ᠭᠤᠷᠪᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ
ᠨᠡᠶᠢᠲᠡᠯᠡᠭᠰᠡᠨ ᠴᠠᠭ᠄
2024/1/31
    ᠬᠤᠷᠢᠨ ᠲᠠᠪᠤ᠂ ᠵᠠᠭᠤ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠢ ᠵᠠᠭᠤ ᠠᠷᠪᠠᠨ ᠨᠢᠭᠡᠳᠦᠭᠡᠷ ᠵᠦᠢᠯ ᠪᠣᠯᠭᠠᠭᠠᠳ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠳᠤ  ᠲᠠᠷᠠᠭᠠᠬᠢ ᠪᠠᠶᠢᠳᠠᠯ ᠤᠨ ᠠᠯᠢ ᠨᠢᠭᠡ ᠨᠢ ᠤᠷᠤᠰᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠳᠣᠩᠭᠤᠳᠴᠤ᠂ ᠬᠠᠨᠳᠢᠪ ᠴᠤᠭᠯᠠᠭᠤᠯᠬᠤ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠨ᠎ᠠ᠃ ᠬᠠᠤᠯᠢ ᠶᠢ ᠵᠥᠷᠢᠴᠡᠵᠦ ᠴᠤᠭᠯᠠᠭᠤᠯᠤᠭᠰᠠᠨ ᠡᠳ᠋ ᠬᠥᠷᠥᠩᠭᠡ ᠶᠢ ᠵᠠᠷᠯᠢᠭᠳᠠᠨ ᠪᠤᠴᠠᠭᠠᠯᠭᠠᠵᠤ᠂ ᠪᠤᠴᠠᠭᠠᠬᠤ ᠶᠢᠨ ᠠᠷᠭ᠎ᠠ ᠦᠭᠡᠢ  ᠪᠤᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠤᠷᠢᠶᠠᠨ ᠠᠪᠴᠤ᠂ ᠪᠤᠰᠤᠳ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠰᠢᠯᠵᠢᠭᠦᠯᠦᠨ ᠥᠭᠴᠦ ᠨᠢᠭᠦᠯᠡᠰᠦᠩᠭᠦᠢ ᠶᠢᠨ ᠵᠣᠷᠢᠯᠭ᠎ᠠ ᠳᠤ ᠬᠡᠷᠡᠭᠯᠡᠭᠦᠯᠦᠨ᠎ᠡ᠃ ᠤᠢᠢᠯᠠ ᠪᠠᠶᠢᠳᠠᠯ ᠨᠢ  ᠨᠣᠴᠢᠲᠠᠢ  ᠪᠤᠯ ᠢᠯᠠ ᠪᠠᠷ ᠬᠠᠨᠳᠢᠪ ᠴᠤᠭᠯᠠᠭᠤᠯᠬᠤ ᠬᠢᠷᠢ ᠬᠡᠮ ᠤᠨ ᠦᠨᠡᠮᠯᠡᠯ ᠪᠤᠶᠤ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠤᠶᠢᠭᠡᠢ ᠪᠣᠯᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠂ ᠢᠯᠠ ᠪᠠᠷ ᠬᠠᠨᠳᠢᠪ ᠴᠤᠭᠯᠠᠭᠤᠯᠬᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠤᠶᠢᠭᠡᠢ ᠪᠣᠯᠭᠠᠭᠰᠠᠨ ᠪᠤᠯ ᠲᠠᠪᠤᠨ ᠵᠢᠯ ᠤᠨ ᠳᠣᠲᠣᠷ᠎ᠠ ᠲᠡᠬᠢᠵᠦ ᠭᠤᠶᠤᠴᠢᠯᠠᠵᠤ ᠪᠤᠯᠬᠤ ᠦᠬᠡᠢ᠄   ︽︵ᠨᠢᠭᠡ︶ ᠪᠣᠳᠠᠲᠤ ᠬᠡᠷᠡᠭ ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠬᠠᠨᠳᠢᠪᠯᠠᠬᠴᠢ ᠶᠢ ᠮᠡᠬᠡᠯᠡᠵᠦ᠂ ᠠᠷᠭᠠᠳᠠᠨ ᠥᠳᠥᠭᠡᠵᠦ ᠪᠠᠶᠢᠭᠠᠳ ᠬᠠᠨᠳᠢᠪᠯᠠᠭᠤᠯᠤᠬᠰᠠᠨ᠃   ︽︵ᠬᠤᠶᠠᠷ︶ ᠨᠢᠭᠡᠴᠢ ᠪᠤᠶᠤ ᠬᠤᠪᠢ ᠬᠥᠮᠥᠨ ᠠᠴᠠ ᠲᠡᠰᠬᠡᠨ ᠲᠠᠲᠠᠪᠤᠷᠢᠯᠠᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠡᠰᠬᠡᠨ ᠲᠠᠲᠠᠪᠤᠷᠢᠯᠠᠭᠰᠠᠨ᠃   ︽︵ᠭᠤᠷᠪᠠ︶ ᠤᠯᠠᠨ ᠨᠡᠶᠢᠲᠡ ᠶᠢᠨ ᠡᠮᠬᠢ ᠵᠢᠷᠤᠮ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠤᠶᠤ ᠰᠠᠭᠤᠭᠠᠯᠢ ᠠᠷᠠᠳ ᠤᠨ ᠠᠮᠢᠳᠤᠷᠠᠯ ᠢ ᠬᠠᠷᠰᠢᠯᠠᠭᠰᠠᠨ᠃   ︽︵ᠳᠥᠷᠪᠡ︶ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠦᠭᠡᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠲᠠᠢ ᠬᠠᠮᠲᠤᠷᠠᠨ ᠠᠵᠢᠯᠯᠠᠭᠠᠳ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ᠃   ︽︵ᠲᠠᠪᠤ︶ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠢᠯᠡ ᠪᠠᠷ ᠬᠠᠨᠳᠢᠪ ᠴᠤᠭᠯᠠᠭᠤᠯᠬᠤ ᠳᠤ ᠪᠠᠨ ᠲᠤᠰ ᠬᠠᠤᠯᠢ ᠶᠢᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ᠃      ︽︵ᠵᠢᠷᠭᠤᠭ᠎ᠠ︶ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠶᠢᠨ ᠲᠥᠯᠥᠭᠡ ᠢᠯᠡ ᠪᠠᠷ ᠬᠠᠨᠳᠢᠪ ᠴᠤᠭᠯᠠᠭᠤᠯᠬᠤ ᠳᠤ ᠪᠠᠨ ᠴᠤᠭᠯᠠᠭᠤᠯᠵᠤ ᠣᠯᠣᠭᠰᠠᠨ ᠵᠣᠭᠤᠰ ᠮᠥᠩᠭᠦ ᠡᠳ᠋ ᠪᠣᠳᠠᠰ ᠢᠶᠠᠨ ᠴᠠᠭ ᠲᠤᠬᠠᠢ ᠳᠤ  ᠨᠢ ᠬᠤᠪᠢᠶᠠᠷᠢᠯᠠᠭᠰᠠᠨ ᠦᠭᠡᠢ᠂ ᠬᠡᠷᠡᠭᠯᠡᠭᠰᠡᠨ ᠦᠭᠡᠢ᠃︾    ᠬᠤᠷᠢᠨ ᠵᠢᠷᠭᠤᠭ᠎ᠠ᠂ ᠵᠠᠭᠤᠳᠤᠭᠠᠷ ᠵᠦᠢᠯ ᠢ ᠵᠠᠭᠤ ᠠᠷᠪᠠᠨ ᠬᠤᠶᠠᠳᠤᠭᠠᠷ ᠵᠦᠢᠯ ᠪᠣᠯᠭᠠᠭᠠᠳ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠲᠤᠰ ᠬᠠᠤᠯᠢ ᠶᠢᠨ ᠵᠠᠭᠤ ᠶᠢᠰᠦᠳᠦᠭᠡᠷ ᠵᠦᠢᠯ᠂ ᠵᠠᠭᠤ ᠠᠷᠪᠠᠳᠤᠭᠠᠷ ᠵᠦᠢᠯ᠂ ᠵᠠᠭᠤ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠲᠠᠢ ᠪᠤᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ  ᠬᠢᠨ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠬᠤᠷᠢᠨ ᠲᠦᠮᠡᠨ ᠲᠥᠭᠦᠷᠢᠭ  ᠤᠨ ᠬᠤᠭᠤᠷᠤᠨᠳᠤ ᠵᠣᠭᠤᠰ ᠢᠶᠠᠷ ᠲᠣᠷᠭᠠᠬᠤ ᠪᠥᠭᠡᠳ ᠬᠠᠤᠯᠢ ᠪᠤᠰᠤ ᠣᠯᠵᠠ ᠠᠰᠢᠭ ᠢ ᠨᠢ ᠬᠤᠷᠢᠶᠠᠨ ᠠᠪᠤᠨ᠎ᠠ᠃ ᠦᠢᠯᠡ ᠪᠠᠶᠢᠳᠠᠯ ᠨᠢ ᠨᠣᠴᠢᠲᠠᠢ ᠪᠤᠯ ᠨᠢᠭᠡ ᠵᠢᠯ ᠠᠴᠠ ᠲᠠᠪᠤᠨ ᠵᠢᠯ ᠤᠨ ᠳᠣᠲᠣᠷ᠎ᠠ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯᠲᠠᠨ ᠪᠣᠯᠬᠤ ᠶᠢ ᠴᠠᠭᠠᠵᠠᠯᠠᠨ᠎ᠠ︾ ᠭᠡᠵᠦ ᠵᠠᠰᠠᠪᠠ᠃    ᠬᠤᠷᠢᠨ ᠲᠤᠯᠤᠭ᠎ᠠ᠂ ᠵᠠᠭᠤ ᠳᠣᠯᠣᠳᠤᠭᠠᠷ ᠵᠦᠢᠯ ᠢ ᠵᠠᠭᠤ ᠠᠷᠪᠠᠨ ᠭᠤᠷᠪᠠᠳᠤᠭᠠᠷ ᠵᠦᠢᠯ ᠪᠣᠯᠭᠠᠭᠠᠳ᠄ ︽ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠦᠭᠡᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠳᠤᠷ᠎ᠠ ᠪᠠᠷ ᠢᠶᠠᠨ ᠢᠯᠡ ᠪᠠᠷ ᠬᠠᠨᠳᠢᠪ ᠴᠤᠭᠯᠠᠭᠤᠯᠤᠭᠰᠠᠨ ᠪᠤᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠳᠣᠩᠭᠤᠳᠴᠤ᠂ ᠬᠠᠨᠳᠢᠪ ᠴᠤᠭᠯᠠᠭᠤᠯᠬᠤ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠨ᠎ᠠ᠃ ᠬᠠᠤᠯᠢ ᠶᠢ ᠵᠥᠷᠢᠴᠡᠵᠦ ᠴᠤᠭᠯᠠᠭᠤᠯᠤᠭᠰᠠᠨ ᠡᠳ᠋ ᠬᠥᠷᠥᠩᠭᠡ ᠶᠢ ᠵᠠᠷᠯᠢᠭᠳᠠᠨ ᠪᠤᠴᠠᠭᠠᠯᠭᠠᠵᠤ᠂ ᠪᠤᠴᠠᠭᠠᠬᠤ ᠶᠢᠨ ᠠᠷᠭ᠎ᠠ ᠦᠭᠡᠢ  ᠪᠤᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠤᠷᠢᠶᠠᠨ ᠠᠪᠴᠤ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠰᠢᠯᠵᠢᠭᠦᠯᠦᠨ ᠥᠭᠴᠦ ᠨᠢᠭᠦᠯᠡᠰᠦᠩᠭᠦᠢ ᠶᠢᠨ ᠵᠣᠷᠢᠯᠭ᠎ᠠ ᠳᠤ ᠬᠡᠷᠡᠭᠯᠡᠭᠦᠯᠦᠨ᠎ᠡ᠃ ᠤᠢᠢᠯᠠ ᠪᠠᠶᠢᠳᠠᠯ ᠨᠢ ᠨᠣᠴᠢᠲᠠᠢ ᠪᠤᠯ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠢ ᠬᠤᠶᠠᠷ ᠲᠦᠮᠨ ᠠᠴᠠ  ᠬᠤᠷᠢᠨ ᠲᠦᠮᠡᠨ ᠲᠥᠭᠦᠷᠢᠭ   ᠤᠨ ᠬᠤᠭᠤᠷᠤᠨᠳᠤ ᠵᠣᠭᠤᠰ ᠢᠶᠠᠷ  ᠲᠤᠷᠭᠠᠨ᠎ᠠ᠃    ︽ᠡᠷᠬᠡᠳᠤ ᠠᠷᠠᠳ᠂ ᠬᠠᠤᠯᠢ ᠶᠢᠨ ᠬᠥᠮᠥᠨ ᠪᠤᠶᠤ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠨᠢᠭᠦᠯᠡᠰᠦᠩᠭᠦᠢ ᠶᠢᠨ ᠨᠡᠷ᠎ᠡ ᠪᠠᠷ ᠪᠤᠶᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠᠷ ᠬᠠᠭᠤᠷᠮᠠᠭᠯᠠᠨ ᠡᠳ᠋ ᠬᠥᠷᠥᠩᠭᠡ ᠮᠡᠬᠡᠯᠡᠨ ᠠᠪᠤᠭᠰᠠᠨ ᠪᠤᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠨ ᠬᠢᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︾ ᠭᠡᠵᠦ ᠵᠠᠰᠠᠪᠠ᠃    ᠬᠤᠷᠢᠨ ᠨᠠᠢᠮᠠ᠂ ᠵᠠᠭᠤ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠢ ᠵᠠᠭᠤ ᠠᠷᠪᠠᠨ ᠳᠥᠷᠪᠡᠳᠦᠭᠡᠷ ᠵᠦᠢᠯ ᠪᠣᠯᠭᠠᠭᠠᠳ᠄ ︽ᠢᠨᠲ᠋ᠧᠷ ᠰᠦᠯᠵᠢᠶᠡᠨ ᠤ ᠢᠯᠡ ᠪᠠᠷ ᠬᠠᠨᠳᠢᠪ ᠴᠤᠭᠯᠠᠭᠤᠯᠬᠤ ᠦᠢᠯᠡᠴᠢᠯᠡᠭᠡᠨ ᠤ ᠲᠠᠪᠴᠠᠩ ᠨᠢ ᠲᠤᠰ ᠬᠠᠤᠯᠢ ᠶᠢᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠪᠤᠯ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃      ︽ᠵᠢᠭᠠᠨ ᠲᠣᠭᠲᠠᠭᠠᠭᠰᠠᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠦᠭᠡᠢ ᠪᠠᠷ ᠢᠨᠲ᠋ᠧᠷ ᠰᠦᠯᠵᠢᠶᠡᠨ ᠤ ᠢᠯᠡ ᠪᠠᠷ ᠬᠠᠨᠳᠢᠪ ᠴᠤᠭᠯᠠᠭᠤᠯᠬᠤ ᠦᠢᠯᠡᠴᠢᠯᠡᠭᠡ ᠶᠢ ᠳᠤᠷ᠎ᠠ ᠪᠠᠷ ᠢᠶᠠᠨ ᠬᠠᠩᠭᠠᠭᠰᠠᠨ ᠪᠤᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠰᠢᠢᠳᠪᠦᠷᠢᠯᠡᠨ᠎ᠡ᠃    ︽ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠪᠤᠯᠤᠨ ᠰᠦᠯᠵᠢᠶᠡᠨ ᠤ ᠦᠢᠯᠡᠴᠢᠯᠡᠭᠡ ᠬᠠᠩᠭᠠᠭᠴᠢ᠂ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠰᠢᠯᠭᠠᠨ ᠭᠡᠷᠡᠴᠢᠯᠡᠬᠦ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ  ᠪᠤᠯ ᠲᠡᠭᠦᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂  ᠰᠡᠷᠡᠮᠵᠢᠯᠡᠬᠦᠯᠤᠨ᠎ᠡ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠵᠠᠷᠯᠠᠨ ᠰᠢᠭᠦᠮᠵᠢᠯᠡᠨ᠎ᠡ︾ ᠭᠡᠵᠦ ᠵᠠᠰᠠᠪᠠ᠃    ᠬᠤᠷᠢ ᠶᠢᠰᠦ᠂ ᠵᠠᠭᠤ ᠲᠠᠪᠤᠳᠤᠭᠠᠷ ᠵᠦᠢᠯ ᠢ ᠵᠠᠭᠤ ᠠᠷᠪᠠᠨ ᠨᠠᠢᠮᠠᠳᠤᠭᠠᠷ ᠵᠦᠢᠯ ᠪᠣᠯᠭᠠᠭᠠᠳ᠄ ︽ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠭᠴᠢ᠂ ᠨᠠᠶᠢᠳᠠᠯᠭ᠎ᠠ ᠬᠦᠯᠢᠶᠡᠭᠴᠢ ᠳᠤ  ᠲᠠᠷᠠᠭᠠᠬᠢ ᠪᠠᠶᠢᠳᠠᠯ ᠤᠨ ᠠᠯᠢ ᠨᠢᠭᠡ ᠨᠢ ᠤᠷᠤᠰᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠰᠡᠷᠡᠮᠵᠢᠯᠡᠬᠦᠯᠬᠦ ᠶᠢᠨ ᠬᠠᠮᠲᠤ ᠬᠠᠤᠯᠢ ᠪᠤᠰᠤ ᠣᠯᠵᠠ ᠠᠰᠢᠭ ᠢ ᠨᠢ ᠬᠤᠷᠢᠶᠠᠨ ᠠᠪᠤᠨ᠎ᠠ᠃ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠄︽︵ᠨᠢᠭᠡ︶ ᠢᠲᠡᠭᠡᠮᠵᠢᠲᠦ ᠨᠠᠶᠢᠳᠠᠯᠭ᠎ᠠ ᠶᠢᠨ ᠡᠳ᠋ ᠬᠥᠷᠥᠩᠭᠡ ᠪᠠ ᠲᠡᠭᠦᠨ ᠠᠴᠠ ᠣᠯᠣᠭᠰᠠᠨ ᠠᠰᠢᠭ ᠣᠯᠵᠠᠪᠤᠷᠢ ᠶᠢ ᠨᠢᠭᠦᠯᠡᠰᠦᠩᠭᠦᠢ ᠶᠢᠨ ᠪᠤᠰᠤ ᠵᠣᠷᠢᠯᠭ᠎ᠠ ᠳᠤ ᠬᠡᠷᠡᠭᠯᠡᠭᠰᠡᠨ᠃︽︵ᠬᠤᠶᠠᠷ︶  ᠨᠠᠶᠢᠳᠠᠭᠴᠢ᠂ ᠨᠠᠶᠢᠳᠠᠯᠭ᠎ᠠ ᠬᠦᠯᠢᠶᠡᠭᠴᠢ ᠪᠤᠯᠤᠨ ᠲᠡᠭᠦᠨ ᠤ ᠠᠵᠢᠯᠲᠠᠨ ᠤ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠢ ᠠᠰᠢᠭ ᠬᠦᠷᠳᠡᠭᠴᠢ ᠪᠠᠷ ᠵᠢᠭᠠᠨ ᠲᠣᠭᠲᠠᠭᠠᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠢᠭᠠᠨ ᠲᠣᠭᠲᠠᠭᠠᠭᠰᠠᠨ᠃︽︵ᠭᠤᠷᠪᠠ︶ ᠢᠲᠡᠭᠡᠮᠵᠢᠲᠦ ᠨᠠᠶᠢᠳᠠᠯᠭ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠪᠠ ᠡᠳ᠋ ᠤᠨ ᠶᠠᠪᠤᠳᠠᠯ ᠤᠨ ᠪᠠᠶᠢᠳᠠᠯ ᠢᠶᠠᠨ ᠲᠣᠭᠲᠠᠭᠠᠯ ᠶᠣᠰᠣᠭᠠᠷ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠡᠰᠡ ᠮᠡᠳᠡᠭᠦᠯᠦᠭᠰᠡᠨ᠃   ︽︵ᠳᠥᠷᠪᠡ︶  ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠣᠨ ᠤ ᠵᠠᠷᠤᠯᠭ᠎ᠠ ᠪᠤᠶᠤ ᠬᠠᠮᠢᠶᠠᠷᠤᠯᠲᠠ ᠶᠢᠨ ᠵᠠᠷᠤᠳᠠᠯ ᠤᠨ ᠪᠠᠷᠢᠮᠵᠢᠶ᠎ᠠ ᠶᠢ ᠵᠥᠷᠢᠴᠡᠭᠰᠡᠨ᠃   ︽  ︵ᠲᠠᠪᠤ︶ ᠮᠡᠳᠡᠭᠡ ᠵᠠᠩᠭᠢ ᠶᠢ  ᠢᠯᠡᠵᠢᠬᠦᠯᠬᠦ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ᠃︾   ᠭᠤᠴᠢ᠂ ᠨᠢᠭᠡ ᠵᠦᠢᠯ ᠨᠡᠮᠡᠭᠡᠳ ᠵᠠᠭᠤ ᠬᠤᠷᠢᠨ ᠳᠥᠷᠪᠡᠳᠦᠭᠡᠷ ᠵᠦᠢᠯ ᠪᠣᠯᠭᠠᠪᠠ᠄ ︽ᠬᠤᠪᠢ ᠬᠥᠮᠥᠨ ᠡᠪᠡᠳᠴᠢᠨ ᠡᠮᠭᠡᠭ ᠵᠡᠷᠭᠡ ᠰᠢᠯᠲᠠᠭᠠᠨ ᠠᠴᠠ ᠪᠣᠯᠵᠤ ᠭᠡᠷ ᠪᠦᠯᠢ ᠶᠢᠨ ᠠᠵᠤ ᠠᠬᠤᠢ ᠪᠠᠨ ᠬᠦᠴᠢᠷᠳᠡᠯ ᠲᠠᠢ ᠪᠣᠯᠵᠤ᠂ ᠨᠡᠶᠢᠭᠡᠮ ᠨᠡᠶᠢᠳᠡ ᠠᠴᠠ ᠲᠤᠰᠠᠯᠠᠮᠵᠢ ᠭᠤᠶᠤᠴᠢᠯᠠᠭᠰᠠᠨ ᠮᠡᠳᠡᠭᠡ ᠵᠠᠩᠭᠢ ᠨᠡᠶᠢᠲᠡᠯᠡᠭᠰᠡᠨ ᠪᠤᠯ ᠲᠤᠰᠠᠯᠠᠮᠵᠢ ᠭᠤᠶᠤᠴᠢᠯᠠᠭᠴᠢ ᠪᠠ ᠮᠡᠳᠡᠭᠡ ᠵᠠᠩᠭᠢ ᠨᠡᠶᠢᠲᠡᠯᠡᠭᠴᠢ ᠨᠢ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠬᠤᠳᠠᠯ ᠬᠠᠭᠤᠷᠮᠠᠭ ᠢᠶᠠᠷ ᠵᠣᠬᠢᠶᠠᠬᠤ᠂ ᠪᠣᠳᠠᠲᠤ ᠬᠡᠷᠡᠭ ᠢ ᠨᠢᠭᠤᠨ ᠳᠠᠯᠳᠠᠯᠠᠬᠤ ᠵᠡᠷᠭᠡ ᠠᠷᠭ᠎ᠠ ᠪᠠᠷ ᠲᠤᠰᠠᠯᠠᠮᠵᠢ ᠮᠡᠬᠡᠯᠡᠨ ᠣᠯᠵᠤ ᠪᠣᠯᠬᠤ ᠦᠭᠡᠢ᠃     ︽ᠬᠤᠪᠢ ᠬᠥᠮᠥᠨ ᠤ ᠲᠤᠰᠠᠯᠠᠮᠵᠢ ᠭᠤᠶᠤᠴᠢᠯᠠᠬᠤ ᠰᠦᠯᠵᠢᠶᠡᠨ ᠤ ᠦᠢᠯᠡᠴᠢᠯᠡᠭᠡ ᠡᠷᠬᠢᠯᠡᠬᠦ ᠲᠠᠪᠴᠠᠩ ᠢ ᠲᠥᠷᠥ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠵᠢᠭᠠᠨ ᠲᠣᠭᠲᠠᠭᠠᠵᠤ᠂ ᠲᠡᠭᠦᠨ ᠢᠶᠠᠷ ᠳᠠᠮᠵᠢᠭᠤᠯᠤᠨ ᠨᠡᠶᠢᠲᠡᠯᠡᠭᠰᠡᠨ ᠲᠤᠰᠠᠯᠠᠮᠵᠢ ᠭᠤᠶᠤᠴᠢᠯᠠᠬᠤ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢ ᠪᠠᠶᠢᠴᠠᠭᠠᠨ ᠰᠢᠯᠭᠠᠬᠤ ᠶᠢᠨ ᠬᠠᠮᠲᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ᠂ ᠪᠦᠬᠦ ᠲᠠᠯ᠎ᠠ ᠪᠠᠷ ᠨᠡᠶᠢᠭᠡᠮ ᠲᠠᠶᠠᠭᠠᠷ ᠲᠤ ᠢᠯᠡᠵᠢᠬᠦᠯᠬᠦ ᠬᠡᠷᠡᠭᠲᠡᠢ᠂ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠦᠯᠵᠢᠶᠡᠨ ᠤ ᠮᠡᠳᠡᠭᠡ ᠵᠠᠩᠭᠢ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠰ ᠲᠤ ᠨᠢ ᠲᠣᠭᠲᠠᠭᠠᠨ᠎ᠠ᠃︾   ᠭᠤᠴᠢᠨ ᠨᠢᠭᠡ᠂ ᠬᠡᠰᠡᠭ ᠵᠦᠢᠯ ᠵᠤᠷᠪᠤᠰ ᠤᠨ ᠳᠣᠲᠣᠷᠠᠬᠢ ᠬᠤᠯᠪᠣᠭᠳᠠᠯ ᠪᠦᠬᠦᠢ ᠲᠣᠭᠠᠴᠢᠯᠲᠠ ᠳᠤ  ᠲᠠᠷᠠᠭᠠᠬᠢ ᠮᠡᠲᠦ ᠵᠠᠰᠠᠪᠤᠷᠢ ᠤᠷᠤᠭᠤᠯᠪᠠ᠄   ︵ᠨᠢᠭᠡ︶ ᠬᠤᠶᠠᠳᠤᠭᠠᠷ ᠵᠦᠢᠯ᠂ ᠭᠤᠷᠪᠠᠳᠤᠭᠠᠷ ᠵᠦᠢᠯ᠂ ᠲᠠᠪᠤᠳᠤᠭᠠᠷ ᠵᠦᠢᠯ᠂ ᠭᠤᠴᠢᠨ ᠳᠥᠷᠪᠡᠳᠦᠭᠡᠷ ᠵᠦᠢᠯ ᠂ ᠭᠤᠴᠢᠨ ᠳᠣᠯᠣᠳᠤᠭᠠᠷ ᠵᠦᠢᠯ᠂ ᠨᠠᠶᠠᠳᠤᠭᠠᠷ ᠵᠦᠢᠯ ᠤᠨ ᠨᠢᠭᠡᠳᠦᠭᠡᠷ ᠪᠠᠳᠠᠭ᠂ ᠶᠡᠷᠡᠨ ᠨᠢᠭᠡᠳᠦᠭᠡᠷ ᠵᠦᠢᠯ ᠳᠤ ᠬᠢ ︽ᠪᠤᠰᠤᠳ ᠵᠣᠬᠢᠶᠠᠨ ᠪᠠᠶᠢᠭᠤᠯᠤᠯᠲᠠ︾ ᠭᠡᠳᠡᠭ ᠢ ︽ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ︾ ᠭᠡᠵᠦ ᠵᠠᠰᠠᠪᠠ᠃   ︵ᠬᠤᠶᠠᠷ︶ ᠠᠷᠪᠠᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠲᠤ ᠬᠢ ︽ᠠᠷᠠᠳ ᠤᠨ ᠶᠠᠪᠤᠳᠠᠯ ᠤᠨ ᠰᠠᠯᠠᠭ᠎ᠠ ᠮᠥᠴᠢᠷ︾ ᠤᠨ ᠡᠮᠦᠨ᠎ᠡ ︽ᠲᠡᠭᠦᠨ ᠢ ᠳᠠᠩᠰᠠᠯᠠᠭᠤᠯᠤᠭᠰᠠᠨ︾ ᠭᠡᠵᠦ ᠨᠡᠮᠡᠪᠡ᠃ ᠠᠷᠪᠠᠨ ᠨᠠᠢᠮᠠᠳᠤᠭᠠᠷ ᠵᠦᠢᠯ ᠤᠨ ᠳᠥᠷᠪᠡᠳᠦᠭᠡᠷ ᠪᠠᠳᠠᠭ᠂ ᠬᠤᠷᠢᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ  ᠲᠤ ᠬᠢ ︽ᠲᠡᠭᠦᠨ ᠤ ᠳᠠᠩᠰᠠᠯᠠᠭᠤᠯᠤᠭᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ︾ ᠤᠨ ᠡᠮᠦᠨ᠎ᠡ ︽ᠰᠢᠢᠳᠪᠦᠷᠢᠯᠡᠬᠦ︾ ᠭᠡᠵᠦ ᠨᠡᠮᠡᠪᠡ᠃ ᠳᠥᠴᠢᠨ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ᠂ ᠳᠥᠴᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ᠂ ᠶᠡᠷᠡᠨ ᠳᠣᠯᠣᠳᠤᠭᠠᠷ ᠵᠦᠢᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠥᠭᠦᠯᠡᠪᠦᠷᠢ᠂ ᠵᠠᠭᠤ ᠬᠤᠶᠠᠳᠤᠭᠠᠷ ᠵᠦᠢᠯ᠂ ᠵᠠᠭᠤ ᠭᠤᠷᠪᠠᠳᠤᠭᠠᠷ ᠵᠦᠢᠯ᠂ ᠵᠠᠭᠤ ᠳᠥᠷᠪᠡᠳᠦᠭᠡᠷ ᠵᠦᠢᠯ  ᠳᠤ ᠬᠢ ︽ᠠᠷᠠᠳ ᠤᠨ ᠶᠠᠪᠤᠳᠠᠯ ᠤᠨ ᠰᠠᠯᠠᠭ᠎ᠠ ᠮᠥᠴᠢᠷ︾ ᠤᠨ ᠡᠮᠦᠨ᠎ᠡ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ︾ ᠭᠡᠵᠦ ᠨᠡᠮᠡᠪᠡ᠃ ᠳᠥᠴᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠲᠤ  ᠬᠢ ︽ᠲᠡᠭᠦᠨ ᠤ ᠳᠠᠩᠰᠠᠯᠠᠭᠤᠯᠤᠭᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ︾ ᠭᠡᠳᠡᠭ ᠤᠨ ᠡᠮᠦᠨ᠎ᠡ ︽ᠰᠢᠢᠳᠪᠦᠷᠢᠯᠡᠬᠦ︾ ᠭᠡᠵᠦ ᠨᠡᠮᠡᠨ᠎ᠡ᠃ ᠲᠠᠪᠢᠨ ᠲᠠᠪᠤᠳᠤᠭᠠᠷ ᠵᠦᠢᠯ ᠳᠤ ᠬᠢ  ︽ᠠᠷᠠᠳ ᠤᠨ ᠶᠠᠪᠤᠳᠠᠯ ᠤᠨ ᠰᠠᠯᠠᠭ᠎ᠠ ᠮᠥᠴᠢᠷ︾ ᠤᠨ ᠡᠮᠦᠨ᠎ᠡ ︽ᠤᠤᠯ ᠤᠨ ᠳᠠᠩᠰᠠᠯᠠᠭᠤᠯᠤᠭᠰᠠᠨ︾ ᠭᠡᠵᠦ ᠨᠡᠮᠡᠨ᠎ᠡ᠃    ︵ᠭᠤᠷᠪᠠ︶ ᠳᠥᠴᠢᠳᠦᠭᠡᠷ ᠵᠦᠢᠯ ᠤᠨ ᠨᠢᠭᠡᠳᠦᠭᠡᠷ ᠪᠠᠳᠠᠭ᠂ ᠲᠠᠪᠢᠨ ᠨᠠᠢᠮᠠᠳᠤᠭᠠᠷ ᠵᠦᠢᠯ ᠳᠤ ᠬᠢ ︽ᠵᠢᠭᠠᠨ ᠲᠣᠭᠲᠠᠭᠠᠭᠰᠠᠨ︾ ᠤ ᠠᠷᠤ ᠳᠤ ︽ᠡᠰᠡᠬᠦᠯ᠎ᠡ ᠬᠡᠯᠪᠡᠷᠢ ᠶᠢ ᠨᠢ ᠥᠭᠡᠷᠡᠲᠦᠭᠦᠯᠦᠨ ᠵᠢᠭᠠᠨ ᠲᠣᠭᠲᠠᠭᠠᠭᠰᠠᠨ︾ ᠭᠡᠵᠦ ᠨᠡᠮᠡᠪᠡ᠃       ᠲᠤᠰ ᠲᠣᠭᠲᠠᠭᠠᠯ ᠢ 2024 ᠣᠨ ᠤ 9 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ᠳᠤ ᠲᠤᠰ ᠲᠣᠭᠲᠠᠭᠠᠯ ᠢ ᠦᠨᠳᠦᠰᠦᠯᠡᠨ ᠵᠣᠬᠢᠴᠠᠩᠭᠤᠢ ᠵᠠᠰᠠᠪᠤᠷᠢ ᠣᠷᠣᠭᠤᠯᠬᠤ ᠶᠢᠨ ᠬᠠᠮᠲᠤ ᠵᠦᠢᠯ ᠵᠤᠷᠪᠤᠰ ᠤᠨ ᠲᠡᠰ ᠳᠠᠷᠠᠭᠠᠯᠠᠯ ᠳᠤ ᠵᠣᠬᠢᠴᠠᠩᠭᠤᠢ ᠲᠣᠬᠢᠷᠠᠭᠤᠯᠤᠯᠲᠠ ᠬᠢᠭᠡᠳ ᠲᠠᠬᠢᠵᠤ ᠨᠡᠶᠢᠲᠡᠯᠡᠨ᠎ᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号