ᠦᠨᠦᠴᠢᠨ ᠵᠡᠮᠳᠡᠭ ᠬᠡᠤᠬᠡᠳ ᠤᠨ ᠡᠷᠬᠡ ᠠᠰᠢᠭ ᠢ ᠤᠯᠠᠮ ᠰᠠᠶᠢᠳᠤᠷ ᠬᠠᠮᠠᠭᠠᠯᠠᠨ᠂ ᠤᠯᠤᠰ ᠤᠨ | ᠳᠤᠲᠤᠭᠠᠳᠤ ᠶᠢᠨ ᠦᠨᠦᠴᠢᠨ ᠵᠡᠮᠳᠡᠭ ᠬᠡᠤᠬᠡᠳ ᠢ ᠡᠷᠭᠦᠨ ᠲᠡᠵᠢᠭᠡᠬᠦ ᠭᠡᠷ ᠪᠦᠯᠢ ᠶᠢ ᠳᠡᠮᠵᠢᠬᠦ ᠶᠢᠨ ᠲᠦᠯᠤᠬᠡ ᠦᠪᠤᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠰᠤᠷᠭᠠᠨ | ᠬᠦᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 7 ᠰᠠᠯᠠᠭ᠎ᠠ ᠮᠦᠴᠢᠷ ᠤᠨ ᠬᠢᠨ ᠲᠠᠢ ᠬᠠᠮᠲᠤᠷᠠᠨ | ︽ᠤᠯᠤᠰ ᠤᠨ ᠳᠤᠲᠤᠭᠠᠳᠤ ᠶᠢᠨ ᠦᠨᠦᠴᠢᠨ ᠵᠡᠮᠳᠡᠭ ᠬᠡᠤᠬᠡᠳ ᠢ ᠡᠷᠭᠦᠨ ᠲᠡᠵᠢᠭᠡᠬᠦ ᠭᠡᠷ ᠪᠦᠯᠢ ᠶᠢ ᠲᠡᠮᠵᠢᠬᠦ | ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠯᠠᠯᠠᠨ ᠲᠠᠷᠬᠠᠭᠠᠵᠤ᠂ ᠮᠠᠨ ᠤ ᠤᠷᠤᠨ ᠤ ᠬᠡᠤᠬᠡᠳ ᠤᠨ ᠠᠰᠠᠷᠠᠮᠵᠢ ᠶᠢᠨ | ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠦᠨᠦᠴᠢᠨ ᠵᠡᠮᠳᠡᠭ ᠬᠡᠤᠬᠡᠳ ᠪᠠ ᠲᠠᠷᠠᠬᠠᠢ ᠰᠠᠭᠤᠵᠤ ᠪᠠᠶᠢᠭ᠎ᠠ | ᠦᠨᠦᠴᠢᠨ ᠵᠡᠮᠳᠡᠭ ᠬᠡᠤᠬᠡᠳ ︵ᠡᠷᠬᠦᠨ ᠲᠡᠵᠢᠭᠡᠭᠳᠡᠭᠴᠢ ᠭᠡᠵᠤ ᠲᠦᠬᠦᠮᠴᠢᠯᠡᠶ᠎ᠡ︶ ᠲᠤ ᠵᠤᠬᠢᠬᠤ ᠦᠨᠳᠦᠰᠦᠨ | ᠠᠮᠢᠳᠤᠷᠠᠯ᠂ ᠡᠮ ᠡᠮᠨᠡᠯᠭᠡ ᠪᠤᠯᠤᠨ ᠰᠤᠷᠭᠠᠨ ᠬᠦᠮᠦᠵᠢᠯ ᠤᠨ ᠪᠠᠲᠤᠯᠠᠭ᠎ᠠ ᠤᠯᠭᠤᠵᠤ ᠪᠠᠶᠢᠨ᠎ᠠ᠃ | ᠨᠢᠭᠡ ᠳᠤ᠂ ᠡᠷᠭᠦᠨ ᠲᠡᠵᠢᠭᠡᠭᠳᠡᠭᠴᠢ ᠶᠢᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠲᠤᠳᠤᠷᠬᠠᠢ ᠴᠢᠩᠭᠠᠳᠬᠠᠪᠠ | ᠃ ᠮᠠᠨ ᠤ ᠤᠷᠤᠨ ᠤ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠦᠨᠦᠴᠢᠨ | ᠵᠡᠮᠳᠡᠭ ᠡᠪᠡᠳᠴᠢᠨ ᠲᠠᠢ ᠬᠡᠤᠬᠡᠳ ᠪᠤᠯᠤᠨ ᠲᠠᠷᠠᠬᠠᠢ ᠰᠠᠭᠤᠵᠤ ᠪᠠᠶᠢᠭ᠎ᠠ ᠦᠨᠦᠴᠢᠨ ᠵᠡᠮᠳᠡᠭ ᠬᠡᠤᠬᠡᠳ ᠢ ᠬᠠᠤᠯᠢ | ᠶᠤᠰᠤ ᠪᠠᠷ ᠡᠷᠭᠦᠨ ᠲᠡᠵᠢᠭᠡᠭᠰᠡᠨ ᠤ ᠳᠠᠷᠠᠭ᠎ᠠ ᠪᠦᠬᠦᠯᠢ 18 ᠨᠠᠰᠤ ᠬᠦᠷᠬᠦ ᠠᠴᠠ ᠡᠮᠦᠨ᠎ᠡ ᠡᠷᠭᠦᠨ ᠲᠡᠵᠢᠭᠡᠭᠴᠢ ᠨᠢ | ᠬᠠᠤᠯᠢ ᠶᠤᠰᠤ ᠪᠠᠷ ᠦᠨᠳᠦᠰᠦᠨ ᠠᠮᠢᠳᠤᠷᠠᠯ ᠤᠨ ᠨᠦᠬᠦᠪᠦᠷᠢ ᠭᠤᠶᠤᠴᠢᠯᠠᠵᠤ ᠪᠤᠯᠤᠨ᠎ᠠ᠃ | ᠬᠤᠶᠠᠷ ᠲᠤ᠂ ᠡᠷᠭᠦᠨ ᠲᠡᠵᠢᠭᠡᠭᠳᠡᠭᠴᠢ ᠶᠢᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢ ᠲᠤᠳᠤᠷᠬᠠᠢ | ᠴᠢᠩᠭᠠᠳᠬᠠᠪᠠ᠃ ᠡᠷᠭᠦᠨ ᠲᠡᠵᠢᠭᠡᠭᠳᠡᠭᠴᠢ ᠨᠢ ᠪᠦᠬᠦᠯᠢ 18 ᠨᠠᠰᠤ ᠬᠦᠷᠬᠦ ᠠᠴᠠ ᠡᠮᠦᠨ᠎ᠡ ᠦᠨᠦᠴᠢᠨ ᠵᠡᠮᠳᠡᠭ | ᠬᠡᠤᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠶᠤᠰᠣ ᠪᠠᠷ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ | ᠡᠮᠴᠢᠯᠡᠭᠡᠨ ᠤ ᠪᠠᠲᠤᠯᠠᠭ᠎ᠠ ᠶᠢᠨ ᠤᠯᠭᠤᠮᠵᠢ ᠶᠢ ᠦᠷᠭᠦᠯᠵᠢᠯᠡᠨ ᠬᠦᠷᠲᠡᠵᠦ᠂ ᠡᠷᠡᠭᠦᠯᠵᠢᠭᠦᠯᠬᠦ ᠲᠤᠰᠠᠯᠠᠮᠵᠢ ᠶᠢᠨ | ᠨᠦᠬᠦᠴᠡᠯ ᠳᠤ ᠨᠡᠶᠢᠴᠡᠭᠰᠡᠨ ᠨᠢ ᠦᠨᠦᠴᠢᠨ ᠵᠡᠮᠳᠡᠭ ᠬᠡᠤᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ | ᠪᠠᠶᠢᠭᠤᠯᠤᠮᠵᠢ ᠳᠤ ᠡᠷᠡᠭᠦᠯᠵᠢᠭᠦᠯᠬᠦ ᠦᠢᠯᠡᠴᠢᠯᠡᠭᠡ ᠬᠦᠷᠲᠡᠵᠦ ᠪᠤᠯᠤᠨ᠎ᠠ᠂ ᠦᠪᠡᠷᠲᠡᠭᠡᠨ ᠵᠠᠰᠠᠬᠤ ᠤᠷᠤᠨ ᠤ | ᠳᠤᠲᠤᠷᠠᠬᠢ ᠡᠷᠡᠭᠦᠯᠵᠢᠭᠦᠯᠬᠦ ᠨᠦᠬᠦᠴᠡᠯ ᠪᠦᠷᠢᠯᠳᠦᠭᠦᠯᠦᠭᠰᠡᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ | ᠬᠦᠷᠴᠦ ᠡᠷᠡᠭᠦᠯᠵᠢᠭᠦᠯᠬᠦ ᠦᠢᠯᠡᠴᠢᠯᠡᠭᠡ ᠶᠢ ᠰᠦᠢᠳᠬᠡᠯ ᠲᠤᠰᠢᠶᠠᠬᠤ ᠦᠬᠡᠢ ᠪᠠᠷ ᠬᠦᠯᠢᠶᠡᠨ ᠠᠪᠴᠤ ᠪᠤᠯᠤᠨ᠎ᠠ᠃ | ᠨᠦᠬᠦᠴᠡᠯ ᠳᠤ ᠨᠡᠶᠢᠴᠡᠬᠦ ᠡᠷᠭᠦᠨ ᠲᠡᠵᠢᠭᠡᠭᠳᠡᠭᠴᠢ ᠶᠢ ︽ᠦᠨᠦᠴᠢᠨ ᠬᠡᠤᠬᠡᠳ ᠤᠨ ᠡᠮᠴᠢᠯᠡᠭᠡᠨ ᠢᠶᠠᠷ ᠡᠷᠡᠭᠦᠯᠵᠢᠭᠦᠯᠬᠦ | ᠢᠷᠡᠬᠡᠳᠤᠶᠢᠴᠢ ᠲᠦᠯᠦᠪᠯᠡᠯᠭᠡ︾ ᠶᠢᠨ ᠲᠦᠷᠦᠯ ᠵᠦᠢᠯ ᠳᠤ ᠦᠷᠭᠦᠯᠵᠢᠯᠡᠨ ᠤᠷᠤᠭᠤᠯᠤᠨ᠎ᠠ᠃ | ᠭᠤᠷᠪᠠ ᠳᠤ᠂ ᠡᠷᠭᠦᠨ ᠲᠡᠵᠢᠭᠡᠭᠳᠡᠭᠴᠢ ᠶᠢᠨ ᠰᠤᠷᠭᠠᠨ ᠬᠦᠮᠦᠵᠢᠯ ᠤᠨ ᠪᠠᠲᠤᠯᠠᠭ᠎ᠠ ᠶᠢ ᠲᠤᠳᠤᠷᠬᠠᠢ ᠴᠢᠩᠭᠠᠳᠬᠠᠪᠠ | ᠃ ᠨᠦᠬᠦᠴᠡᠯ ᠳᠤ ᠨᠡᠶᠢᠴᠡᠬᠦ ᠡᠷᠭᠦᠨ ᠲᠡᠵᠢᠭᠡᠭᠳᠡᠭᠴᠢ ᠨᠢ ᠰᠤᠷᠬᠤ ᠨᠠᠰᠤᠨ ᠠᠴᠠ ᠡᠮᠦᠨᠡᠬᠢ ᠠᠴᠠ ᠦᠨᠳᠦᠷ | ᠵᠡᠷᠭᠡ ᠶᠢᠨ ᠳᠤᠮᠳᠠᠳᠤ ᠰᠤᠷᠭᠠᠭᠤᠯᠢ ᠲᠡᠬᠦᠰᠳᠡᠯᠡᠬᠢ ᠰᠤᠷᠭᠠᠨ ᠬᠦᠮᠦᠵᠢᠯ ᠤᠨ ᠲᠤᠰᠠᠯᠠᠮᠵᠢ ᠶᠢᠨ ᠲᠦᠷᠦ ᠶᠢᠨ | ᠪᠤᠳᠤᠯᠭ᠎ᠠ ᠶᠢ ᠲᠤᠭᠲᠠᠭᠠᠯ ᠶᠤᠰᠤ ᠪᠠᠷ ᠬᠦᠷᠳᠡᠨ᠎ᠡ᠃ ᠡᠷᠭᠦᠨ ᠲᠡᠵᠢᠭᠡᠭᠳᠡᠭᠴᠢ ᠨᠢ ᠪᠦᠬᠦᠯᠢ 18 ᠨᠠᠰᠤ ᠬᠦᠷᠦᠭᠰᠡᠨ | ᠪᠤᠯᠪᠠᠴᠤ ᠮᠦᠨ ᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠶᠤ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ᠂ ᠡᠩ ᠤᠨ ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠰᠤᠷᠭᠠᠭᠤᠯᠢ᠂ | ᠡᠩ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠬᠢ ᠶᠢᠨ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠳᠤ | ᠰᠤᠷᠤᠯᠴᠠᠵᠤ ᠪᠠᠶᠢᠪᠠᠯ ᠮᠥᠨ ︽ᠱᠠᠩᠨᠠᠯᠳᠤ ᠰᠤᠭᠤᠯᠤᠭ᠎ᠠ ᠶᠢᠨ ᠠᠰᠠᠷᠠᠮᠵᠢ ᠮᠦᠡᠭᠭᠦ ᠪᠠᠷ ᠬᠦᠰᠡᠯ ᠵᠡᠬᠦᠳᠤ ᠶᠢ ᠨᠢ | ᠲᠡᠷᠭᠡᠯᠰᠢᠬᠦᠯᠵᠤ᠂ ᠦᠨᠦᠴᠢᠨ ᠬᠡᠤᠬᠡᠳ ᠤᠨ ᠰᠤᠷᠤᠯᠭ᠎ᠠ ᠳᠤ ᠲᠤᠰᠠᠯᠠᠬᠤ ᠢᠨᠵᠧᠨᠧᠷᠢᠩ︾ ᠤᠨ ᠬᠦᠷᠢᠶ᠎ᠡ | ᠬᠡᠪᠴᠢᠶᠡᠨ ᠳᠤ ᠤᠷᠤᠭᠤᠯᠤᠨ᠎ᠠ᠃ | | | | | |