︽ᠥᠪᠥᠷ ᠮᠣᠩᠭᠤᠯ ᠤᠨ ᠲᠤᠰᠠᠯᠠᠮᠵᠢ ᠶᠢᠨ ᠰᠤᠪᠠᠭ︾ ᠨᠡᠪᠳᠡᠷᠡᠪᠡ
ᠨᠡᠶᠢᠲᠡᠯᠡᠭᠰᠡᠨ ᠴᠠᠭ᠄
2024/1/17
    ︽ᠥᠪᠥᠷ ᠮᠣᠩᠭᠤᠯ ᠤᠨ ᠲᠤᠰᠠᠯᠠᠮᠵᠢ ᠶᠢᠨ ᠰᠤᠪᠠᠭ︾ ᠢ ᠨᠡᠪᠳᠡᠷᠡᠬᠦᠯᠬᠦ ᠨᠡᠬᠡᠬᠡᠯᠳᠡ ᠶᠢᠨ ᠶᠤᠰᠤᠯᠠᠯ 12 ᠳ᠋ᠤᠭᠠᠷ ᠰᠠᠷ᠎ᠠ ᠶᠢᠨ 8 ᠤ ᠡᠳᠦᠷ᠂ ᠤᠯᠠᠭᠠᠨᠴᠠᠪ ᠬᠤᠲᠠ ᠳᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠲᠤ᠂ ᠠᠷᠠᠳ ᠤᠨ ᠶᠠᠪᠤᠳᠠᠯ ᠤᠨ ᠶᠠᠮᠤᠨ ᠤ ᠣᠷᠣᠯᠭ᠎ᠠ  ᠪᠠᠭ᠎ᠠ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠤᠨ ᠵᠢᠯᠤᠭᠤᠳᠬᠤ ᠲᠥᠪ ᠤᠨ ᠡᠷᠬᠢᠯᠡᠭᠴᠢ ᠴᠧᠨ ᠰᠢᠶᠦ᠋ᠨ ᠴᠦᠢ᠂ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠤᠷᠤᠯᠴᠠᠵᠠᠢ᠃    ︽ᠥᠪᠥᠷ ᠮᠣᠩᠭᠤᠯ ᠤᠨ ᠲᠤᠰᠠᠯᠠᠮᠵᠢ ᠶᠢᠨ ᠰᠤᠪᠠᠭ︾ ᠨᠢ ᠠᠷᠠᠳ ᠤᠨ ᠶᠠᠪᠤᠳᠠᠯ ᠤᠨ ᠶᠠᠮᠤᠨ ᠤ ᠣᠷᠣᠯᠭ᠎ᠠ ᠪᠠᠭ᠎ᠠ ᠭᠡᠷ ᠪᠦᠯᠢ ᠶᠢ ᠮᠠᠭᠠᠳᠯᠠᠨ ᠲᠣᠭᠲᠠᠭᠠᠬᠤ ᠵᠢᠯᠤᠭᠤᠳᠬᠤ ᠲᠥᠪ ᠤᠨ ᠬᠢᠨ ᠤ ᠡᠬᠦᠳᠦᠭᠰᠡᠨ ᠨᠡᠶᠢᠭᠡᠮ ᠤᠨ ᠲᠤᠰᠠᠯᠠᠮᠵᠢ ᠭᠤᠶᠤᠴᠢᠯᠠᠬᠤ ᠪᠠ ᠡᠷᠬᠡ ᠣᠯᠭᠤᠨ ᠬᠠᠷᠭᠤᠭᠤᠯᠬᠤ ᠤᠷᠤᠴᠨ ᠪᠤᠯᠤᠬᠰᠠᠨ ᠤ ᠬᠤᠪᠢ ᠳᠤ ᠨᠡᠶᠢᠭᠡᠮ ᠤᠨ ᠲᠤᠰᠠᠯᠠᠮᠵᠢ ᠶᠢᠨ ᠶᠡᠷᠦᠩᠬᠡᠶᠢᠯᠡᠭᠰᠡᠨ ᠲᠠᠪᠴᠠᠩ ᠢ ᠵᠣᠯᠭᠠᠭᠤᠯᠬᠤ ᠪᠠᠷ ᠳᠠᠮᠵᠢᠭᠤᠯᠤᠨ᠂ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ᠂ ᠨᠡᠶᠢᠭᠡᠮ ᠤᠨ ᠲᠤᠰᠠᠯᠠᠮᠵᠢ ᠭᠤᠶᠤᠴᠢᠯᠠᠬᠰᠠᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠰᠢᠰᠲ᠋ᠧᠮ᠂ ᠨᠡᠶᠢᠭᠡᠮ ᠤᠨ  ᠲᠤᠰᠠᠯᠠᠮᠵᠢ ᠶᠢᠨ ᠰᠢᠰᠲ᠋ᠧᠮ ᠪᠠ ᠨᠡᠶᠢᠭᠡᠮ ᠤᠨ ᠲᠤᠰᠠᠯᠠᠮᠵᠢ ᠶᠢᠨ ᠰᠦᠯᠵᠢᠶ᠎ᠡ ᠶᠢ ᠨᠠᠪᠲᠠᠷᠡᠭᠦᠯᠵᠦ᠂ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠪᠤᠯᠭᠠᠨ᠎ᠠ᠃       ︽ᠥᠪᠥᠷ ᠮᠣᠩᠭᠤᠯ ᠤᠨ ᠲᠤᠰᠠᠯᠠᠮᠵᠢ ᠶᠢᠨ ᠰᠤᠪᠠᠭ︾ ᠨᠢ ᠬᠠᠷᠭᠤᠭᠤᠯᠵᠤ ᠭᠠᠷ ᠤᠨ ᠦᠰᠦᠭ ᠵᠢᠷᠤᠬᠤ ᠡᠷᠬᠡ ᠣᠯᠭᠤᠭᠰᠠᠨ ᠪᠢᠴᠢᠭ᠂ ᠲᠤᠰᠠᠯᠠᠮᠵᠢ ᠶᠢᠨ ᠨᠠᠷᠢᠨ ᠲᠠᠩᠰᠠ᠂ ᠰᠢᠨ᠎ᠡ ᠭᠤᠶᠤᠴᠢᠯᠠᠯ ᠢ ᠭᠦᠢᠴᠡᠳᠬᠡᠬᠦ᠂ ᠭᠤᠶᠤᠴᠢᠯᠠᠯ ᠤᠨ ᠠᠬᠢᠴᠠ ᠶᠢ ᠯᠠᠪᠯᠠᠬᠤ᠂  ᠦᠬᠦᠭᠰᠡᠨ ᠠᠮᠢᠳᠤ ᠶᠢ ᠭᠡᠷᠡᠴᠢᠯᠡᠬᠦ᠂ ᠨᠡᠶᠢᠭᠡᠮ ᠤᠨ ᠲᠤᠰᠠᠯᠠᠮᠵᠢ ᠶᠢᠨ ᠮᠡᠳᠡᠭᠡ ᠵᠠᠩᠭᠢ ᠶᠢᠨ ᠺᠠᠷᠲ ᠢ ᠵᠡᠷᠭᠡ 6 ᠴᠢᠳᠠᠮᠵᠢ ᠲᠠᠢ ᠤᠴᠢᠷ ᠠᠴᠠ ᠬᠦᠴᠢᠷᠳᠡᠯᠲᠡᠢ ᠣᠯᠠᠨ ᠲᠦᠮᠡᠨ ᠡᠬᠦᠳᠡᠨ  ᠠᠴᠠ ᠪᠠᠨ ᠭᠠᠷᠬᠤ ᠦᠭᠡᠢ ᠪᠠᠷ ᠨᠡᠶᠢᠭᠡᠮ ᠤᠨ ᠲᠤᠰᠠᠯᠠᠮᠵᠢ ᠭᠤᠶᠤᠴᠢᠯᠠᠬᠤ᠂ ᠬᠦᠯᠢᠶᠡᠨ ᠠᠪᠬᠤ ᠠᠴᠠ ᠠᠪᠤᠭᠠᠳ ᠪᠠᠶᠢᠴᠠᠭᠠᠬᠤ᠂ ᠬᠠᠷᠭᠤᠭᠤᠯᠵᠤ ᠨᠤᠲᠠᠯᠠᠬᠤ ᠬᠦᠷᠲᠡᠯᠡᠬᠢ ᠪᠥᠬᠦ ᠶᠠᠪᠤᠴᠠ ᠶᠢ ᠴᠥᠮ ᠰᠦᠯᠵᠢᠶᠡᠨ ᠳᠡᠭᠡᠷ᠎ᠡ ᠬᠦᠢᠴᠡᠳᠬᠡᠳᠡᠭ ᠢᠶᠠᠷ ᠶᠠᠪᠤᠵᠤ ᠰᠠᠭᠤᠬᠤ ᠳᠤ ᠳᠥᠭᠦᠮ ᠦᠭᠡᠢ᠂ ᠵᠠᠮ ᠬᠠᠷᠢᠯᠴᠠᠭ᠎ᠠ ᠲᠦᠬᠦᠮ ᠦᠭᠡᠢ᠂  ᠬᠦᠨᠳᠡᠯᠡᠨ ᠭᠠᠵᠠᠷ ᠪᠠᠶᠢᠭ᠎ᠠ᠂ ᠲᠥᠷᠥ ᠶᠢᠨ ᠪᠣᠳᠣᠯᠭ᠎ᠠ ᠶᠢ ᠰᠠᠶᠢᠨ ᠮᠡᠳᠡᠬᠦ ᠦᠬᠡᠢ᠂ ᠮᠡᠳᠡᠭᠡ ᠵᠠᠩᠭᠢ ᠨᠡᠪᠲᠡᠷᠡᠬᠦ ᠦᠭᠡᠢ ᠬᠦᠴᠢᠷᠳᠡᠯᠲᠡᠢ ᠣᠯᠠᠨ ᠲᠦᠮᠡᠨ ᠳᠤ ᠳᠥᠲᠡ ᠲᠦᠷᠭᠡᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠲᠥᠬᠦᠮ ᠦᠵᠡᠭᠦᠯᠬᠦ᠂ ᠬᠠᠮᠢᠶᠠᠷᠤᠯᠳᠠ ᠶᠢ ᠵᠢᠷᠤᠮᠵᠢᠭᠤᠯᠬᠤ ᠪᠠ ᠣᠶᠤᠨᠴᠢ ᠲᠤᠰᠠᠯᠠᠮᠵᠢ ᠶᠢᠨ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠪᠠ᠃      ︽ᠥᠪᠥᠷ ᠮᠣᠩᠭᠤᠯ ᠤᠨ ᠲᠤᠰᠠᠯᠠᠮᠵᠢ ᠶᠢᠨ ᠰᠤᠪᠠᠭ︾ ᠤᠨ 1.0 ᠰᠤᠪᠠᠭ ᠢ ᠨᠢᠭᠡᠨᠲᠡ ᠨᠡᠬᠡᠬᠡᠵᠤ᠂ ︽ᠠᠷᠠᠳ ᠤᠨ ᠶᠠᠪᠤᠳᠠᠯ ᠤᠨ ᠲᠤᠰᠠᠯᠠᠮᠵᠢ ᠶᠢᠨ ᠨᠠᠷᠢᠨ ᠲᠠᠩᠰᠠ︾ ᠶᠢᠨ ᠴᠢᠳᠠᠮᠵᠢ ᠶᠢ ᠬᠡᠷᠡᠭᠯᠡᠵᠦ ᠡᠬᠢᠯᠡᠬᠡᠳ᠂ ᠠᠷᠠᠳ ᠤᠨ ᠶᠠᠪᠤᠳᠠᠯ ᠤᠨ 14 ᠲᠥᠷᠥᠯ ᠤᠨ ᠨᠥᠬᠦᠪᠦᠷᠢ ᠶᠢ ᠰᠦᠯᠵᠢᠶᠡᠨ ᠳᠤ ᠤᠷᠤᠭᠤᠯᠤᠬᠰᠠᠨ ᠢᠶᠠᠷ ᠮᠡᠷᠬᠡᠨ ᠴᠤᠬᠤᠷ ᠢ ᠰᠢᠷᠪᠢᠪᠡᠯ ᠲᠤᠰᠠᠯᠠᠮᠵᠢ ᠶᠢᠨ ᠨᠦᠬᠦᠪᠤᠷᠢ᠂ ᠲᠦᠷᠤ ᠶᠢᠨ ᠪᠤᠳᠤᠯᠭ᠎ᠠ ᠶᠢ ᠪᠠᠷᠢᠨ ᠮᠡᠳᠡᠴᠢᠬᠡᠨ᠎ᠡ᠃ ᠡᠨᠡ ᠪᠤᠯ ᠭᠤᠣᠯ ᠰᠡᠳᠦᠪᠲᠦ ᠬᠥᠮᠦᠵᠢᠯ ᠤᠨ ᠲᠤᠮᠳᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤ ︽ᠣᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ ᠦᠭᠬᠦ︾ ᠱᠠᠭᠠᠷᠳᠠᠯᠭ᠎ᠠ ᠶᠢ ᠪᠡᠶᠡᠯᠡᠬᠦᠯᠵᠤ ᠪᠠᠶᠢᠭ᠎ᠠ ᠠᠵᠢᠯᠯᠠᠭ᠎ᠠ ᠶᠤᠮ᠃     ︽ᠥᠪᠥᠷ ᠮᠣᠩᠭᠤᠯ ᠤᠨ ᠲᠤᠰᠠᠯᠠᠮᠵᠢ ᠶᠢᠨ ᠰᠤᠪᠠᠭ︾ ᠢ ᠳᠡᠯᠭᠡᠷᠡᠭᠦᠯᠦᠨ ᠬᠡᠷᠡᠭᠯᠡᠬᠦ ᠲᠤᠷᠰᠢᠯᠲᠠ ᠶᠢᠨ ᠠᠵᠢᠯ  ᠨᠢ ᠬᠦᠴᠢᠷᠳᠡᠯᠲᠡᠢ ᠣᠯᠠᠨ ᠲᠦᠮᠡᠨ ᠳᠤ ᠳᠥᠭᠦᠮ ᠦᠵᠡᠭᠦᠯᠬᠦ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠷ ᠬᠠᠷᠠᠯᠲᠠ ᠪᠣᠯᠭᠠᠵᠤ᠂ ᠰᠦᠯᠵᠢᠶᠡᠨ ᠳᠡᠭᠡᠷ᠎ᠡ ᠭᠤᠶᠤᠴᠢᠯᠠᠬᠤ ᠶᠠᠪᠤᠴᠨ ᠶᠢ ᠲᠡᠭᠦᠯᠳᠡᠷᠵᠢᠭᠦᠯᠵᠦ᠂  ᠲᠤᠰᠠᠯᠠᠮᠵᠢ ᠶᠢᠨ ᠡᠬᠢ ᠪᠠᠶᠠᠯᠢᠭ ᠢ  ᠡᠮᠬᠢᠯᠡᠨ᠂ ᠬᠦᠴᠢᠷᠳᠡᠯᠲᠡᠢ ᠣᠯᠠᠨ ᠲᠦᠮᠡᠨ ᠤ ᠣᠯᠠᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠵᠤ᠂  ᠲᠤᠰᠠᠯᠠᠮᠵᠢ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠷᠠᠳ ᠤᠨ ᠵᠣᠪᠠᠨᠢᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠳᠡᠬᠡᠨ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠬᠦᠴᠢᠷᠳᠡᠯᠲᠡᠢ ᠣᠯᠠᠨ ᠲᠦᠮᠡᠨ ᠳᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠤᠪᠢᠶᠠᠯᠴᠠᠭᠤᠯᠵᠤ᠂ ᠪᠥᠬᠦ ᠣᠷᠣᠨ ᠤ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠨ ᠤ ᠣᠷᠣᠨ ᠤ ᠠᠷᠠᠳ ᠤᠨ ᠠᠮᠢᠳᠤᠷᠠᠯ ᠤᠨ ᠬᠠᠭᠤᠳᠠᠰᠤᠨ ᠳᠤ ᠰᠢᠨ᠎ᠡ ᠪᠦᠲᠦᠮᠵᠢ ᠨᠡᠮᠡᠷᠢᠯᠡᠬᠦ ᠨᠢ ᠯᠠᠪᠳᠠᠢ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号