ᠠᠷᠠᠳ ᠤᠨ ᠶᠠᠪᠤᠳᠠᠯ ᠤᠨ ᠶᠠᠮᠤᠨ 29 ᠠᠷᠭ᠎ᠠ ᠪᠠᠷ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/1/17
    ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ︽ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠳᠠᠲᠠᠢ ᠠᠷᠭ᠎ᠠ ︾ ︵︽ᠠᠷᠭ᠎ᠠ︾ ᠭᠡᠵᠦ ᠲᠦᠬᠦᠮᠴᠢᠯᠡᠶ᠎ᠡ︶ ᠶᠢ ᠳᠠᠷᠤᠮᠠᠯᠯᠠᠨ ᠲᠠᠷᠬᠠᠭᠠᠪᠠ᠃ ᠡᠬᠦᠨ ᠳᠤ 29 ᠠᠷᠭ᠎ᠠ ᠶᠢ ᠬᠡᠷᠡᠭᠵᠢᠬᠦᠯᠵᠤ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ ᠤᠨ ᠲᠠᠯ᠎ᠠ  ᠪᠠᠷ ᠥᠪᠥᠷ ᠮᠣᠩᠭᠤᠯ ᠢ ᠳᠡᠮᠵᠢᠬᠦ ᠠᠷᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠥᠪᠥᠷ ᠮᠣᠩᠭᠤᠯ ᠳᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ᠂ ᠰᠦᠪᠡᠭᠴᠢᠯᠡᠨ ᠦᠢᠯᠡᠳᠦᠯᠭᠡᠵᠢᠭᠦᠯᠬᠦ ᠵᠡᠷᠭᠡ ᠡᠭᠦᠷᠭᠡ ᠶᠢ ᠤᠷᠢᠳ ᠢᠶᠠᠷ ᠥᠷᠨᠢᠭᠦᠯᠬᠦ ᠶᠢ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠵᠢᠯᠣᠭᠤᠳᠤᠯᠭ᠎ᠠ ᠪᠠᠨ ᠴᠢᠩᠭᠠᠳᠬᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠷᠠᠳ ᠤᠨ ᠶᠠᠪᠤᠳᠠᠯ ᠤᠨ ᠰᠢᠰᠲ᠋ᠧᠮ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠢᠯᠡᠷᠬᠡᠶᠢᠯᠡᠭᠰᠡᠨ ᠨᠢ᠂ ︽ᠠᠷᠭ᠎ᠠ︾ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠠᠨ᠎ᠠ ᠥᠨᠳᠥᠷ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ  ᠶᠢ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ  ᠪᠠᠷ ᠭᠤᠣᠯᠳᠠᠭᠤᠯᠵᠤ ᠤᠨᠢᠨ ᠳᠡᠭᠡᠷ᠎ᠡ ᠨᠢ ᠪᠠᠲᠤᠯᠠᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ᠂ ᠬᠡᠦᠬᠡᠳ ᠤᠨ ᠠᠰᠠᠷᠠᠮᠵᠢ ᠶᠢᠨ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠨᠢᠭᠦᠯᠡᠰᠦᠩᠭᠦᠢ ᠶᠢᠨ ᠦᠢᠯᠡᠰ ᠤᠨ ᠦᠢᠯᠡᠳᠦᠯ ᠢ ᠪᠠᠳᠠᠷᠠᠭᠤᠯᠬᠤ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ 6 ᠲᠠᠯ᠎ᠠ ᠠᠴᠠ 29 ᠪᠣᠳᠠᠲᠠᠢ ᠳᠡᠮᠵᠢᠬᠦ ᠠᠷᠭ᠎ᠠ ᠶᠢ ᠭᠠᠷᠭᠠᠬᠰᠠᠨ ᠤ ᠬᠠᠮᠲᠤ ᠪᠣᠳᠠᠲᠠᠢ ᠡᠭᠦᠷᠭᠡ ᠬᠠᠷᠢᠭᠤᠴᠠᠯᠭᠠᠲᠤ ᠵᠤᠷᠭᠠᠨ ᠲᠣᠪᠴᠢᠶ᠎ᠠ ᠪᠠ ᠨᠢᠭᠡᠴᠢ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠡᠯ᠎ᠡ ᠠᠷᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠳᠤᠯᠠᠬᠤ ᠪᠤᠯᠤᠨ᠎ᠠ᠃    ︽ᠠᠷᠭ᠎ᠠ︾ ᠳᠤ ᠠᠷᠠᠳ ᠤᠨ ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶ᠎ᠠ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠨᠡᠶᠢᠭᠡᠮᠯᠢᠭ ᠪᠠ ᠶᠠᠮᠤᠨ ᠤ ᠰᠢᠭᠤᠳ ᠬᠠᠷᠢᠶ᠎ᠠ ᠨᠢᠬᠡᠴᠢ ᠶᠢᠨ ᠬᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠦᠪᠤᠷ ᠮᠤᠩᠭᠤᠯ ᠤᠨ ᠪᠡᠭᠡᠵᠢᠩ ᠲᠢᠶᠠᠨᠵᠢᠨ ᠾᠧᠪᠧᠢ  ᠶᠢᠨ ᠬᠠᠮᠵᠢᠯᠴᠠᠨ ᠬᠦᠭᠵᠢᠬᠦ ᠯᠦᠭᠡ ᠠᠭᠤᠰᠤᠯᠴᠠᠬᠤ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠤᠯᠠᠮ ᠠᠭᠤᠰᠤᠯᠴᠠᠬᠤ ᠶᠢ ᠳᠡᠮᠵᠢᠵᠦ᠂ ᠦᠨᠳᠦᠰᠦᠨ ᠱᠠᠲᠤᠨ ᠤ ᠡᠩᠨᠡᠭᠡ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠂ ᠲᠣᠭᠠᠴᠢᠯᠠᠭᠰᠠᠨ ᠠᠷᠠᠳ ᠤᠨ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠠᠷᠠᠳ ᠤᠨ ᠶᠠᠪᠤᠳᠠᠯ ᠤᠨ ᠶᠠᠮᠤᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠵᠤᠷᠭᠠᠨ ᠲᠣᠪᠴᠢᠶ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ ᠰᠠᠭᠤᠷᠢ ᠴᠢᠨᠠᠷᠲᠠᠢ ᠠᠵᠢᠯ ᠢ ᠲᠦᠷᠦᠭᠦᠯᠡᠨ ᠰᠠᠶᠢᠲᠤᠷ ᠬᠢᠵᠦ ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠦᠲᠦᠮᠵᠢᠲᠡᠶ ᠲᠤᠭᠤᠰᠢᠯᠠᠭᠤᠯᠬᠤ ᠬᠡᠷᠡᠭᠲᠡᠢ᠃   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠠᠷᠠᠳ ᠤᠨ ᠶᠠᠪᠤᠳᠠᠯ ᠤᠨ ᠶᠠᠮᠤᠨ ᠤ ᠳᠡᠮᠵᠢᠬᠦ ᠲᠦᠷᠦ ᠶᠢᠨ ᠪᠣᠳᠣᠯᠭ᠎ᠠ ᠶᠢ ᠬᠥᠳᠡᠯᠭᠡᠬᠦ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ  ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠠᠷᠠᠳ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号