ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠲᠦᠷᠦᠭᠦᠸ ᠭᠤᠷᠪᠠᠨ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/4
    ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ 10 ᠳ᠋ᠤᠭᠠᠷ ᠰᠠᠷ᠎ᠠ ᠶᠢᠨ 20 ᠤ ᠡᠳᠦᠷ ᠲᠦᠷᠦᠭᠦᠦ ᠭᠤᠷᠪᠠᠨ ᠤᠯᠠᠷᠢᠯ ᠤᠨ ᠭᠤᠣᠯᠳᠠᠯᠭ᠎ᠠ  ᠲᠠᠢ ᠠᠵᠢᠯ ᠢ ᠲᠣᠬᠢᠷᠠᠭᠤᠯᠬᠤ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ  ᠬᠤᠷᠢᠶ᠎ᠠ   ᠶᠢᠨ ᠰᠠᠨᠠᠯ︾ ᠪᠣᠯᠣᠨ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠦᠷᠦᠭᠦᠸ ᠭᠤᠷᠪᠠᠨ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ᠂ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠨᠢᠬᠡᠴᠢ ᠶᠢᠨ ᠣᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠪᠠ ᠲᠠᠰ ᠳᠡᠪᠰᠢᠭᠦᠯᠬᠦ ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠰᠣᠨᠣᠰᠴᠤ᠂ ᠲᠠᠷᠠᠭᠠᠴᠢ ᠶᠢᠨ  ᠠᠵᠢᠯ ᠤᠨ ᠠᠷᠭ᠎ᠠ ᠶᠢ ᠰᠤᠳᠤᠯᠵᠤ᠂ ᠠᠵᠠ ᠲᠣᠬᠢᠶᠠᠯ ᠢ ᠠᠮᠵᠢᠨ᠂ ᠲᠡᠷᠢᠭᠦᠨ ᠢ ᠡᠷᠡᠮᠴᠡᠨ ᠰᠢᠯᠢᠳᠡᠭ ᠢ ᠡᠭᠦᠳᠴᠦ᠂ ᠪᠥᠬᠦ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠪᠠ᠃   ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦᠭᠦᠦ ᠭᠤᠷᠪᠠᠨ ᠤᠯᠠᠷᠢᠯ ᠳᠤ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠪᠣᠯᠣᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠪᠠ ᠠᠷᠠᠳ ᠤᠨ ᠶᠠᠪᠤᠳᠠᠯ ᠤᠨ ᠶᠠᠮᠤᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠪᠠ ᠲᠠᠰ ᠳᠡᠪᠰᠢᠭᠦᠯᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠢᠭᠤᠴᠠᠯᠭ᠎ᠠ ᠡᠬᠦᠷᠬᠡᠯᠡᠵᠤ᠂ ᠴᠢᠩᠭ᠎ᠠ ᠠᠳᠬᠤᠨ  ᠰᠢᠭᠤᠷᠬᠠᠢ ᠠᠵᠢᠯᠯᠠᠬᠰᠠᠨ  ᠢᠶᠠᠷ ᠣᠨ ᠤ ᠠᠵᠢᠯ ᠳᠤ ᠠᠬᠢᠯᠳᠠ ᠲᠦᠷᠬᠡᠨ᠂ ᠶᠠᠰᠤ ᠴᠢᠨᠠᠷ ᠦᠷ᠎ᠡ ᠪᠦᠲᠦᠮᠵᠢ ᠵᠡᠷᠬᠡ ᠪᠠᠷ ᠲᠡᠭᠡᠭᠰᠢᠯᠡᠭᠰᠡᠨ ᠢᠳᠡᠪᠬᠢᠲᠡᠢ ᠪᠠᠶᠢᠳᠠᠯ ᠢᠯᠡᠷᠡᠭᠰᠡᠨ ᠪᠠᠶᠢᠨ᠎ᠠ᠃    ᠬᠤᠷᠠᠯ ᠠᠴᠠ ᠱᠠᠭᠠᠷᠳᠠᠬᠰᠠᠨ ᠨᠢ᠂ ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠤᠯᠤᠰ ᠲᠥᠷᠥ ᠶᠢᠨ ᠦᠵᠡᠯ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ︽ᠤᠯᠤᠰ ᠲᠥᠷᠥ ᠶᠢᠨ ᠵᠣᠭᠰᠣᠴᠠ ᠥᠨᠳᠥᠷ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠣᠳᠣᠷᠬᠠᠢ᠂ ᠠᠵᠢᠯ ᠤᠨ ᠠᠶᠢᠵᠠᠮ ᠲᠦᠷᠭᠡᠨ᠂ ᠲᠥᠷᠥ ᠶᠢᠨ ᠪᠣᠳᠣᠯᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠤᠬᠠᠭᠤᠯᠤᠨ ᠳᠠᠶᠢᠴᠢᠯᠠᠬᠤ ᠳᠤ ᠬᠦᠴᠦᠲᠡᠢ ᠪᠠᠶᠢᠬᠤ︾ ᠱᠠᠭᠠᠷᠳᠠᠯᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠦᠨᠡᠨ ᠬᠦ ᠨᠠᠶᠢᠳᠠᠪᠤᠷᠢᠵᠢᠭᠤᠯᠵᠤ᠂ ︽ᠬᠤᠶᠠᠷ ᠢ ᠲᠤᠬᠳᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠤᠳᠠᠳᠠᠢ ᠠᠵᠢᠯᠯᠠᠭ᠎ᠠ ᠪᠠᠷ ᠢᠶᠠᠨ ᠡᠷᠡᠰ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠠᠶᠢᠵᠠᠮ ᠢᠶᠠᠨ ᠲᠦᠷᠭᠡᠳᠬᠡᠵᠦ ᠬᠠᠷᠠᠯᠲᠠ ᠪᠠᠨ ᠪᠠᠲᠤᠯᠠᠬᠤ ᠬᠡᠷᠡᠭᠲᠡᠢ᠃ ᠢᠯᠠᠩᠭᠤᠶ᠎ᠠ ᠭᠤᠣᠯᠳᠠᠯᠭ᠎ᠠ ᠲᠠᠢ ᠦᠨᠡᠯᠡᠬᠦ ᠭᠦᠢᠴᠡᠳᠬᠡᠯ ᠲᠤᠭ᠎ᠠ ᠶᠢᠨ ᠠᠬᠢᠴᠠ ᠤᠳᠠᠭᠠᠨ ᠪᠠᠶᠢᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠬᠦ ᠪᠠ ᠬᠡᠷᠡᠭᠵᠢᠭᠦᠯᠬᠦ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ᠂ ᠠᠵᠢᠯ ᠤᠨ ᠠᠬᠢᠯᠳᠠ᠂ ᠶᠠᠰᠤ ᠴᠢᠨᠠᠷ ᠤᠨ ᠵᠢᠷᠤᠮᠵᠢᠭᠤᠯᠤᠯᠲᠠ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠨᠠᠩ ᠴᠢᠩᠭ᠎ᠠ ᠡᠷᠴᠢᠮ᠂ ᠨᠠᠩ ᠪᠣᠳᠠᠲᠠᠢ ᠠᠷᠭ᠎ᠠ ᠪᠠᠷ ᠡᠯ᠎ᠡ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠶᠠᠰᠤ ᠴᠢᠨᠠᠷ ᠢ ᠳᠡᠭᠡᠭᠰᠢᠯᠡᠭᠦᠯᠵᠦ᠂ ᠲᠡᠰ ᠲᠡᠪᠰᠢᠬᠦ ᠶᠢ ᠪᠠᠲᠤᠯᠠᠬᠤ ᠬᠡᠷᠡᠭᠲᠡᠢ᠃ ︽ᠰᠢᠯᠢᠳᠡᠭ ᠢ ᠪᠠᠲᠤᠯᠠᠵᠤ᠂ ᠳᠡᠰ ᠳᠡᠪᠰᠢᠭᠦᠯᠬᠦ︾ ᠬᠠᠷᠠᠯᠲᠠ ᠲᠡᠬᠡᠷ᠎ᠡ ᠬᠦᠴᠦ ᠪᠠᠨ ᠲᠥᠪᠯᠡᠷᠡᠭᠦᠯᠵᠦ᠂ ᠠᠷᠠᠳ ᠤᠨ ᠶᠠᠪᠤᠳᠠᠯ ᠤᠨ ᠶᠠᠮᠤᠨ ᠤ ᠦᠨᠡᠯᠡᠯᠳᠡ ᠶᠢᠨ ᠭᠦᠢᠴᠡᠳᠬᠡᠯ ᠲᠤᠭ᠎ᠠ ᠲᠠᠢ ᠬᠠᠷᠢᠴᠠᠭᠤᠯᠵᠤ ᠪᠠᠶᠢᠭᠠᠳ ᠬᠢᠯᠠᠰ ᠴᠡᠭ ᠢ ᠠᠳᠬᠤᠵᠤ᠂ ᠦᠷ᠎ᠡ ᠪᠦᠲᠦᠮᠵᠢ ᠣᠯᠵᠤ᠂ ᠨᠡᠶᠢᠲᠡᠯᠢᠭ ᠵᠢᠱᠢᠶ᠎ᠡ᠂ ᠲᠤᠷᠰᠢᠯᠭ᠎ᠠ ᠶᠢ ᠡᠬᠦᠳᠤᠨ ᠭᠠᠷᠭᠠᠵᠤ᠂ ᠡᠯ᠎ᠡ ᠲᠠᠯ᠎ᠠ  ᠶᠢᠨ ᠠᠵᠢᠯ ᠳᠠᠪᠠᠯᠲᠠ ᠲᠠᠢ᠂ ᠰᠢᠪᠲᠤᠯᠤᠯᠲᠠ ᠲᠠᠢ  ᠪᠤᠯᠭᠠᠵᠤ᠂ ᠦᠷ᠎ᠡ ᠪᠦᠲᠦᠭᠡᠯ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠠᠷᠠᠳ ᠤᠨ ᠶᠠᠪᠤᠳᠠᠯ ᠤᠨ ᠦᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃  ᠳᠥᠷᠪᠡ ᠳᠤ᠂ ᠬᠥᠭᠵᠢᠯᠲᠡ ᠶᠢ  ᠵᠣᠬᠢᠴᠠᠩᠭᠤᠢ ᠪᠠᠷ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ ᠳᠡᠭᠡᠳᠦ ᠱᠠᠲᠤᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ   ᠶᠢᠨ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠠᠰᠢᠭ ᠢ ᠰᠠᠶᠢᠲᠤᠷ ᠪᠦᠬᠡᠳ ᠭᠦᠢᠴᠡᠳ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠤᠬᠢᠴᠠᠯᠳᠤᠭ᠎ᠠ ᠬᠠᠮᠵᠢᠯᠴᠠᠭ᠎ᠠ ᠪᠠᠨ ᠤᠯᠠᠮ ᠴᠢᠩᠭᠠᠷᠠᠭᠤᠯᠤᠨ᠂ ᠡᠯ᠎ᠡ ᠡᠭᠦᠷᠭᠡ ᠶᠢ ᠬᠠᠮᠳᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ᠃ ᠲᠠᠪᠤ ᠳᠤ᠂ ᠨᠢᠭᠡᠳᠦᠯᠲᠡᠢ ᠲᠥᠯᠥᠪᠵᠢᠭᠦᠯᠦᠨ ᠪᠠᠲᠤᠯᠠᠭ᠎ᠠ ᠶᠢ ᠴᠢᠩᠭᠠᠳᠬᠠᠬᠤ ᠶᠢ ᠴᠢᠬᠤᠯᠠᠴᠢᠯᠠᠬᠤ ᠬᠡᠷᠡᠭᠲᠡᠢ᠃ ᠲᠤᠰᠠᠯᠠᠮᠵᠢ ᠶᠢᠨ ᠪᠠᠲᠤᠯᠠᠭ᠎ᠠ ᠶᠢᠨ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠡᠷᠭᠡ ᠬᠦᠴᠢᠷᠳᠡᠯᠲᠡᠢ ᠣᠯᠠᠨ ᠲᠦᠮᠡᠨ ᠢ ᠲᠣᠭᠤᠷᠢᠨ ᠪᠠᠶᠢᠴᠠᠭᠠᠵᠤ ᠡᠷᠬᠢᠨ ᠦᠵᠡᠬᠦ ᠠᠵᠢᠯ ᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠵᠦ ᠪᠠᠶᠠᠷ ᠤᠨ ᠡᠳᠦᠷ ᠢᠶᠠᠨ ᠬᠠᠯᠠᠭᠤᠨ ᠲᠤᠯᠠᠭᠠᠬᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠠᠶᠤᠯ ᠦᠬᠡᠢ ᠶᠢᠨ ᠬᠠᠮᠢᠶᠠᠷᠤᠯᠲᠠ ᠪᠣᠯᠣᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠨᠢᠮᠪᠠᠢ ᠰᠠᠶᠢᠲᠤᠷ ᠬᠢᠵᠦ᠂ ᠲᠦᠷᠦᠯ ᠵᠦᠢᠯ ᠤᠨ ᠲᠤᠯᠭᠠᠭᠤᠷᠢᠯᠠᠯ ᠢ ᠴᠢᠨᠠᠭᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠠᠵᠢᠯ ᠢ ᠭᠦᠨᠵᠡᠭᠡᠢ ᠰᠠᠶᠢᠲᠤᠷ ᠬᠢᠵᠦ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ᠂ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠳᠡᠢ᠃ ᠵᠢᠷᠭᠤᠭ᠎ᠠ ᠳᠤ᠂ ᠡᠷᠲᠡ ᠠᠴᠠ  ᠭᠠᠷᠳᠠᠨ ᠠᠷᠭ᠎ᠠ ᠤᠬᠠᠭᠠᠨ ᠰᠦᠪᠡᠭᠴᠢᠯᠡᠬᠦ ᠶᠢ ᠠᠳᠬᠤᠬᠤ ᠬᠡᠷᠡᠭᠲᠡᠢ᠃ ᠥᠪᠥᠷ ᠮᠣᠩᠭᠤᠯ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠪᠣᠯᠣᠨ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ᠂ ᠢᠯᠠᠩᠭᠤᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠱᠠᠭᠠᠷᠳᠠᠯᠭ᠎ᠠ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ 《ᠬᠤᠶᠠᠷ ᠶᠡᠭᠡ ᠶᠠᠪᠤᠳᠠᠯ》 ᠪᠣᠯᠣᠨ ︽ᠰᠢᠨ᠎ᠡ ᠵᠠᠮ ᠢ ᠨᠡᠭᠡᠭᠡᠵᠦ᠂  ᠲᠤᠮᠳᠠ ᠲᠦᠪᠰᠢᠨ ᠳᠤ ᠣᠷᠣᠬᠤ︾ ᠬᠠᠷᠠᠯᠲᠠ ᠲᠡᠬᠡᠷ᠎ᠡ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠵᠦ᠂ 2024 ᠣᠨ ᠤ ᠠᠵᠢᠯ ᠤᠨ ᠰᠡᠳᠬᠢᠴᠡ᠂ ᠡᠭᠦᠷᠭᠡ ᠬᠠᠷᠠᠯᠲᠠ᠂ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠲᠦᠷᠦᠯ ᠵᠦᠢᠯ᠂ ᠴᠢᠬᠤᠯᠠ ᠠᠵᠢᠯᠯᠠᠭ᠎ᠠ ᠶᠢ ᠬᠢᠨᠠᠮᠠᠭᠠᠢ ᠲᠥᠯᠥᠪᠵᠢᠭᠦᠯᠵᠦ᠂ ᠦᠨᠤ ᠵᠢᠯ ᠤᠨ ᠠᠵᠢᠯ ᠢᠶᠠᠨ ᠲᠡᠭᠦᠰ ᠠᠮᠵᠢᠯᠲᠠ ᠲᠠᠢ ᠲᠡᠭᠦᠰᠬᠡᠵᠦ᠂   ᠳᠠᠷᠠᠭ᠎ᠠ ᠵᠢᠯ ᠤᠨ ᠠᠵᠢᠯ ᠢᠶᠠᠨ ᠭᠤᠶᠢᠳᠠ ᠰᠠᠶᠢᠬᠠᠨ ᠡᠬᠢᠯᠡᠭᠦᠯᠬᠦ  ᠬᠡᠷᠡᠭᠳᠡᠢ᠃ 
 
ᠢᠷᠡᠯᠲᠡ᠄ ᠦᠪᠦᠷ ᠮᠣᠩᠭᠤᠯ ᠤᠨ ︽ᠨᠡᠶᠢᠭᠡᠮ ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号