ᠥᠪᠥᠷ ᠮᠣᠩᠭᠤᠯ᠂ ᠬᠠᠷᠠᠮᠦ᠋ᠷᠡᠨ ᠤ ᠵᠠᠭᠠᠭ ᠤᠨ ᠲᠠᠪᠤᠳᠤᠭᠠᠷ ᠡᠭᠡᠯᠵᠢ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠳ᠋ᠦᠩᠨᠡᠯᠲᠡ ᠶᠢᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2024/1/18
    ᠥᠪᠥᠷ ᠮᠣᠩᠭᠤᠯ᠂ ᠬᠠᠷᠠᠮᠦ᠋ᠷᠡᠨ ᠤ ᠵᠠᠭᠠᠭ ᠤᠨ ᠲᠠᠪᠤᠳᠤᠭᠠᠷ ᠡᠭᠡᠯᠵᠢ ᠶᠢᠨ ᠬᠠᠮᠳᠤᠷᠠᠬᠰᠠᠨ ᠪᠠᠶᠢᠴᠠᠭᠠᠯᠳᠠ ᠶᠢᠨ ᠳ᠋ᠦᠩᠨᠡᠯᠲᠡ ᠶᠢᠨ ᠬᠤᠷᠠᠯ 12 ᠳ᠋ᠤᠭᠠᠷ ᠰᠠᠷ᠎ᠠ ᠶᠢᠨ 12 ᠤᠨ ᠡᠳᠦᠷ ᠬᠢᠩᠭᠠᠨ ᠠᠶᠢᠮᠠᠭ ᠲᠤ ᠬᠤᠷᠠᠯᠳᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠴᠤᠭ᠂ ᠬᠠᠷᠠᠮᠥ᠋ᠷᠡᠨ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠰᠦᠨ ᠳ᠋ᠢ ᠹᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠥᠷ ᠮᠣᠩᠭᠤᠯ᠂ ᠬᠠᠷᠠᠮᠦ᠋ᠷᠡᠨ ᠤ ᠬᠢᠯᠢ ᠶᠢᠨ ᠵᠠᠭᠠᠭ ᠤᠨ ᠬᠥᠷᠰᠢ ᠬᠤᠲᠠ ︵ᠠᠶᠢᠮᠠᠭ᠂ ᠭᠠᠵᠠᠷ ᠣᠷᠣᠨ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠰᠠᠯᠠᠭ᠎ᠠ ︵ᠠᠯᠪᠠᠨ ᠭᠡᠷ︶ ᠶᠢᠨ ᠭᠤᠣᠯ ᠬᠠᠷᠢᠭᠤᠴᠠᠯᠭᠠᠲᠠᠨ  ᠪᠤᠯᠤᠨ ᠲᠤᠬᠠᠶᠢᠯᠠᠭᠰᠠᠨ ᠠᠵᠢᠯ ᠤᠨ  ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠ ᠬᠠᠷᠠᠮᠦ᠋ᠷᠡᠨ ᠮᠤᠵᠢ ᠶᠢᠨ ᠬᠥᠷᠰᠢ ᠬᠤᠲᠠ ︵ᠠᠶᠢᠮᠠᠭ᠂ ᠭᠠᠵᠠᠷ ᠣᠷᠣᠨ︶ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ  ᠦᠪᠤᠷ ᠮᠤᠩᠭᠤᠯ᠂ ᠬᠠᠷᠠᠮᠦ᠋ᠷᠡᠨ ᠤ ᠵᠠᠭᠠᠭ ᠤᠨ ᠲᠠᠪᠤᠳᠤᠭᠠᠷ ᠡᠭᠡᠯᠵᠢ ᠶᠢᠨ ᠬᠠᠮᠲᠤᠷᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠠᠷᠠᠮᠥ᠋ᠷᠡᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠪᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠷᠠᠮᠥ᠋ᠷᠡᠨ ᠮᠤᠵᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠲᠠᠪᠤᠳᠤᠭᠠᠷ ᠡᠭᠡᠯᠵᠢ ᠶᠢᠨ ᠬᠠᠮᠲᠤᠷᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ︵ᠣᠷᠣᠯᠠᠨ ᠲᠤᠭᠤᠷᠪᠢᠭᠰᠠᠨ ᠨᠣᠣᠷᠠᠭ︶︾ ᠶᠢ ᠬᠢᠨᠠᠨ ᠵᠥᠪᠯᠡᠵᠦ ᠪᠠᠲᠤᠯᠠᠪᠠ᠃     ᠬᠤᠷᠠᠯ ᠲᠡᠬᠡᠷ᠎ᠡ᠄ ︽ᠥᠪᠥᠷ ᠮᠣᠩᠭᠤᠯ᠂ ᠬᠠᠷᠠᠮᠦ᠋ᠷᠡᠨ ᠤ ᠬᠢᠯᠢ ᠶᠢᠨ ᠵᠠᠭᠠᠭ ᠤᠨ ᠲᠠᠪᠤᠳᠤᠭᠠᠷ ᠡᠭᠡᠯᠵᠢ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠠᠵᠢᠯ  ᠢ ᠥᠷᠨᠢᠭᠦᠯᠦᠭᠰᠡᠨ ᠠᠴᠠ ᠨᠠᠭᠠᠰᠢ ᠡᠯ᠎ᠡ ᠱᠠᠲᠤᠨ  ᠤ ᠠᠷᠠᠳ  ᠤᠨ ᠶᠠᠪᠤᠳᠠᠯ  ᠤᠨ ᠰᠠᠯᠠᠭ᠎ᠠ ᠮᠥᠴᠢᠷ ᠤᠨ ᠬᠢᠨ ᠨᠠᠷᠢᠨ ᠵᠣᠬᠢᠶᠠᠨ ᠪᠠᠶᠢᠭᠤᠯᠵᠤ᠂ ᠪᠠᠲᠤᠲᠠᠢ ᠠᠬᠢᠭᠤᠯᠬᠤ ᠳᠤ ᠪᠠᠨ᠂ ᠬᠠᠮᠲᠤᠷᠠᠭᠰᠠᠨ ᠪᠠᠶᠢᠴᠠᠭᠠᠯᠲᠠ ᠶᠢᠨ ᠠᠵᠢᠯ  ᠤᠨ ᠵᠢᠷᠤᠮᠵᠢᠯ  ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ  ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠣᠰ ᠬᠠᠮᠲᠤᠷᠠᠨ ᠪᠠᠶᠢᠴᠠᠭᠠᠯᠳᠠ ᠪᠠᠷ ᠲᠠᠮᠵᠢᠭᠠᠳ ᠬᠤᠶᠠᠷ ᠮᠤᠵᠢ ︵ᠣᠷᠣᠨ︶ ᠶᠢᠨ ᠬᠢᠯᠢ ᠶᠢᠨ ᠵᠠᠭᠠᠭ ᠢ ᠬᠠᠶᠢᠨ ᠲᠣᠭᠲᠠᠭᠠᠭᠰᠠᠨ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ ᠠᠮᠤᠷ ᠲᠠᠶᠢᠪᠤᠩ ᠵᠠᠭᠠᠭ ᠤᠨ ᠪᠠᠶᠢᠭᠤᠯᠤᠯᠲᠠ ᠤᠯᠠᠮ   ᠭᠦᠨᠵᠡᠭᠡᠶᠢᠷᠡᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠬᠦᠯᠳᠡᠷᠵᠢᠬᠦᠯᠤᠬᠡᠳ ᠬᠤᠶᠠᠷ ᠮᠤᠵᠢ ︵ᠣᠷᠣᠨ︶ ᠶᠢᠨ ᠬᠢᠯᠢ ᠬᠢᠵᠠᠭᠠᠷ ᠣᠷᠣᠨ ᠤ ᠺᠠᠳ᠋ᠷ ᠣᠯᠠᠨ ᠲᠦᠮᠡᠨ ᠤ ᠬᠠᠤᠯᠢ ᠶᠢ ᠰᠠᠬᠢᠵᠤ ᠬᠢᠯᠢ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠪᠠ︾ ᠬᠡᠵᠡᠢ᠃     ᠬᠤᠷᠠᠯ ᠲᠡᠬᠡᠷ᠎ᠡ᠄ ︽ᠵᠠᠰᠠᠭ ᠵᠠᠬᠢᠷᠭᠠᠨ ᠤ ᠣᠷᠣᠨ ᠤ ᠵᠠᠭᠠᠭ ᠤᠨ ᠬᠠᠮᠢᠶᠠᠷᠤᠯᠲᠠ ᠶᠢᠨ ᠠᠵᠢᠯ ᠪᠣᠯ ᠤᠷᠳᠤ ᠬᠤᠭᠤᠴᠠᠭᠠᠨ ᠤ ᠠᠵᠢᠯ ᠶᠤᠮ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ  ᠳᠡᠭᠡᠭᠰᠢᠯᠡᠭᠦᠯᠵᠦ᠂  ᠬᠢᠯᠢ ᠶᠢᠨ ᠵᠠᠭᠠᠭ ᠤᠨ ᠬᠠᠮᠢᠶᠠᠷᠤᠯᠲᠠ ᠶᠢᠨ ᠲᠤᠬᠠᠢ ᠬᠠᠷᠢᠭᠤᠴᠠᠯᠭ᠎ᠠ ᠪᠠᠨ ᠴᠢᠩᠭᠠᠳᠬᠠᠵᠤ᠂ ᠵᠠᠭᠠᠭ  ᠤᠨ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠵᠢᠭᠤᠯᠤᠯᠳᠠ᠂ ᠵᠢᠷᠤᠮᠵᠢᠭᠤᠯᠤᠯᠳᠠ᠂ ᠮᠡᠳᠡᠭᠡ ᠵᠠᠩᠭᠢᠵᠢᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠭᠠᠭ ᠢ ᠵᠠᠰᠠᠵᠤ ᠬᠠᠮᠠᠭᠠᠯᠠᠬᠤ ᠠᠵᠢᠯ ᠢ ᠪᠠᠶᠢᠡᠭᠭᠤᠵᠢᠭᠤᠯᠤᠨ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠨᠠᠷᠢᠯᠢᠬᠵᠢᠭᠤᠯᠤᠨ᠂ ᠵᠠᠭᠠᠭ ᠤᠨ ᠬᠠᠮᠢᠶᠠᠷᠤᠯᠲᠠ ᠶᠢᠨ ᠠᠵᠢᠯᠲᠠᠨ ᠤ ᠲᠥᠷᠥ ᠶᠢᠨ ᠪᠣᠳᠣᠯᠭ᠎ᠠ ᠶᠢᠨ ᠣᠨᠣᠯ ᠪᠠ ᠲᠤᠰᠬᠠᠢ ᠮᠡᠷᠭᠡᠵᠢᠯ ᠤᠨ ᠮᠡᠳᠡᠯᠭᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ︽ᠠᠮᠤᠷ ᠠᠮᠤᠭᠤᠯᠠᠩ ᠵᠠᠭᠠᠭ ᠤᠨ ᠪᠠᠶᠢᠭᠤᠯᠤᠯᠲᠠ︾ ᠶᠢᠨ ᠠᠵᠢᠯ ᠤᠨ ᠲᠠᠪᠴᠠᠩ ᠢ ᠭᠦᠢᠴᠡᠳ ᠠᠰᠢᠭᠯᠠᠨ᠂ ᠠᠮᠤᠷ ᠠᠮᠤᠭᠤᠯᠠᠩ ᠬᠢᠯᠢ ᠶᠢᠨ ᠵᠠᠭᠠᠭ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠵᠠᠭᠠᠭ ᠤᠨ ᠬᠠᠮᠢᠶᠠᠷᠤᠯᠲᠠ ᠶᠢᠨ ᠳᠦᠷᠢᠮ ᠤᠨ ᠰᠢᠨ᠎ᠡ ᠶᠢ ᠡᠭᠦᠳᠬᠦ ᠪᠠ ᠴᠢᠳᠠᠪᠤᠷᠢ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠵᠠᠭᠠᠭ ᠤᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠥᠪᠥᠷ ᠮᠣᠩᠭᠤᠯ ᠂ ᠬᠠᠷᠠᠮᠦ᠋ᠷᠡᠨ ᠤ ᠬᠢᠯᠢ ᠲᠠᠭᠠᠤ ᠳᠤ ᠬᠢ ᠠᠷᠠᠳ ᠲᠦᠮᠡᠨ ᠤ ᠪᠦᠯᠬᠦᠮᠳᠡᠨ ᠬᠠᠪᠰᠤᠷᠤᠯᠴᠠᠬᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ᠂ ᠲᠣᠭᠲᠠᠭᠤᠨ ᠢᠶᠠᠷ ᠬᠥᠭᠵᠢᠬᠦ ᠶᠢᠨ ᠬᠥᠭᠦᠷᠭᠡ ᠪᠠ ᠬᠤᠯᠪᠣᠭᠠᠰᠤ ᠶᠢ ᠪᠤᠢ ᠪᠣᠯᠭᠠᠵᠤ᠂ ᠬᠤᠶᠠᠷ ᠮᠤᠵᠢ ︵ᠣᠷᠣᠨ︶ ᠶᠢᠨ ᠬᠥᠷᠰᠢ ᠨᠤᠳᠤᠭ  ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠤ ᠭᠠᠳᠠᠭᠠᠳᠤ ᠣᠷᠴᠢᠨ ᠲᠣᠭᠤᠷᠢᠨ ᠢ ᠬᠠᠨᠭ᠍ᠭᠠᠬᠤ ᠬᠡᠷᠡᠭᠳᠡᠢ︾ ᠬᠡᠵᠡᠢ᠃     ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号