ᠮᠠᠨ ᠤ ᠣᠷᠣᠨ ᠠᠵᠢᠯ ᠠᠯᠳᠠᠭᠰᠠᠳ ᠤᠨ ᠳᠠᠭᠠᠳᠬᠠᠯ  ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠳᠠᠷᠠᠭ᠎ᠠ ᠵᠢᠯ ᠤᠨ ᠡᠴᠦᠰ ᠪᠣᠯᠲᠠᠯ᠎ᠠ ᠤᠷᠳᠤᠳᠬᠠᠨ᠎ᠠ
ᠨᠡᠶᠢᠲᠡᠯᠡᠭᠰᠡᠨ ᠴᠠᠭ᠄
2024/1/4
    ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠣᠷᠣᠨ ᠠᠵᠢᠯ ᠠᠯᠳᠠᠭᠰᠠᠳ ᠤᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠵᠢᠱᠢᠯᠲᠡ ᠪᠠᠷ ᠪᠥᠬᠦ ᠣᠷᠣᠨ ᠤ ᠳᠠᠭᠠᠳᠬᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠢ ᠨᠦᠭᠦᠳ ᠤᠨ ᠰᠦᠢᠳᠬᠡᠯ ᠲᠤᠰᠢᠶᠠᠬᠤ ᠳᠠᠷᠤᠭᠠᠰᠤ ᠶᠢ 52 ᠳ᠋ᠦᠩᠰᠢᠭᠤᠷ ᠲᠦᠭᠦᠷᠢᠭ ᠣᠷᠴᠢᠮ ᠬᠥᠩᠭᠡᠷᠡᠭᠦᠯᠦᠨ᠎ᠡ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠶᠢᠷ᠎ᠠ ᠳᠤ ︽ᠠᠵᠢᠯ ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯ ᠠᠯᠳᠠᠭᠰᠠᠳ ᠤᠨ ᠳᠠᠭᠠᠳᠬᠠᠯ ᠳᠤ ᠶᠡᠷᠦᠩᠬᠡᠢ ᠰᠦᠢᠳᠬᠡᠯ ᠤᠨ ᠨᠣᠷᠮ᠎ᠠ ᠶᠢ 1% ᠪᠠᠶᠢᠯᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠂ ᠡᠭᠦᠨ ᠳᠤ ᠪᠠᠶᠢᠭᠤᠯᠭ᠎ᠠ ᠨᠢᠭᠡᠴᠢ ᠶᠢᠨ ᠰᠦᠢᠳᠬᠡᠯ ᠤᠨ ᠨᠣᠷᠮ᠎ᠠ 0.5%᠂ ᠬᠤᠪᠢ ᠬᠥᠮᠥᠨ ᠤ ᠰᠦᠢᠳᠬᠡᠯ ᠤᠨ ᠨᠣᠷᠮ᠎ᠠ 0.5% ᠪᠣᠯᠣᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢᠨ ᠨᠠᠢᠮᠠᠨ ᠲᠥᠷᠥᠯ ᠤᠨ ᠰᠦᠢᠳᠬᠡᠯ ᠤᠨ ᠨᠣᠷᠮ᠎ᠠ ᠶᠢ ᠶᠡᠷᠦᠩᠬᠡᠢ ᠳᠤ ᠨᠢ ᠲᠣᠭᠲᠠᠪᠤᠷᠢᠲᠠᠢ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠲᠡ ᠦᠯᠡᠳᠡᠪᠦᠷᠢ ᠪᠠᠷ ᠲᠥᠯᠥᠵᠦ ᠪᠣᠯᠬᠤ ᠰᠠᠷ᠎ᠠ ᠶᠢᠨ ᠲᠤᠭ᠎ᠠ ᠨᠢ 24 ᠰᠠᠷ᠎ᠠ ︵ᠪᠠᠭᠲᠠᠭᠠᠨ᠎ᠠ︶  ᠠᠴᠠ ᠳᠡᠭᠡᠭᠰᠢᠬᠢ ᠠᠶᠢᠮᠠᠭ ᠬᠤᠲᠠ ᠳᠤ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠪᠠᠷ ᠰᠠᠭᠤᠷᠢ ᠪᠣᠯᠭᠠᠨ 50% ᠪᠠᠷ ᠪᠠᠭᠤᠷᠠᠭᠤᠯᠤᠨ᠎ᠠ︔ ᠨᠡᠶᠢᠲᠡ ᠦᠯᠡᠳᠡᠪᠦᠷᠢ ᠪᠠᠷ ᠲᠥᠯᠥᠵᠦ ᠪᠣᠯᠬᠤ ᠰᠠᠷ᠎ᠠ ᠶᠢᠨ ᠲᠤᠭ᠎ᠠ ᠨᠢ 18 ᠰᠠᠷ᠎ᠠ ︵ᠪᠠᠭᠲᠠᠭᠠᠨ᠎ᠠ︶ ᠠᠴᠠ 23 ᠰᠠᠷ᠎ᠠ ᠶᠢᠨ ᠬᠤᠭᠤᠷᠤᠨᠳᠤᠬᠢ ᠠᠶᠢᠮᠠᠭ ᠬᠤᠲᠠ ᠳᠤ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠪᠠᠷ ᠰᠠᠭᠤᠷᠢ ᠪᠣᠯᠭᠠᠨ 20% ᠪᠠᠷ ᠪᠠᠭᠤᠷᠠᠭᠤᠯᠤᠨ᠎ᠠ︔ ᠨᠡᠶᠢᠲᠡ ᠦᠯᠡᠳᠡᠪᠦᠷᠢ ᠪᠠᠷ ᠲᠥᠯᠥᠵᠦ ᠪᠣᠯᠬᠤ ᠰᠠᠷ᠎ᠠ ᠶᠢᠨ ᠲᠤᠭ᠎ᠠ ᠨᠢ 18 ᠰᠠᠷ᠎ᠠ ᠠᠴᠠ ᠳᠣᠷᠣᠭᠰᠢᠬᠢ ᠠᠶᠢᠮᠠᠭ ᠬᠤᠲᠠ ᠳᠤ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠪᠠᠷ ᠭᠦᠢᠴᠡᠳᠬᠡᠬᠦ ᠪᠣᠯᠣᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠭᠡᠳᠡᠭ ᠪᠣᠯ 2018 ᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨ᠎ᠡ ᠳᠣᠬᠢᠷᠠᠭᠤᠯᠤᠨ ᠬᠡᠷᠡᠭᠵᠢᠭᠦᠯᠵᠦ ᠪᠠᠶᠢᠭᠰᠠᠨ ᠰᠦᠢᠳᠬᠡᠯ ᠤᠨ ᠨᠤᠷᠮ᠎ᠠ ᠶᠢ ᠵᠢᠭᠠᠵᠤ ᠪᠤᠢ᠃     ᠲᠤᠰ ᠤᠳᠠᠭ᠎ᠠ ᠠᠵᠢᠯ ᠠᠯᠳᠠᠭᠰᠠᠳ ᠤᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠤᠭᠰᠠᠨ ᠨᠢ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦᠶᠢᠴᠡ ᠴᠢᠨᠠᠷ ᠢ ᠤᠯᠠᠮ ᠨᠢᠭᠡ ᠠᠯᠬᠤᠮ ᠪᠠᠲᠤᠯᠠᠵᠤ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠮᠥᠷᠲᠡᠭᠡᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠤᠨ ᠢᠲᠡᠭᠡᠯ ᠢ ᠬᠥᠭᠵᠢᠭᠡᠬᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠵᠢᠯ ᠣᠯᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠨᠡᠩ ᠠᠰᠢᠭᠲᠠᠢ ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠰᠢᠭᠤᠳ ᠨᠠᠶᠢᠳᠠᠪᠤᠷᠢᠵᠢᠭᠤᠯᠤᠨ ᠰᠢᠭᠤᠳ ᠬᠦᠷᠭᠡᠵᠦ᠂ ᠠᠵᠤ ᠠᠬᠤᠶᠢᠯᠠᠯ ᠳᠤ ᠥᠪᠡᠷ ᠤᠨ ᠥᠷᠲᠡᠭ ᠦᠭᠡᠢ ᠪᠠᠷ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠤᠨ ᠦᠷ᠎ᠡ ᠠᠰᠢᠭ ᠣᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号