ᠲᠢᠩᠬᠢᠮ ᠤᠨ ᠳᠡᠳ᠋ ᠳᠠᠷᠤᠭ᠎ᠠ ᠴᠧᠩ ᠬᠤᠩ ᠯᠢᠶᠠᠩ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ  ᠶᠢᠨ ᠲᠥᠪ ᠲᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/1/18
    ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠳᠡᠳ᠋ ᠳᠠᠷᠤᠭ᠎ᠠ ᠴᠧᠩ ᠬᠤᠩ ᠯᠢᠶᠠᠩ 12 ᠳ᠋ᠤᠭᠠᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠲᠤ ᠪᠠᠶᠢᠴᠠᠭᠠᠨ ᠰᠤᠳᠤᠯᠵᠤ ᠠᠵᠢᠯ ᠵᠢᠯᠣᠭᠤᠳᠪᠠ᠂  ᠡᠷᠡᠬᠦᠯᠵᠢᠯ ᠤᠨ ᠲᠤᠰᠠᠯᠠᠬᠤ ᠪᠠᠭᠠᠵᠢ  ᠶᠢᠨ ᠲᠥᠪ ᠤᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠠᠮᠳᠤ ᠪᠠᠶᠢᠴᠠᠭᠠᠨ ᠰᠤᠳᠤᠯᠤᠬᠰᠠᠨ ᠪᠠᠶᠢᠨ᠎ᠠ᠃    ᠲᠢᠩᠬᠢᠮ ᠤᠨ ᠳᠡᠳ᠋ ᠳᠠᠷᠤᠭ᠎ᠠ ᠴᠧᠩ ᠬᠤᠩ ᠯᠢᠶᠠᠩ ᠡᠷᠡᠭᠦᠯᠵᠢᠯ ᠤᠨ ᠪᠣᠯᠪᠠᠰᠤᠷᠠᠯ ᠤᠨ ᠲᠢᠩᠬᠢᠮ᠂ ᠬᠢᠮᠡᠯ ᠮᠥᠴᠢ᠂ ᠵᠦᠭᠰᠢᠷᠡᠬᠦᠯᠬᠦ ᠪᠠᠭᠠᠵᠢ ᠬᠢᠬᠦ ᠦᠢᠯᠡᠳᠪᠦᠷᠢ ᠶᠢᠨ ᠲᠠᠰᠤᠭ᠂ ᠰᠢᠲᠠᠮᠠᠬᠠᠢ ᠬᠡᠢ᠂ ᠳᠤᠯᠠᠭᠠᠯᠭ᠎ᠠ ᠶᠢᠨ ᠵᠤᠤᠬᠠᠨ ᠤ ᠭᠡᠷ ᠪᠠ ᠠᠯᠪᠠᠯᠠᠬᠤ ᠲᠣᠭᠤᠷᠢᠭ ᠲᠤ ᠲᠤᠰᠠᠯᠠᠬᠤ ᠪᠠᠭᠠᠵᠢ ᠶᠢᠨ ᠦᠢᠯᠡᠳᠪᠦᠷᠢᠯᠡᠯ᠂ ᠦᠢᠯᠡᠴᠢᠯᠡᠭᠡᠨ ᠤ ᠪᠠᠲᠤᠯᠠᠭ᠎ᠠ᠂ ᠠᠶᠤᠯ ᠦᠬᠡᠢ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠢᠮᠡᠯ ᠮᠥᠴᠢ᠂ ᠵᠦᠭᠰᠢᠷᠡᠬᠦᠯᠬᠦ ᠪᠠᠭᠠᠵᠢ ᠬᠢᠬᠦ᠂ ᠬᠡᠦᠬᠡᠳ ᠤᠨ  ᠬᠦᠯ ᠵᠦᠭᠰᠢᠷᠡᠬᠦᠯᠬᠦ ᠱᠠᠬᠠᠢ ᠵᠡᠷᠭᠡ ᠲᠤᠰᠠᠯᠠᠬᠤ ᠪᠠᠭᠠᠵᠢ ᠶᠢ ᠦᠢᠯᠡᠳᠬᠦ ᠶᠠᠪᠤᠴᠠ ᠪᠣᠯᠣᠨ ᠤᠷᠠᠯᠠᠯ ᠢ ᠨᠠᠷᠢᠨ ᠣᠶᠢᠯᠠᠭᠠᠪᠠ᠃ ᠴᠸᠡᠭ ᠬᠤᠨᠭ᠌ ᠯᠢᠶᠠᠩ ᠡᠷᠡᠬᠦᠯᠵᠢᠯ ᠤᠨ ᠲᠤᠰᠠᠯᠠᠬᠤ ᠪᠠᠭᠠᠵᠢ ᠶᠢᠨ ᠲᠦᠪ ᠤᠨ ᠬᠢᠮᠡᠯ ᠮᠥᠴᠢ᠂ ᠵᠦᠭᠰᠢᠷᠡᠬᠦᠯᠬᠦ ᠪᠠᠭᠠᠵᠢ ᠦᠢᠯᠡᠳᠬᠦ ᠲᠦᠪᠰᠢᠨ ᠪᠣᠯᠣᠨ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠲᠥᠬᠦᠷᠵᠢᠭᠦᠯᠦᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ᠄ ︽ᠡᠷᠡᠬᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠬᠢᠨ ᠤ ᠬᠢᠵᠦ ᠪᠠᠶᠢᠭ᠎ᠠ ᠠᠵᠢᠯ ᠦᠢᠯᠡᠰ ᠪᠣᠯ ᠡᠷᠬᠢᠮ ᠳᠡᠭᠡᠳᠦ ᠶᠤᠮ᠂ ᠡᠷᠡᠭᠦᠯᠵᠢᠯ ᠤᠨ ᠲᠤᠰᠠᠯᠠᠬᠤ ᠪᠠᠭᠠᠵᠢ ᠲᠣᠬᠢᠷᠠᠭᠤᠯᠬᠤ ᠠᠵᠢᠯ ᠨᠢ ᠵᠡᠮᠳᠡᠭ ᠬᠥᠮᠥᠨ ᠳᠤ ᠰᠢᠭᠤᠳ ᠦᠢᠯᠡᠴᠢᠯᠡᠵᠤ ᠪᠠᠶᠢᠭ᠎ᠠ ᠪᠤᠯᠬᠤᠷ ︿ᠠᠷᠠᠳ ᠤᠨ ᠶᠠᠪᠤᠳᠠᠯ ᠠᠷᠠᠳ ᠤᠨ ᠲᠥᠯᠥᠭᠡ ᠬᠢᠬᠦ᠂ ᠠᠷᠠᠳ ᠤᠨ ᠶᠠᠪᠤᠳᠠᠯ ᠢ ᠠᠷᠠᠳ ᠢᠶᠠᠨ ᠬᠠᠶᠢᠷᠠᠯᠠᠬᠤ︾ ᠠᠵᠢᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠡᠶᠢᠲᠡ ᠶᠢᠨ ᠠᠰᠠᠷᠠᠮᠵᠢ ᠪᠠᠷ ᠦᠨᠳᠦᠰᠦ ᠪᠣᠯᠭᠠᠬᠤ᠂ ᠨᠡᠶᠢᠭᠡᠮ ᠳᠤ ᠦᠢᠯᠡᠴᠢᠯᠡᠬᠦ ᠶᠢ ᠪᠠᠷᠢᠮᠲᠠᠯᠠᠵᠤ᠂ ᠨᠡᠩ ᠤᠯᠠᠨ ᠨᠡᠩ ᠰᠠᠶᠢᠨ ᠦᠢᠯᠡᠳᠬᠦᠨ ᠪᠠ ᠦᠢᠯᠡᠴᠢᠯᠡᠭᠡ ᠶᠢ ᠴᠢᠷᠮᠠᠶᠢᠨ ᠡᠭᠦᠳᠴᠦ᠂ ᠬᠦᠴᠢᠷᠳᠡᠯᠲᠡᠢ ᠤᠯᠠᠨ ᠲᠦᠮᠡᠨ ᠢ ᠪᠡᠶᠡᠴᠢᠯᠡᠨ ᠣᠶᠢᠯᠠᠭᠠᠬᠤ ᠪᠠ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠢ᠃ ᠠᠶᠤᠯ ᠦᠬᠡᠢ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠤᠬᠠᠢ ᠪᠣᠳᠠᠲᠠᠢ ᠪᠣᠯᠪᠠᠰᠤᠷᠠᠯ ᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︿ᠡᠬᠦᠳᠡᠴᠢ﹀ ᠪᠣᠯᠬᠤ ᠬᠡᠷᠡᠭᠲᠡᠢ︾ ᠬᠡᠵᠡᠢ᠃    ᠠᠷᠠᠳ ᠤᠨ ᠶᠠᠪᠤᠳᠠᠯ ᠤᠨ ᠲᠢᠩᠭᠢᠮ ᠤᠨ ᠳᠡᠳ᠋ ᠳᠠᠷᠤᠭ᠎ᠠ ᠴᠧᠩ ᠬᠤᠩ ᠯᠢᠶᠠᠩ ᠪᠠᠰᠨ ᠥᠪᠥᠷ ᠮᠣᠩᠭᠤᠯ ᠤᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠵᠢᠯ ᠳᠤ ᠲᠣᠬᠢᠷᠠᠬᠤ ᠪᠦᠲᠦᠭᠡᠭᠳᠡᠬᠦᠨ ᠤ ᠦᠵᠡᠭᠦᠯᠦᠯᠭᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ᠂ ᠬᠥᠬᠡᠬᠤᠲᠠ ᠶᠢᠨ ᠬᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠪ ᠲᠤ ᠬᠦᠷᠴᠦ᠂ ᠡᠯ᠎ᠡ ᠲᠥᠷᠥᠯ ᠤᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠨᠠᠷᠢᠨ ᠤᠶᠢᠯᠠᠭᠠᠬᠰᠠᠨ ᠤ ᠲᠠᠷᠠᠭ᠎ᠠ᠄  ︽ᠡᠷᠡᠭᠦᠯᠵᠢᠯ ᠤᠨ ᠲᠤᠰᠠᠯᠠᠬᠤ ᠪᠠᠭᠠᠵᠢ ᠶᠢ ᠨᠠᠰᠤᠵᠢᠯ ᠤᠨ ᠠᠰᠠᠷᠠᠮᠵᠢ᠂ ᠵᠡᠮᠳᠡᠭᠴᠦᠳ ᠲᠤ ᠲᠤᠰᠠᠯᠠᠬᠤ᠂ ᠡᠮ ᠡᠮᠨᠡᠯᠭᠡ᠂ ᠡᠷᠡᠭᠦᠯ ᠮᠡᠨᠳᠤ ᠵᠡᠷᠭᠡ ᠬᠦᠷᠢᠶ᠎ᠡ ᠴᠠᠷᠠᠭ᠎ᠠ ᠲᠠᠢ ᠭᠦᠨᠵᠡᠭᠡᠢ  ᠠᠭᠤᠰᠤᠯᠴᠠᠭᠤᠯᠤᠨ᠂ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠠᠵᠤ ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠶᠢᠨ ᠬᠠᠮᠲᠤ ᠭᠠᠯ ᠤᠨ ᠠᠶᠤᠯ ᠢ ᠰᠡᠷᠬᠡᠶᠢᠯᠡᠬᠦ᠂ ᠴᠠᠬᠢᠯᠭᠠᠨ ᠤ ᠤᠳᠠᠰᠤ ᠶᠢ ᠰᠠᠶᠢᠳᠤᠷ ᠪᠠᠶᠢᠴᠠᠭᠠᠬᠤ ᠵᠡᠷᠭᠡ ᠡᠯ᠎ᠡ ᠵᠦᠢᠯ  ᠤᠨ ᠠᠵᠢᠯ ᠢ ᠰᠠᠶᠢᠲᠤᠷ ᠬᠢᠵᠦ᠂  ᠬᠦᠮᠦᠨ ᠬᠠᠷ᠎ᠠ᠂ ᠲᠠᠯᠠᠪᠤᠷ᠂ ᠲᠦᠬᠦᠬᠡᠷᠤᠮᠵᠢ  ᠶᠢᠨ ᠠᠶᠤᠯ ᠦᠬᠡᠢ ᠶᠢᠨ ᠰᠠᠭᠤᠷᠢ ᠶᠢ ᠪᠠᠲᠤ ᠰᠠᠭᠤᠷᠢ ᠲᠠᠯᠪᠢᠬᠤ ᠬᠡᠷᠡᠭᠲᠡᠢ︾ ᠬᠡᠯ᠎ᠡ᠃  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号