᠢ ᠪᠠᠲᠤᠯᠠᠬᠤ ᠵᠡᠷᠭᠡ ᠲᠠᠯ᠎ᠠ ᠪᠠᠷ ᠨᠡᠶᠢᠭᠡᠮᠴᠢᠯᠡᠨ ᠲᠥᠪᠬᠢᠨᠡᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠵᠦ ᠂ ᠲᠡᠳᠡᠨ ᠢ ᠬᠠᠪᠰᠤᠷᠤᠨ ᠨᠡᠶᠢᠭᠡᠮ ᠳᠤ ᠤᠷᠤᠭᠰᠢᠲᠠᠢ ᠠᠭᠤᠰᠤᠯᠴᠠᠭᠤᠯᠬᠤ ᠬᠡᠷᠡᠭᠲᠡᠢ ᠭᠡᠵᠤ ᠲᠤᠷᠠᠳᠤᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号