ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ 2024 ᠣᠨ ᠤ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠲᠥᠪᠯᠡᠷᠡᠭᠦᠯᠦᠨ ᠨᠡᠶᠢᠭᠡᠮ ᠤᠨ ᠠᠰᠠᠷᠠᠮᠵᠢ ᠶᠢᠨ ᠦᠢᠯᠡᠰ ᠢ ᠳᠡᠮᠵᠢᠬᠦ ᠲᠤᠰᠬᠠᠢ ᠪᠡᠯᠡ ᠮᠥᠩᠭᠦ ᠶᠢ 5065 ᠲᠦᠮᠡᠨ ᠲᠥᠭᠦᠷᠢᠭ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2024/1/4
     ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠦᠷᠤᠬᠦᠬᠡᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠲᠠᠢ ᠬᠠᠮᠲᠤᠷᠠᠨ 2024 ᠣᠨ ᠤ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠲᠥᠪᠯᠡᠷᠡᠭᠦᠯᠦᠨ ᠨᠡᠶᠢᠭᠡᠮ ᠤᠨ ᠠᠰᠠᠷᠠᠮᠵᠢ ᠶᠢᠨ ᠦᠢᠯᠡᠰ ᠢ ᠲᠡᠮᠵᠢᠬᠦ ᠲᠤᠰᠬᠠᠢ ᠪᠡᠯᠨ ᠮᠦᠡᠭᠭᠦ ᠶᠢ 5065 ᠲᠦᠮᠡᠨ ᠲᠥᠭᠦᠷᠢᠭ ᠤᠷᠢᠳᠴᠢᠯᠠᠨ ᠪᠠᠭᠤᠯᠭᠠᠪᠠ᠃    ︽ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠲᠥᠪᠯᠡᠷᠡᠭᠦᠯᠦᠨ ᠨᠡᠶᠢᠭᠡᠮ ᠤᠨ ᠠᠰᠠᠷᠠᠮᠵᠢ ᠶᠢᠨ ᠦᠢᠯᠡᠰ ᠢ ᠳᠡᠮᠵᠢᠬᠦ ᠪᠡᠯᠡ ᠮᠥᠩᠭᠦ ᠶᠢᠨ ᠬᠡᠷᠡᠭᠯᠡᠯᠲᠡ ᠶᠢᠨ ᠲᠤᠬᠠᠢ ᠬᠠᠮᠢᠶᠠᠷᠤᠯᠲᠠ ᠶᠢᠨ ᠠᠷᠭ᠎ᠠ︾ ᠶᠣᠰᠣᠭᠠᠷ  ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ︽ᠨᠠᠰᠤᠲᠠᠶᠢᠴᠤᠳ ᠢ ᠲᠡᠳᠬᠦᠬᠦ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠦᠬᠡᠳ ᠢ ᠲᠤᠰᠠᠯᠠᠬᠤ᠂ ᠬᠦᠴᠢᠷᠳᠡᠯᠲᠡᠢ ᠬᠦᠮᠦᠰ ᠢ ᠲᠤᠰᠠᠯᠠᠬᠤ︾ ᠲᠠᠷᠬᠠᠭᠠᠯᠲᠠ ᠶᠢᠨ ᠵᠣᠷᠢᠯᠲᠠ ᠶᠢ ᠵᠢᠷᠤᠮᠯᠠᠨ᠂ ᠲᠣᠰ ᠤᠳᠠᠭ᠎ᠠ ᠤᠷᠢᠳᠴᠢᠯᠠᠨ ᠪᠠᠭᠤᠯᠭᠠᠭᠰᠠᠨ ᠪᠡᠯᠡ ᠮᠥᠩᠭᠦ ᠨᠢ ᠨᠠᠰᠤᠲᠠᠶᠢᠴᠤᠳ ᠤᠨ ᠠᠰᠠᠷᠠᠮᠵᠢ᠂ ᠵᠡᠮᠳᠡᠭᠴᠦᠳ ᠤᠨ ᠠᠰᠠᠷᠠᠮᠵᠢ᠂ ᠬᠡᠦᠬᠡᠳ ᠤᠨ ᠠᠰᠠᠷᠠᠮᠵᠢ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠵᠡᠷᠭᠡ 4 ᠲᠠᠯ᠎ᠠ ᠳᠤ ᠬᠤᠯᠪᠣᠭᠳᠠᠨ᠎ᠠ᠃ ᠡᠭᠦᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠲᠤᠰᠬᠠᠢ ᠪᠡᠯᠡ ᠮᠥᠩᠭᠦ ᠶᠢ 760 ᠲᠦᠮᠡᠨ ᠲᠥᠭᠦᠷᠢᠭ ᠲᠣᠬᠢᠷᠠᠭᠤᠯᠵᠤ᠂ ᠪᠥᠬᠦ ᠣᠷᠣᠨ ᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠲᠠᠢ ᠬᠠᠪᠰᠤᠷᠤᠨ ᠲᠡᠳᠬᠦᠬᠦ 15 ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃    ᠡᠨᠡ ᠤᠳᠠᠭ᠎ᠠ ᠲᠥᠪ ᠠᠴᠠ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠤᠷᠢᠳᠴᠢᠯᠠᠨ  ᠪᠠᠭᠤᠯᠭᠠᠵᠤ ᠪᠠᠶᠢᠭ᠎ᠠ ᠨᠢ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠳᠤ ᠨᠠᠩ ᠰᠠᠶᠢᠨ ᠠᠰᠢᠭ ᠬᠦᠷᠲᠡᠭᠡᠵᠦ᠂ ᠪᠥᠬᠦ ᠣᠷᠣᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠦᠭᠵᠢᠬᠦᠯᠤᠯᠳᠡ ᠳᠤ ᠬᠦᠴᠦᠨ ᠨᠡᠮᠡᠷᠢᠯᠡᠵᠦ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠨᠡᠶᠢᠭᠡᠮ ᠤᠨ ᠦᠷ᠎ᠡ ᠠᠰᠢᠭ ᠢ ᠤᠯᠠᠮ ᠰᠠᠶᠢᠨ ᠪᠠᠳᠠᠷᠠᠭᠤᠯᠬᠤ ᠪᠣᠯᠣᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号