ᠬᠤᠶᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ
ᠨᠡᠶᠢᠲᠡᠯᠡᠭᠰᠡᠨ ᠴᠠᠭ᠄
2024/1/18
    ︵2023 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠯᠤᠳᠤᠭᠠᠷ ᠬᠤᠷᠠᠯᠳᠤᠭᠠᠨ ᠢᠶᠠᠷ ᠪᠠᠳᠤᠯᠠᠪᠠ︶    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯᠳᠤᠭᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ᠳᠤ ᠲᠠᠷᠠᠭᠠᠬᠢ ᠮᠡᠲᠦ ᠵᠠᠰᠠᠪᠤᠷᠢ ᠤᠷᠤᠭᠤᠯᠬᠤ ᠪᠠᠷ ᠰᠢᠢᠳᠪᠡ᠃    ᠠᠷᠪᠠᠨ ᠨᠢᠭᠡ᠂ ᠵᠢᠷᠠ ᠶᠢᠰᠦᠳᠦᠭᠡᠷ ᠵᠦᠢᠯ ᠢ ᠲᠠᠯᠠᠨ ᠲᠠᠪᠤᠳᠤᠭᠠᠷ ᠵᠦᠢᠯ ᠪᠣᠯᠭᠠᠭᠠᠳ᠄ ︽ᠤᠯᠤᠰ ᠠᠴᠠ ᠨᠢᠭᠦᠯᠡᠰᠦᠩᠭᠦᠢ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ︾ ᠭᠡᠵᠤ ᠵᠠᠰᠠᠪᠠ᠃   ︽ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢᠭᠦᠯᠡᠰᠦᠩᠭᠦᠢ ᠶᠢᠨ ᠮᠡᠳᠡᠭᠡ ᠵᠠᠩᠭᠢ ᠶᠢᠨ ᠨᠢᠭᠡᠳᠦᠯᠲᠡᠢ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠨᠢᠭᠦᠯᠡᠰᠦᠩᠭᠦᠢ ᠶᠢᠨ ᠮᠡᠳᠡᠭᠡ ᠵᠠᠩᠭᠢ ᠨᠡᠶᠢᠲᠡᠯᠡᠬᠦ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠠ᠃   ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠮᠦᠨᠡᠬᠢ ᠪᠠᠳᠠᠭ ᠲᠤ ᠲᠣᠭᠲᠠᠭᠠᠭᠰᠠᠨ ᠲᠠᠪᠴᠠᠩ ᠳᠡᠭᠡᠷ᠎ᠡ ᠨᠢᠭᠦᠯᠡᠰᠦᠩᠭᠦᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠬᠡᠮ ᠲᠡᠶᠠᠭᠠᠷ ᠲᠤ ᠢᠯᠡᠵᠢᠬᠦᠯᠬᠦ ᠬᠡᠷᠡᠭᠲᠡᠢ᠃   ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠭᠴᠢ ᠲᠤᠰ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠲᠠᠪᠴᠠᠩ ᠳᠡᠭᠡᠷ᠎ᠡ ᠨᠢᠭᠦᠯᠡᠰᠦᠩᠭᠦᠢ ᠶᠢᠨ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ ᠪᠥᠭᠡᠳ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃︾   ᠠᠷᠪᠠᠨ ᠬᠤᠶᠠᠷ᠂ ᠲᠠᠯᠠᠨ ᠭᠤᠷᠪᠠᠳᠤᠭᠠᠷ ᠵᠦᠢᠯ ᠢ ᠲᠠᠯᠠ ᠶᠢᠰᠦᠳᠦᠭᠡᠷ ᠵᠦᠢᠯ ᠪᠣᠯᠭᠠᠭᠠᠳ᠄ ︽ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠬᠠᠨᠳᠢᠪ ᠴᠤᠭᠯᠠᠭᠤᠯᠤᠭᠰᠠᠨ ᠪᠠᠶᠢᠳᠠᠯ ᠪᠠ ᠨᠢᠭᠦᠯᠡᠰᠦᠩᠭᠦᠢ ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢᠶᠠᠨ ᠨᠡᠶᠢᠭᠡᠮ ᠲᠠᠶᠠᠭᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠢᠯᠡᠵᠢᠬᠦᠯᠬᠦ ᠬᠡᠷᠡᠭᠳᠡᠢ᠃      ︽ᠢᠯᠡ ᠪᠠᠷ ᠬᠠᠨᠳᠢᠪ ᠴᠤᠭᠯᠠᠭᠤᠯᠬᠤ ᠡᠭᠡᠯᠵᠢᠲᠦ ᠬᠤᠭᠤᠴᠠᠭ᠎ᠠ ᠨᠢ ᠵᠢᠷᠭᠤᠭᠠᠨ ᠰᠠᠷ᠎ᠠ ᠠᠴᠠ ᠬᠡᠲᠦᠷᠡᠭᠰᠡᠨ ᠪᠤᠯ ᠬᠠᠨᠳᠢᠪ ᠴᠤᠭᠯᠠᠭᠤᠯᠤᠭᠰᠠᠨ ᠪᠠᠶᠢᠳᠠᠯ ᠢᠶᠠᠨ ᠨᠠᠭᠠᠲᠤ ᠵᠠᠬ᠎ᠠ ᠳᠤ ᠪᠠᠨ ᠭᠤᠷᠪᠠᠨ ᠰᠠᠷ᠎ᠠ ᠲᠤᠳᠤᠮ ᠳᠤ ᠨᠢᠭᠡ ᠤᠳᠠᠭ᠎ᠠ ᠢᠯᠡᠵᠢᠬᠦᠯᠬᠦ ᠬᠡᠷᠡᠭᠲᠡᠢ᠂ ᠢᠯᠡ ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ ᠬᠠᠨᠳᠢᠪ ᠴᠤᠭᠯᠠᠭᠤᠯᠤᠭᠰᠠᠨ ᠪᠠᠶᠢᠳᠠᠯ ᠢᠶᠠᠨ ᠭᠤᠷᠪᠠᠨ ᠰᠠᠷ᠎ᠠ ᠶᠢᠨ ᠳᠣᠲᠣᠷ᠎ᠠ ᠪᠦᠬᠦ ᠲᠠᠯ᠎ᠠ ᠪᠠᠷ᠂ ᠨᠠᠷᠢᠨ ᠲᠣᠳᠣᠷᠬᠠᠢ ᠢᠯᠡᠵᠢᠬᠦᠯᠬᠦ ᠬᠡᠷᠡᠭᠲᠡᠢ᠃   ︽ᠨᠢᠭᠦᠯᠡᠰᠦᠩᠭᠦᠢ ᠶᠢᠨ ᠵᠦᠢᠯᠡᠰ ᠢ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠨᠢ ᠵᠢᠷᠭᠤᠭᠠᠨ ᠰᠠᠷ᠎ᠠ ᠠᠴᠠ ᠬᠡᠲᠦᠷᠡᠭᠰᠡᠨ  ᠪᠤᠯ ᠨᠢᠬᠦᠯᠡᠰᠤᠩᠭᠦᠢ ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢᠶᠠᠨ ᠨᠠᠭᠠᠲᠤ ᠵᠠᠬ᠎ᠠ ᠳᠤ ᠪᠠᠨ ᠭᠤᠷᠪᠠᠨ ᠰᠠᠷ᠎ᠠ ᠪᠦᠷᠢ ᠨᠢᠭᠡ ᠤᠳᠠᠭ᠎ᠠ ᠢᠯᠡᠵᠢᠬᠦᠯᠬᠦ ᠬᠡᠷᠡᠭᠲᠡᠢ᠂ ᠨᠢᠬᠦᠯᠡᠰᠤᠩᠭᠦᠢ ᠶᠢᠨ ᠵᠦᠢᠯᠡᠰ ᠳᠠᠭᠤᠰᠤᠭᠰᠠᠨ ᠤ ᠲᠠᠷᠠᠭ᠎ᠠ ᠭᠤᠷᠪᠠᠨ ᠰᠠᠷ᠎ᠠ ᠶᠢᠨ ᠳᠣᠲᠣᠷ᠎ᠠ ᠨᠢᠭᠦᠯᠡᠰᠦᠩᠭᠦᠢ ᠶᠢᠨ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠪᠠ ᠴᠤᠭᠯᠠᠭᠤᠯᠵᠤ ᠣᠯᠣᠭᠰᠠᠨ ᠵᠣᠭᠤᠰ ᠮᠥᠩᠭᠦ ᠡᠳ᠋ ᠪᠣᠳᠠᠰ ᠢ ᠬᠡᠷᠡᠭᠯᠡᠭᠰᠡᠨ ᠪᠠᠶᠢᠳᠠᠯ ᠢᠶᠠᠨ ᠪᠦᠬᠦ ᠲᠠᠯ᠎ᠠ ᠪᠠᠷ᠂ ᠨᠠᠷᠢᠨ ᠲᠣᠳᠣᠷᠬᠠᠢ ᠢᠯᠡᠵᠢᠬᠦᠯᠬᠦ ᠬᠡᠷᠡᠭᠲᠡᠢ᠃︾   ᠠᠷᠪᠠᠨ ᠭᠤᠷᠪᠠ᠂ ᠲᠠᠯᠠᠨ ᠳᠣᠯᠣᠳᠤᠭᠠᠷ ᠵᠦᠢᠯ ᠢ ᠨᠠᠶᠠᠨ ᠭᠤᠷᠪᠠᠳᠤᠭᠠᠷ ᠵᠦᠢᠯ ᠪᠣᠯᠭᠠᠭᠠᠳ᠂ ᠨᠢᠭᠡᠳᠦᠭᠡᠷ ᠪᠠᠳᠠᠭ ᠢ᠄ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢᠭᠦᠯᠡᠰᠦᠩᠭᠦᠢ ᠶᠢᠨ ᠦᠢᠯᠡᠰ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠨ ᠣᠷᠣᠭᠤᠯᠵᠤ᠂ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠪᠠ ᠠᠷᠭ᠎ᠠ ᠶᠢ ᠲᠣᠭᠲᠠᠭᠠᠬᠤ ᠬᠡᠷᠡᠭᠲᠡᠢ︾ ᠭᠡᠵᠦ ᠵᠠᠰᠠᠪᠠ᠃   ᠠᠷᠪᠠᠨ ᠳᠥᠷᠪᠡ᠂ ᠨᠢᠭᠡ ᠵᠦᠢᠯ ᠨᠡᠮᠡᠭᠡᠳ ᠨᠠᠶᠠᠨ ᠲᠠᠪᠤᠳᠤᠭᠠᠷ ᠵᠦᠢᠯ ᠪᠤᠯᠭᠠᠵᠤ᠄ ︽ᠤᠯᠤᠰ ᠠᠴᠠ ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠬᠥᠮᠥᠨ᠂ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠳᠡᠨ ᠦᠬᠡᠢ ᠵᠣᠬᠢᠶᠠᠨ ᠪᠠᠶᠢᠭᠤᠯᠤᠯᠲᠠ ᠶᠢᠨ ᠬᠢᠨ ᠤ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠵᠢᠯᠤᠭᠤᠳᠴᠤ᠂ ᠲᠡᠮᠵᠢᠨ᠎ᠠ᠃    ︽ᠤᠯᠤᠰ ᠠᠴᠠ ᠨᠢᠭᠦᠯᠡᠰᠦᠩᠭᠦᠢ ᠶᠢᠨ ᠦᠢᠯᠡᠰ ᠲᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠪᠣᠳᠠᠲᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠦᠷᠢᠮ ᠢ ᠲᠤᠬᠳᠠᠭᠠᠨ᠎ᠠ᠃︾      ᠠᠷᠪᠠᠨ ᠲᠠᠪᠤ᠂ ᠨᠢᠭᠡ ᠵᠦᠢᠯ ᠨᠡᠮᠡᠭᠡᠳ ᠨᠠᠶᠠᠨ ᠨᠠᠢᠮᠠᠳᠤᠭᠠᠷ ᠵᠦᠢᠯ ᠪᠤᠯᠭᠠᠵᠤ᠄ ︽ᠬᠥᠮᠥᠨ᠂ ᠬᠠᠤᠯᠢ ᠶᠢᠨ ᠡᠷᠬᠡᠳᠡᠨ ᠪᠠ ᠬᠠᠤᠯᠢ ᠶᠢᠨ ᠶᠢᠨ ᠡᠷᠬᠡᠳᠡᠨ ᠦᠬᠡᠢ ᠵᠣᠬᠢᠶᠠᠨ ᠪᠠᠶᠢᠭᠤᠯᠤᠯᠲᠠ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢ ᠪᠠᠶᠢᠭᠤᠯᠵᠤ ᠨᠢᠭᠦᠯᠡᠰᠦᠩᠭᠦᠢ ᠶᠢᠨ ᠠᠵᠢᠯᠯᠠᠭ᠎ᠠ ᠦᠷᠨᠢᠬᠦᠯᠪᠡᠯ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠠᠤᠯᠢ ᠶᠣᠰᠣᠭᠠᠷ  ᠬᠦᠷᠳᠡᠨ᠎ᠠ᠃︾ᠠᠷᠪᠠᠨ ᠵᠢᠷᠭᠤᠭ᠎ᠠ᠂ ᠨᠠᠶᠠᠨ ᠳᠥᠷᠪᠡᠳᠦᠭᠡᠷ ᠵᠦᠢᠯ ᠢ ᠶᠡᠷᠡᠨ ᠬᠤᠶᠠᠳᠤᠭᠠᠷ ᠵᠦᠢᠯ ᠪᠣᠯᠭᠠᠭᠠᠳ᠄ ︽ᠤᠯᠤᠰ ᠠᠴᠠ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ᠂ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠨᠢᠭᠦᠯᠡᠰᠦᠩᠭᠦᠢ ᠶᠢᠨ ᠠᠵᠢᠯᠯᠠᠭ᠎ᠠ ᠳᠤ ᠣᠷᠣᠯᠴᠠᠬᠤ ᠳᠤ ᠣᠨᠴᠠᠭᠠᠶ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ︾ ᠭᠡᠵᠦ ᠵᠠᠰᠠᠪᠠ᠃   ᠠᠷᠪᠠᠨ ᠲᠤᠯᠤᠭ᠎ᠠ᠂ ᠨᠠᠶᠠᠨ ᠳᠣᠯᠣᠳᠤᠭᠠᠷ ᠵᠦᠢᠯ ᠢ ᠶᠡᠷᠡᠨ ᠲᠠᠪᠤᠳᠤᠭᠠᠷ ᠵᠦᠢᠯ ᠪᠣᠯᠭᠠᠭᠠᠳ᠂ ᠨᠢᠭᠡ ᠪᠠᠳᠠᠭ ᠨᠡᠮᠡᠵᠦ ᠬᠤᠶᠠᠳᠤᠭᠠᠷ ᠪᠠᠳᠠᠭ ᠪᠣᠯᠭᠠᠪᠠ᠄ ︽ᠤᠯᠤᠰ ᠠᠴᠠ ᠨᠢᠭᠦᠯᠡᠰᠦᠩᠭᠦᠢ ᠶᠢᠨ ᠬᠦᠷᠢᠶ᠎ᠡ ᠴᠠᠷᠠᠭᠠᠨ ᠳᠤ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠬᠦᠴᠦᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠪᠦᠲᠦᠭᠡᠬᠦ ᠪᠡᠯᠡ ᠣᠷᠣᠭᠤᠯᠤᠯᠲᠠ᠂ ᠪᠣᠶᠢᠵᠢᠭᠤᠯᠬᠤ᠂ ᠠᠵᠢᠯᠲᠠᠨ ᠢ ᠪᠣᠯᠪᠠᠰᠤᠷᠠᠭᠤᠯᠬᠤ᠂ ᠨᠢᠬᠦᠯᠡᠰᠤᠩᠭᠦᠢ ᠶᠢᠨ ᠵᠦᠢᠯᠡᠰ ᠢ ᠵᠢᠯᠤᠭᠤᠳᠬᠤ ᠵᠡᠷᠭᠡ ᠠᠷᠭ᠎ᠠ ᠪᠠᠷ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠪᠡᠯᠡ ᠮᠥᠩᠭᠦᠨ ᠤ ᠳᠡᠮᠵᠢᠯᠭᠡ ᠪᠠ ᠴᠢᠳᠠᠪᠤᠷᠢ ᠶᠢᠨ ᠪᠠᠶᠢᠭᠤᠯᠤᠯᠲᠠ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃︾   ᠠᠷᠪᠠᠨ ᠨᠠᠢᠮᠠ᠂ ᠨᠢᠭᠡ ᠵᠦᠢᠯ ᠨᠡᠮᠡᠭᠡᠳ ᠶᠡᠷᠡᠨ ᠵᠢᠷᠭᠤᠳᠤᠭᠠᠷ ᠵᠦᠢᠯ ᠪᠣᠯᠭᠠᠪᠠ᠄ ︽ᠤᠯᠤᠰ ᠠᠴᠠ ᠨᠥᠬᠦᠴᠡᠯ ᠲᠠᠢ ᠭᠠᠵᠠᠷ ᠣᠷᠣᠨ ᠳᠤ ᠨᠡᠶᠢᠭᠡᠮ ᠲᠣᠭᠤᠷᠢᠭ ᠤᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ᠨᠡᠶᠢᠭᠡᠮ ᠲᠣᠭᠤᠷᠢᠭ ᠤᠨ ᠰᠠᠶᠢᠨ  ᠲᠤᠷᠠᠴᠤᠤᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠨᠢᠭᠦᠯᠡᠰᠦᠩᠭᠦᠢ ᠶᠢᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃︾   ᠠᠷᠪᠠ ᠶᠢᠰᠦ᠂ ᠨᠢᠭᠡ ᠵᠦᠢᠯ ᠨᠡᠮᠡᠭᠡᠳ ᠵᠠᠭᠤ ᠨᠢᠭᠡᠳᠦᠭᠡᠷ ᠵᠦᠢᠯ ᠪᠣᠯᠭᠠᠪᠠ᠄ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠦᠯᠡᠰᠦᠩᠭᠦᠢ ᠶᠢᠨ ᠬᠠᠨᠳᠢᠪᠯᠡᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠮᠳᠡᠭᠯᠡᠯ ᠵᠡᠷᠭᠡ ᠮᠡᠳᠡᠭᠡ ᠵᠠᠩᠭᠢ ᠶᠢ ᠬᠤᠯᠪᠣᠭᠳᠠᠯ ᠪᠦᠬᠦᠢ ᠪᠡᠶᠡᠴᠢ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠢᠲᠡᠭᠡᠮᠵᠢ ᠶᠢᠨ ᠤᠷᠮᠠᠰᠢᠭᠤᠯᠬᠤ ᠳᠦᠷᠢᠮ ᠢ ᠪᠦᠷᠢᠨᠰᠢᠭᠦᠯᠦᠨ᠎ᠡ᠃︾   ᠬᠤᠷᠢ᠂ ᠨᠢᠭᠡ ᠵᠦᠢᠯ ᠨᠡᠮᠡᠭᠡᠳ ᠵᠠᠭᠤ ᠬᠤᠶᠠᠳᠤᠭᠠᠷ ᠵᠦᠢᠯ ᠪᠣᠯᠭᠠᠪᠠ᠄ ︽ᠤᠯᠤᠰ ᠠᠴᠠ ᠨᠢᠭᠦᠯᠡᠰᠦᠩᠭᠦᠢ ᠶᠢᠨ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠬᠢᠯᠢ ᠶᠢᠨ ᠭᠠᠳᠠᠨᠠᠬᠢ ᠨᠢᠭᠦᠯᠡᠰᠦᠩᠭᠦᠢ ᠶᠢᠨ ᠬᠠᠨᠳᠢᠪ ᠬᠦᠷᠭᠡᠯᠲᠡ ᠶᠢ ᠬᠦᠯᠢᠶᠡᠨ ᠠᠪᠴᠤ᠂ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠲᠠᠢ ᠬᠠᠮᠲᠤᠷᠠᠨ ᠨᠢᠭᠦᠯᠡᠰᠦᠩᠭᠦᠢ ᠶᠢᠨ ᠠᠵᠢᠯᠯᠠᠭ᠎ᠠ ᠥᠷᠨᠢᠭᠦᠯᠦᠭᠰᠡᠨ ᠪᠤᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠥᠪᠰᠢᠶᠡᠷᠡᠭᠦᠯᠬᠦ᠂ ᠳᠠᠩᠰᠠᠯᠠᠭᠤᠯᠬᠤ ᠵᠢᠷᠤᠮ ᠢ ᠭᠦᠢᠴᠡᠳᠬᠡᠨ᠎ᠡ᠃︾   ᠬᠤᠷᠢᠨ ᠨᠢᠭᠡ᠂ ᠶᠡᠷᠡᠨ ᠭᠤᠷᠪᠠᠳᠤᠭᠠᠷ ᠵᠦᠢᠯ ᠢ ᠵᠠᠭᠤ ᠳᠥᠷᠪᠡᠳᠦᠭᠡᠷ ᠵᠦᠢᠯ ᠪᠣᠯᠭᠠᠭᠠᠳ᠄ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ  ᠬᠢᠨ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠭᠴᠢ ᠳᠤ  ᠲᠠᠷᠠᠭᠠᠬᠢ ᠠᠷᠭ᠎ᠠ ᠶᠢ ᠠᠪᠬᠤ ᠡᠷᠬᠡ ᠲᠠᠢ᠄    ︽︵ᠨᠢᠭᠡ︶ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠢᠳᠡᠬᠡᠮᠵᠢᠳᠤ ᠨᠠᠶᠢᠳᠠᠯᠭ᠎ᠠ  ᠶᠢ ᠬᠦᠯᠢᠶᠡᠨ ᠠᠪᠤᠬᠴᠢ ᠶᠢᠨ ᠣᠷᠣᠨ ᠰᠠᠭᠤᠴᠠ ᠪᠠ ᠨᠢᠭᠦᠯᠡᠰᠦᠩᠭᠦᠢ ᠶᠢᠨ ᠠᠵᠢᠯᠯᠠᠭ᠎ᠠ ᠡᠭᠦᠰᠦᠭᠰᠡᠨ ᠭᠠᠵᠠᠷ ᠲᠤ ᠨᠢ ᠪᠠᠶᠢᠴᠠᠭᠠᠬᠤ᠃   ︽︵ᠬᠤᠶᠠᠷ︶ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠢᠳᠡᠬᠡᠮᠵᠢᠳᠤ ᠨᠠᠶᠢᠳᠠᠯᠭ᠎ᠠ ᠶᠢ ᠬᠦᠯᠢᠶᠡᠨ ᠠᠪᠤᠬᠴᠢ  ᠪᠠᠷ ᠲᠣᠳᠣᠷᠬᠠᠶᠢᠯᠠᠯᠲᠠ ᠬᠢᠯᠭᠡᠵᠦ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠪᠠᠭᠤᠯᠭᠠᠨ ᠠᠪᠤᠭᠤᠯᠬᠤ ᠪᠠᠷ ᠱᠠᠭᠠᠷᠳᠠᠬᠤ᠃   ︽︵ᠭᠤᠷᠪᠠ︶ ᠨᠢᠭᠦᠯᠡᠰᠦᠩᠭᠦᠢ ᠶᠢᠨ ᠠᠵᠢᠯᠯᠠᠭ᠎ᠠ ᠳᠤ ᠬᠤᠯᠪᠣᠭᠳᠠᠬᠤ ᠨᠢᠭᠡᠴᠢ ᠪᠠ ᠬᠤᠪᠢ ᠬᠥᠮᠥᠨ ᠨᠢ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠪᠠᠶᠢᠳᠠᠯ ᠢ ᠪᠠᠶᠢᠴᠠᠭᠠᠨ᠎ᠠ᠃   ︽︵ᠳᠥᠷᠪᠡ︶ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠮᠥᠩᠭᠦᠨ ᠭᠦᠢᠯᠭᠡᠭᠡᠨ ᠤ ᠲᠠᠩᠰᠠᠨ ᠡᠷᠦᠭᠡ ᠶᠢ ᠪᠠᠶᠢᠴᠠᠭᠠᠨ ᠯᠠᠪᠯᠠᠵᠤ ᠪᠣᠯᠣᠨ᠎ᠠ᠃   ︽︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠨᠤᠭᠤᠳ᠃    ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠨ ᠠᠪᠤᠬᠴᠢ ᠨᠢ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠪᠤᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠲᠡᠳᠡᠨ ᠢᠶᠠᠷ ᠪᠠᠶᠢᠳᠠᠯ ᠢ ᠲᠣᠳᠣᠷᠬᠠᠶᠢᠯᠠᠭᠤᠯᠵᠤ᠂ ᠰᠠᠶᠢᠵᠢᠷᠠᠭᠤᠯᠬᠤ ᠠᠷᠭ᠎ᠠ ᠳᠤᠷᠠᠳᠤᠭᠤᠯᠬᠤ ᠪᠠᠷ ᠱᠠᠭᠠᠷᠳᠠᠵᠤ ᠪᠣᠯᠣᠨ᠎ᠠ᠃   ︽ᠪᠤᠰᠤᠳ ᠨᠢᠭᠦᠯᠡᠰᠦᠩᠭᠦᠢ ᠶᠢᠨ ᠠᠵᠢᠯᠯᠠᠭ᠎ᠠ ᠳᠤ ᠣᠷᠣᠯᠴᠠᠭᠰᠠᠳ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠪᠤᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠨ ᠰᠢᠢᠳᠪᠦᠷᠢᠯᠡᠵᠦ ᠪᠣᠯᠣᠨ᠎ᠠ᠃︾    ᠬᠤᠷᠢᠨ ᠬᠤᠶᠠᠷ᠂ ᠶᠡᠷᠡᠨ ᠲᠠᠪᠤᠳᠤᠭᠠᠷ ᠵᠦᠢᠯ ᠢ ᠵᠠᠭᠤ ᠵᠢᠷᠭᠤᠳᠤᠭᠠᠷ ᠵᠦᠢᠯ ᠪᠣᠯᠭᠠᠭᠠᠳ᠄ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠ ᠲᠡᠭᠦᠨ ᠤ ᠬᠠᠷᠢᠭᠤᠴᠠᠯᠭᠠᠲᠠᠨ᠂ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠨ ᠠᠪᠤᠬᠴᠢ ᠶᠢᠨ ᠢᠲᠡᠭᠡᠮᠵᠢ ᠶᠢᠨ ᠲᠡᠮᠳᠡᠭᠯᠡᠯ ᠤᠨ ᠳᠦᠷᠢᠮ ᠢ ᠪᠠᠶᠢᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠢ᠃   ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢ ᠦᠨᠡᠯᠡᠬᠦ ᠳᠦᠷᠢᠮ ᠢ ᠪᠠᠶᠢᠭᠤᠯᠵᠤ᠂ ᠬᠦᠨᠳᠡᠯᠡᠨ ᠤ ᠪᠠᠶᠢᠭᠤᠯᠤᠮᠵᠢ ᠶᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠬᠢ ᠳᠣᠲᠣᠭᠠᠳᠤ ᠶᠢᠨ ᠵᠠᠰᠠᠯᠲᠠ᠂ ᠡᠳ᠋ ᠤᠨ ᠶᠠᠪᠤᠳᠠᠯ ᠤᠨ ᠪᠠᠶᠢᠳᠠᠯ᠂ ᠵᠦᠢᠯ ᠢ ᠵᠣᠷᠢᠭᠵᠢᠭᠤᠯᠤᠨ ᠳᠡᠮᠵᠢᠬᠦ ᠬᠡᠷᠡᠭᠲᠡᠢ︾ ᠬᠡᠪᠡ᠃   ᠬᠤᠷᠢᠨ ᠬᠤᠶᠠᠷ᠂ ᠶᠡᠷᠡᠨ ᠲᠠᠪᠤᠳᠤᠭᠠᠷ ᠵᠦᠢᠯ ᠢ ᠵᠠᠭᠤ ᠵᠢᠷᠭᠤᠳᠤᠭᠠᠷ ᠵᠦᠢᠯ ᠪᠣᠯᠭᠠᠭᠠᠳ᠄ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠤᠯᠤᠨ ᠲᠡᠭᠦᠨ ᠤ ᠬᠠᠷᠢᠭᠤᠴᠠᠯᠭᠠᠲᠠᠨ᠂ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠭᠴᠢ ᠶᠢᠨ ᠢᠲᠡᠭᠡᠮᠵᠢ ᠶᠢᠨ ᠲᠡᠮᠳᠡᠭᠯᠡᠯ ᠤᠨ ᠳᠦᠷᠢᠮ ᠢ ᠪᠠᠶᠢᠭᠤᠯᠬᠤ ᠶᠢᠨ ᠬᠠᠮᠲᠤ ᠨᠡᠶᠢᠭᠡᠮ ᠲᠠᠶᠠᠭᠠᠷ ᠲᠤ ᠨᠡᠶᠢᠲᠡᠯᠡᠬᠦ ᠬᠡᠷᠡᠭᠲᠡᠢ︾ ᠬᠡᠪᠡ᠃   ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ  ᠦᠨᠡᠯᠡᠬᠦ ᠳᠦᠷᠢᠮ ᠢ ᠪᠠᠶᠢᠭᠤᠯᠵᠤ᠂  ᠬᠦᠨᠳᠡᠯᠡᠨ ᠤ ᠪᠠᠶᠢᠭᠤᠯᠤᠮᠵᠢ ᠶᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠵᠠᠰᠠᠯᠲᠠ᠂ ᠡᠳ᠋ ᠤᠨ ᠶᠠᠪᠤᠳᠠᠯ ᠤᠨ ᠪᠠᠶᠢᠳᠠᠯ᠂ ᠲᠦᠷᠤᠯ ᠵᠦᠢᠯᠡᠰ ᠢ ᠥᠷᠨᠢᠭᠦᠯᠦᠭᠰᠡᠨ ᠪᠠᠶᠢᠳᠠᠯ ᠪᠤᠯᠤᠨ ᠮᠡᠳᠡᠭᠡ ᠵᠠᠩᠭᠢ ᠶᠢ ᠢᠯᠡᠵᠢᠬᠦᠯᠬᠦ ᠵᠡᠷᠭᠡ ᠠᠵᠢᠯ ᠢ ᠦᠨᠡᠯᠡᠬᠦ ᠶᠢ ᠵᠣᠷᠢᠭᠵᠢᠭᠤᠯᠤᠨ ᠳᠡᠮᠵᠢᠬᠦ ᠶᠢᠨ ᠬᠠᠮᠲᠤ ᠦᠨᠡᠯᠡᠭᠰᠡᠨ ᠦᠷ᠎ᠡ ᠳ᠋ᠦᠩ ᠢᠶᠠᠨ ᠨᠡᠶᠢᠭᠡᠮ ᠨᠡᠶᠢᠳᠡ ᠳᠤ ᠨᠡᠶᠢᠲᠡᠯᠡᠬᠦ ᠬᠡᠷᠡᠭᠲᠡᠢ︾ ᠲᠤ ᠲᠤᠬᠳᠠᠭᠠᠪᠠ᠃    ᠬᠤᠷᠢᠨ ᠭᠤᠷᠪᠠ᠂ ᠶᠡᠷᠡᠨ ᠨᠠᠢᠮᠠᠳᠤᠭᠠᠷ ᠵᠦᠢᠯ ᠢ ᠵᠠᠭᠤ ᠶᠢᠰᠦᠳᠦᠭᠡᠷ ᠵᠦᠢᠯ ᠪᠣᠯᠭᠠᠭᠠᠳ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ  ᠲᠠᠷᠠᠭᠠᠬᠢ ᠪᠠᠶᠢᠳᠠᠯ ᠤᠨ ᠠᠯᠢ ᠨᠢᠭᠡ ᠨᠢ ᠤᠷᠤᠰᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ  ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠳᠣᠩᠭᠤᠳᠬᠤ ᠪᠤᠶᠤ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠠᠵᠢᠯᠯᠠᠭ᠎ᠠ ᠶᠢ ᠨᠢ ᠵᠣᠭᠰᠤᠭᠠᠬᠤ ᠶᠢᠨ ᠬᠠᠮᠲᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠃ ᠤᠢᠢᠯᠠ ᠪᠠᠶᠢᠳᠠᠯ ᠨᠢ ᠬᠦᠨᠳᠦ ᠨᠣᠴᠢᠲᠠᠢ  ᠪᠤᠯ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠤᠶᠢᠭᠡᠢ ᠪᠣᠯᠭᠠᠬᠤ ᠶᠢᠨ ᠬᠠᠮᠲᠤ ᠵᠠᠷᠯᠠᠨ ᠨᠡᠶᠢᠳᠡᠯᠡᠬᠦ ᠪᠤᠯᠤᠨ᠎ᠠ᠄   ︽︵ᠨᠢᠭᠡ︶ ᠨᠢᠭᠦᠯᠡᠰᠦᠩᠭᠦᠢ ᠶᠢᠨ ᠵᠣᠷᠢᠯᠲᠠ ᠶᠣᠰᠣᠭᠠᠷ ᠠᠵᠢᠯᠯᠠᠭ᠎ᠠ ᠦᠯᠦ ᠥᠷᠨᠢᠭᠦᠯᠦᠭᠰᠡᠨ᠃   ︽︵ᠬᠤᠶᠠᠷ︶ ᠨᠢᠭᠦᠯᠡᠰᠦᠩᠭᠦᠢ ᠶᠢᠨ ᠡᠳ᠋ ᠬᠥᠷᠥᠩᠭᠡ ᠶᠢ ᠳᠣᠲᠣᠷ᠎ᠠ ᠵᠠᠭᠤᠷ᠎ᠠ ᠪᠠᠨ ᠬᠤᠪᠢᠶᠠᠭᠰᠠᠨ᠂ ᠨᠡᠭᠦᠯᠭᠡᠨ ᠬᠡᠷᠡᠭᠯᠡᠭᠰᠡᠨ᠂ ᠳᠤᠮᠳᠠ ᠠᠴᠠ ᠨᠢ ᠦᠯᠡᠳᠡᠭᠡᠭᠰᠡᠨ ᠪᠤᠶᠤ ᠡᠵᠡᠯᠡᠨ ᠠᠪᠤᠭᠰᠠᠨ᠃   ︽︵ᠭᠤᠷᠪᠠ︶ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠤᠶᠤ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠥᠷᠢᠴᠡᠭᠰᠡᠨ ᠨᠡᠮᠡᠯᠲᠡ ᠨᠥᠬᠦᠴᠡᠯ ᠢ ᠬᠦᠯᠢᠶᠡᠨ ᠠᠪᠤᠭᠰᠠᠨ᠂ ᠡᠰᠡᠬᠦᠯ᠎ᠡ ᠠᠰᠢᠭ ᠬᠦᠷᠲᠡᠭᠴᠢ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠤᠶᠤ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠥᠷᠢᠴᠡᠭᠰᠡᠨ ᠨᠡᠮᠡᠯᠲᠡ ᠨᠥᠬᠦᠴᠡᠯ ᠢ ᠳᠠᠭᠠᠯᠳᠤᠭᠤᠯᠵᠤ ᠥᠭᠭᠦᠭᠰᠡᠨ︾ ᠭᠡᠵᠦ ᠵᠠᠰᠠᠪᠠ᠃   ᠬᠤᠷᠢᠨ ᠳᠥᠷᠪᠡ᠂ ᠶᠡᠷᠡ ᠶᠢᠰᠦᠳᠦᠭᠡᠷ ᠵᠦᠢᠯ ᠢ ᠵᠠᠭᠤ ᠠᠷᠪᠠᠳᠤᠭᠠᠷ ᠵᠦᠢᠯ ᠪᠣᠯᠭᠠᠭᠠᠳ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ  ᠲᠠᠷᠠᠭᠠᠬᠢ ᠪᠠᠶᠢᠳᠠᠯ ᠤᠨ  ᠠᠯᠢ ᠨᠢᠭᠡ ᠨᠢ ᠤᠷᠤᠰᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠳᠣᠩᠭᠤᠳᠬᠤ ᠪᠥᠭᠡᠳ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠠᠵᠢᠯᠯᠠᠭ᠎ᠠ ᠶᠢ ᠨᠢ ᠵᠣᠭᠰᠤᠭᠠᠬᠤ ᠶᠢᠨ ᠬᠠᠮᠲᠤ ᠴᠡᠭᠴᠡᠯᠡᠬᠦᠯᠤᠨ᠎ᠡ᠃    ︽︵ᠨᠢᠭᠡ︶ ᠲᠤᠰ ᠬᠠᠤᠯᠢ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠭᠡᠳ ᠨᠢᠭᠦᠯᠡᠰᠦᠩᠭᠦᠢ ᠶᠢᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ᠃    ︽︵ᠬᠤᠶᠠᠷ︶  ᠬᠠᠨᠳᠢᠪᠯᠠᠬᠴᠢ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯᠲᠠᠨ ᠤ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠢ ᠵᠢᠭᠠᠨ ᠲᠣᠭᠲᠠᠭᠠᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠢᠭᠠᠨ ᠲᠣᠭᠲᠠᠭᠠᠵᠤ ᠠᠰᠢᠭ ᠬᠦᠷᠲᠡᠭᠴᠢ ᠪᠠᠷ ᠲᠣᠭᠲᠠᠭᠠᠭᠰᠠᠨ᠃   ︽︵ᠭᠤᠷᠪᠠ︶ ᠪᠡᠯᠡ ᠣᠷᠣᠭᠤᠯᠤᠯᠲᠠ ᠳᠤ ᠬᠡᠷᠡᠭᠯᠡᠵᠦ ᠪᠣᠯᠬᠤ ᠦᠭᠡᠢ ᠡᠳ᠋ ᠬᠥᠷᠥᠩᠭᠡ ᠶᠢ ᠪᠡᠯᠡ ᠣᠷᠣᠭᠤᠯᠤᠯᠲᠠ ᠳᠤ ᠬᠡᠷᠡᠭᠯᠡᠭᠰᠡᠨ᠃   ︽︵ᠲᠦᠷᠪᠡ︶ ᠬᠠᠨᠳᠢᠪᠯᠠᠬᠰᠠᠨ ᠡᠳ᠋ ᠬᠥᠷᠥᠩᠭᠡ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ᠃   ︽︵ᠲᠠᠪᠤ︶ ᠰᠠᠶᠢᠨ ᠬᠠᠮᠢᠶᠠᠷᠤᠭᠰᠠᠨ ᠦᠭᠡᠢ ᠠᠴᠠ ᠪᠣᠯᠵᠤ ᠨᠢᠭᠦᠯᠡᠰᠦᠩᠭᠦᠢ ᠶᠢᠨ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ᠃   ︽︵ᠵᠢᠷᠭᠤᠭ᠎ᠠ︶ ᠨᠢᠭᠦᠯᠡᠰᠦᠩᠭᠦᠢ ᠶᠢᠨ ᠠᠵᠢᠯᠯᠠᠭ᠎ᠠ ᠥᠷᠨᠢᠭᠦᠯᠬᠦ ᠳᠤ ᠣᠨ ᠤ ᠵᠠᠷᠤᠯᠭ᠎ᠠ᠂ ᠬᠠᠮᠢᠶᠠᠷᠤᠯᠲᠠ ᠶᠢᠨ ᠵᠠᠷᠤᠳᠠᠯ ᠪᠤᠶᠤ ᠬᠠᠨᠳᠢᠪ ᠴᠤᠭᠯᠠᠭᠤᠯᠬᠤ ᠥᠪᠡᠷ ᠤᠨ ᠦᠷᠳᠡᠭ ᠨᠢ ᠲᠣᠭᠲᠠᠭᠠᠯ ᠢ ᠵᠥᠷᠢᠴᠡᠭᠰᠡᠨ᠃   ︽︵ᠲᠤᠯᠤᠭ᠎ᠠ︶ ᠮᠡᠳᠡᠭᠡ ᠵᠠᠩᠭᠢ ᠶᠢ ᠢᠯᠡᠵᠢᠬᠦᠯᠬᠦ ᠡᠭᠦᠷᠭᠡ ᠪᠠᠨ ᠦᠯᠤ ᠬᠠᠤᠯᠢ ᠶᠣᠰᠣᠭᠠᠷ ᠭᠦᠢᠴᠡᠳᠬᠡᠭᠰᠡᠨ᠃   ︽︵ᠨᠠᠢᠮᠠ︶ ᠣᠨ ᠤ ᠠᠵᠢᠯ ᠤᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠦᠯᠦᠯᠲᠡ ᠪᠠᠨ ᠬᠠᠤᠯᠢ ᠶᠣᠰᠣᠭᠠᠷ ᠮᠡᠳᠡᠬᠦᠯᠦᠭᠰᠡᠨ ᠦᠭᠡᠢ ᠪᠤᠶᠤ ᠬᠠᠨᠳᠢᠪ ᠴᠤᠭᠯᠠᠭᠤᠯᠬᠤ ᠲᠥᠰᠥᠯ ᠢᠶᠠᠨ ᠮᠡᠳᠡᠭᠦᠯᠦᠨ ᠳᠠᠩᠰᠠᠯᠠᠭᠤᠯᠤᠭᠰᠠᠨ ᠦᠭᠡᠢ᠃   ︽︵ᠶᠢᠰᠦ︶ ᠬᠠᠨᠳᠢᠪᠯᠠᠬᠴᠢ᠂ ᠰᠠᠶᠢᠨ ᠳᠤᠷ᠎ᠠ ᠶᠢᠨ ᠠᠵᠢᠯᠯᠠᠭᠴᠢ᠂ ᠠᠰᠢᠭ ᠬᠦᠷᠳᠡᠭᠴᠢ ᠶᠢᠨ ᠬᠤᠪᠢ ᠶᠢᠨ ᠨᠢᠭᠤᠴᠠ ᠪᠤᠯᠤᠨ ᠬᠠᠨᠳᠢᠪᠯᠠᠬᠴᠢ᠂ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠭᠴᠢ ᠶᠢᠨ ᠢᠯᠡᠵᠢᠬᠦᠯᠬᠦ ᠶᠢ ᠦᠯᠦ ᠵᠥᠪᠰᠢᠶᠡᠷᠡᠭᠰᠡᠨ ᠣᠪᠣᠭ ᠨᠡᠷ᠎ᠡ᠂ ᠨᠡᠷᠡᠶᠢᠳᠦᠯ᠂ ᠣᠷᠣᠨ ᠰᠠᠭᠤᠴᠠ᠂ ᠮᠡᠳᠡᠭᠡ ᠬᠤᠯᠪᠣᠭᠠᠨ ᠤ ᠳ᠋ᠤᠭᠠᠷ ᠵᠡᠷᠭᠡ ᠮᠡᠳᠡᠭᠡ ᠵᠠᠩᠭᠢ ᠶᠢ ᠵᠠᠳᠠᠷᠠᠭᠤᠯᠤᠭᠰᠠᠨ᠃   ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠤᠭᠰᠠᠨ ᠪᠤᠯ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠰᠢᠢᠳᠬᠡᠨ᠎ᠡ᠃︾   ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠡᠮᠦᠨᠡᠬᠢ ᠬᠤᠶᠠᠷ ᠪᠠᠳᠠᠭ ᠲᠤ ᠲᠣᠭᠲᠠᠭᠠᠭᠰᠠᠨ ᠪᠠᠶᠢᠳᠠᠯ ᠤᠷᠤᠰᠢᠪᠠᠯ ᠬᠠᠤᠯᠢ ᠶᠣᠰᠣᠭᠠᠷ ᠰᠢᠢᠳᠪᠦᠷᠢᠯᠡᠭᠰᠡᠨ ᠤ ᠲᠠᠷᠠᠭ᠎ᠠ ᠨᠢᠭᠡ ᠵᠢᠯ ᠤᠨ ᠳᠣᠲᠣᠷ᠎ᠠ ᠡᠮᠦᠨᠡᠬᠢ ᠪᠠᠳᠠᠭ ᠲᠤ ᠲᠣᠭᠲᠠᠭᠠᠭᠰᠠᠨ ᠪᠠᠶᠢᠳᠠᠯ ᠲᠠᠬᠢᠨ ᠭᠠᠷᠤᠭᠰᠠᠨ᠂ ᠡᠰᠡᠬᠦᠯ᠎ᠡ ᠦᠢᠯᠡ ᠪᠠᠶᠢᠳᠠᠯ ᠨᠢ ᠨᠣᠴᠢᠲᠠᠢ ᠪᠤᠰᠤᠳ ᠪᠠᠶᠢᠳᠠᠯ ᠲᠠᠢ ᠤᠷᠤᠰᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠶᠢᠨ ᠬᠠᠮᠲᠤ ᠨᠡᠶᠢᠬᠡᠮ ᠨᠡᠶᠢᠳᠡ ᠳᠤ ᠵᠠᠷᠯᠠᠨ᠎ᠠ᠃︾ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号