ᠨᠢᠬᠡ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ᠳᠤ ᠵᠠᠰᠠᠪᠤᠷᠢ ᠤᠷᠤᠭᠤᠯᠤᠬᠰᠠᠨ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ
ᠨᠡᠶᠢᠲᠡᠯᠡᠭᠰᠡᠨ ᠴᠠᠭ᠄
2024/1/5
    ︵2023 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠯᠤᠳᠤᠭᠠᠷ ᠬᠤᠷᠠᠯᠳᠤᠭᠠᠨ ᠢᠶᠠᠷ ᠪᠠᠳᠤᠯᠠᠪᠠ︶    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯᠳᠤᠭᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ᠳᠤ ᠲᠠᠷᠠᠭᠠᠬᠢ ᠮᠡᠲᠦ ᠵᠠᠰᠠᠪᠤᠷᠢ ᠤᠷᠤᠭᠤᠯᠬᠤ ᠪᠠᠷ ᠰᠢᠢᠳᠪᠡ᠃    ᠨᠢᠭᠡ᠂ ᠳᠥᠷᠪᠡᠳᠦᠭᠡᠷ ᠵᠦᠢᠯ ᠳᠤ ᠨᠢᠭᠡ ᠪᠠᠳᠠᠭ ᠨᠡᠮᠡᠭᠡᠳ ᠨᠢᠭᠡᠳᠦᠭᠡᠷ ᠪᠠᠳᠠᠭ ᠪᠣᠯᠭᠠᠪᠠ᠄ ︽ᠨᠢᠭᠦᠯᠡᠰᠦᠩᠭᠦᠢ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃     ᠬᠤᠶᠠᠷ᠂ ᠵᠢᠷᠭᠤᠳᠤᠭᠠᠷ ᠵᠦᠢᠯ ᠢ᠄ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠵᠦ᠂ ᠵᠣᠬᠢᠴᠠᠭᠤᠯᠵᠤ᠂  ᠱᠠᠯᠠᠪᠳᠠᠭᠤᠯᠤᠨ ᠵᠢᠯᠤᠭᠤᠳᠴᠤ ᠪᠠᠶᠢᠭᠠᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠨᠢᠭᠦᠯᠡᠰᠦᠩᠭᠦᠢ ᠶᠢᠨ ᠦᠢᠯᠡᠰ ᠢ ᠲᠡᠳᠬᠦᠨ ᠬᠥᠭᠵᠢᠭᠦᠯᠬᠦ ᠪᠠ ᠵᠢᠷᠤᠮᠵᠢᠭᠤᠯᠤᠨ ᠬᠠᠮᠢᠶᠠᠷᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ︾ ᠭᠡᠵᠤ ᠵᠠᠰᠠᠯ᠎ᠠ᠃   ︽ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠨᠢᠭᠦᠯᠡᠰᠦᠩᠭᠦᠢ ᠶᠢᠨ ᠠᠵᠢᠯ ᠢ ᠡᠷᠬᠢᠯᠡᠨ ᠬᠠᠮᠢᠶᠠᠷᠴᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠤᠨ ᠬᠢᠨ ᠲᠤᠰ ᠵᠠᠰᠠᠭ ᠵᠠᠬᠢᠷᠭᠠᠨ ᠤ ᠤᠷᠤᠨ ᠤ ᠨᠢᠬᠦᠯᠡᠰᠤᠩᠬᠦᠢ ᠶᠢᠨ ᠠᠵᠢᠯ ᠢ ᠬᠠᠮᠢᠶᠠᠷᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠬᠠᠤᠯᠢ ᠪᠠ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠨᠢᠭᠦᠯᠡᠰᠦᠩᠭᠦᠢ ᠶᠢᠨ ᠠᠵᠢᠯᠯᠠᠭ᠎ᠠ ᠳᠤ ᠲᠠᠯᠪᠢᠬᠤ ᠬᠢᠨᠠᠯᠲᠠ᠂ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠨ᠎ᠠ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠲᠠᠢ ᠪᠤᠯ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠨᠢ ᠵᠢᠭᠠᠨ ᠵᠢᠯᠤᠭᠤᠳᠴᠤ ᠂ ᠬᠢᠨᠠᠯᠲᠠ ᠲᠠᠯᠪᠢᠬᠤ ᠬᠡᠷᠡᠭᠲᠡᠢ᠃︾      ᠭᠤᠷᠪᠠ᠂ ᠠᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠢ᠄ ︽ᠨᠢᠭᠡᠨᠲᠡ ᠪᠠᠶᠢᠭᠤᠯᠤᠭᠰᠠᠨ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠠᠰᠢᠭ ᠬᠤᠨᠵᠢᠪᠤᠷᠢ ᠶᠢᠨ ᠪᠤᠰᠤ  ᠵᠣᠬᠢᠶᠠᠨ ᠪᠠᠶᠢᠭᠤᠯᠤᠯᠲᠠ ᠨᠢ  ᠲᠠᠩᠰᠠᠯᠠᠭᠤᠯᠤᠬᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠᠷ ᠲᠠᠩᠰᠠᠯᠠᠭᠤᠯᠬᠤ ᠪᠠᠷ ᠭᠤᠶᠤᠴᠢᠯᠠᠵᠤ ᠪᠣᠯᠣᠨ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠬᠤᠷᠢ ᠬᠤᠨᠤᠭ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠢ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠪᠡᠯ ᠭᠤᠶᠤᠴᠢᠯᠠᠯ ᠢ ᠵᠦᠪᠰᠢᠶᠡᠷᠡᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ᠎ᠠ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠬᠦ ᠦᠭᠡᠢ ᠪᠤᠯ ᠵᠦᠪᠰᠢᠶᠡᠷᠡᠬᠦ ᠦᠭᠡᠢ ᠪᠥᠭᠡᠳ ᠵᠦᠪᠰᠢᠶᠡᠷᠡᠬᠦ ᠦᠬᠡᠢ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠨ᠎ᠠ︾ ᠭᠡᠵᠦ ᠵᠠᠰᠠᠪᠠ᠃   ᠳᠥᠷᠪᠡ᠂ ᠠᠷᠪᠠᠨ ᠭᠤᠷᠪᠠᠳᠤᠭᠠᠷ ᠵᠦᠢᠯ ᠢ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠯ ᠪᠦᠷᠢ  ᠲᠠᠩᠰᠠᠯᠠᠭᠤᠯᠤᠬᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠣᠨ ᠤ ᠠᠵᠢᠯ ᠤᠨ ᠮᠡᠳᠡᠭᠦᠯᠦᠯᠲᠡ ᠪᠠ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠦᠯᠦᠯᠲᠡ ᠪᠠᠨ ᠬᠦᠷᠭᠡᠬᠦ ᠬᠡᠷᠡᠭᠲᠡᠢ᠃ ᠮᠡᠳᠡᠭᠦᠯᠦᠯᠲᠡ ᠳᠤ ᠣᠨ ᠤ ᠬᠠᠨᠳᠢᠪ ᠴᠤᠭᠯᠠᠭᠤᠯᠤᠭᠰᠠᠨ ᠪᠠ ᠬᠠᠨᠳᠢᠪ ᠢ ᠬᠦᠯᠢᠶᠡᠨ ᠠᠪᠤᠭᠰᠠᠨ᠂ ᠨᠢᠭᠦᠯᠡᠰᠦᠩᠭᠦᠢ ᠶᠢᠨ ᠡᠳ᠋ ᠬᠥᠷᠥᠩᠭᠡ ᠶᠢ ᠬᠠᠮᠢᠶᠠᠷᠴᠤ ᠬᠡᠷᠡᠭᠯᠡᠭᠰᠡᠨ᠂ ᠨᠢᠭᠦᠯᠡᠰᠦᠩᠭᠦᠢ ᠶᠢᠨ ᠵᠦᠢᠯᠡᠰ ᠢ ᠬᠡᠷᠡᠭᠵᠢᠭᠦᠯᠦᠭᠰᠡᠨ᠂ ᠬᠠᠨᠳᠢᠪ ᠴᠤᠭᠯᠠᠭᠤᠯᠤᠭᠰᠠᠨ ᠥᠪᠡᠷ ᠤᠨ ᠦᠷᠳᠡᠭ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠤ ᠴᠠᠯᠢᠩ ᠠᠰᠠᠷᠠᠮᠵᠢ ᠪᠠ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠲᠠᠢ ᠬᠠᠮᠲᠤᠷᠠᠯᠴᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠪᠠᠭᠲᠠᠭᠠᠬᠤ ᠬᠡᠷᠡᠭᠲᠡᠢ︾ ᠭᠡᠵᠦ ᠵᠠᠰᠠᠪᠠ᠃    ᠲᠠᠪᠤ᠂ ᠬᠤᠷᠢᠨ ᠬᠤᠶᠠᠳᠤᠭᠠᠷ ᠵᠦᠢᠯ ᠢ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠢᠯᠡ ᠪᠠᠷ ᠬᠠᠨᠳᠢᠪ ᠴᠤᠭᠯᠠᠭᠤᠯᠬᠤ ᠳᠤ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠣᠯᠣᠭᠰᠠᠨ ᠪᠠᠶᠢᠬᠤ ᠬᠡᠷᠡᠭᠲᠡᠢ᠃ ᠬᠠᠤᠯᠢ ᠶᠣᠰᠣᠭᠠᠷ ᠳᠠᠩᠰᠠᠯᠠᠭᠤᠯᠤᠭᠠᠳ ᠪᠦᠬᠦᠯᠢ ᠨᠢᠭᠡ ᠵᠢᠯ ᠪᠣᠯᠤᠭᠰᠠᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠢ ᠲᠠᠩᠰᠠᠯᠠᠭᠤᠯᠤᠬᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠵᠤ ᠪᠣᠯᠣᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠬᠤᠷᠢ ᠬᠤᠨᠤᠭ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠢ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠢ ᠳᠣᠲᠣᠭᠠᠳᠤ ᠶᠢᠨ ᠵᠠᠰᠠᠯᠲᠠ ᠶᠢᠨ ᠪᠦᠲᠦᠴᠡ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠵᠢᠷᠤᠮᠵᠢᠭᠰᠠᠨ ᠨᠥᠬᠦᠴᠡᠯ ᠳᠤ ᠨᠡᠶᠢᠴᠡᠪᠡᠯ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠤᠨ ᠦᠨᠡᠮᠯᠡᠯ ᠣᠯᠭᠤᠨ᠎ᠠ᠃ ᠨᠥᠬᠦᠴᠡᠯ ᠳᠤ ᠨᠡᠶᠢᠴᠡᠬᠦ ᠦᠭᠡᠢ ᠪᠤᠯ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠤᠨ ᠦᠨᠡᠮᠯᠡᠯ ᠣᠯᠭᠤᠬᠤ ᠦᠭᠡᠢ ᠪᠥᠭᠡᠳ ᠤᠯᠭᠤᠬᠤ ᠦᠬᠡᠢ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠬᠤ ᠦᠭᠡᠢ︾ ᠭᠡᠵᠤ ᠵᠠᠰᠠᠪᠠ᠃   ︽ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠢᠯᠡ ᠪᠠᠷ ᠬᠠᠨᠳᠢᠪ ᠴᠤᠭᠯᠠᠭᠤᠯᠵᠤ ᠪᠣᠯᠣᠨ᠎ᠠ ᠭᠡᠵᠦ ᠲᠣᠭᠲᠠᠭᠠᠭᠰᠠᠨ ᠠᠰᠢᠭ ᠬᠤᠨᠵᠢᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠤᠨ ᠦᠨᠡᠮᠯᠡᠯ ᠢ ᠰᠢᠭᠤᠳ ᠣᠯᠭᠤᠨ᠎ᠠ᠃︾   ᠵᠢᠷᠭᠤᠭ᠎ᠠ᠂ ᠬᠤᠷᠢᠨ ᠵᠢᠷᠭᠤᠳᠤᠭᠠᠷ ᠵᠦᠢᠯ ᠢ᠄ ︽ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠦᠭᠡᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠨᠢᠭᠦᠯᠡᠰᠦᠩᠭᠦᠢ ᠶᠢᠨ ᠵᠣᠷᠢᠯᠭ᠎ᠠ ᠪᠠᠷ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠠᠵᠢᠯᠯᠠᠵᠤ ᠪᠣᠯᠣᠨ᠎ᠠ᠂ ᠬᠢᠷᠢ ᠬᠡᠮ ᠲᠠᠢ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠢ ᠢᠯᠡ ᠪᠠᠷ ᠬᠠᠨᠳᠢᠪ ᠴᠤᠭᠯᠠᠭᠤᠯᠤᠨ᠎ᠠ ᠂ ᠬᠠᠷᠢᠨ ᠬᠠᠮᠳᠤᠷᠠᠬᠴᠢ ᠨᠢ ᠶᠠᠮᠠᠷᠪᠠ ᠬᠡᠯᠪᠡᠷᠢ ᠪᠠᠷ ᠥᠪᠡᠰᠦᠪᠡᠨ ᠢᠯᠡ ᠪᠠᠷ ᠬᠠᠨᠳᠢᠪ ᠴᠤᠭᠯᠠᠭᠤᠯᠵᠤ ᠪᠣᠯᠬᠤ ᠦᠭᠡᠢ᠃ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠢ ᠬᠠᠮᠳᠤᠷᠠᠬᠴᠢ ᠶᠢ ᠦᠨᠡᠯᠡᠵᠤ᠂ ᠬᠠᠤᠯᠢ ᠶᠣᠰᠣᠭᠠᠷ ᠪᠢᠴᠢᠭ ᠤᠨ ᠬᠡᠯᠡᠯᠴᠡᠭᠡᠷ ᠲᠣᠭᠲᠠᠭᠠᠵᠤ᠂ ᠬᠠᠨᠳᠢᠪ ᠴᠤᠭᠯᠠᠭᠤᠯᠬᠤ ᠲᠥᠰᠥᠯ ᠳᠤ ᠪᠠᠨ ᠬᠠᠮᠳᠤᠷᠠᠬᠴᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠣᠳᠣᠷᠬᠠᠢ ᠲᠡᠮᠳᠡᠭᠯᠡᠬᠦ ᠶᠢᠨ ᠬᠠᠮᠲᠤ ᠬᠤᠯᠪᠣᠭᠳᠠᠯ ᠪᠦᠬᠦᠢ ᠦᠢᠯᠡ ᠠᠵᠢᠯᠯᠠᠭ᠎ᠠ ᠶᠢ ᠨᠢ ᠵᠢᠯᠤᠭᠤᠳᠬᠤ ᠪᠠ ᠬᠢᠨᠠᠯᠲᠠ ᠲᠠᠯᠪᠢᠬᠤ ᠬᠡᠷᠡᠭᠲᠡᠢ︾ ᠭᠡᠵᠤ ᠵᠠᠰᠠᠪᠠ᠃   ︽ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠬᠤᠷᠰᠢᠨ ᠴᠤᠭᠯᠠᠭᠤᠯᠵᠤ ᠣᠯᠣᠭᠰᠠᠨ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ ᠪᠠ ᠨᠢᠭᠲᠠᠯᠠᠨ ᠪᠤᠳᠤᠬᠤ ᠲᠣᠭᠠᠴᠠᠭ᠎ᠠ ᠬᠢᠬᠦ ᠠᠵᠢᠯ ᠢ ᠬᠠᠷᠢᠭᠤᠴᠠᠵᠤ᠂ ᠪᠦᠬᠦ ᠣᠷᠣᠯᠭ᠎ᠠ ᠵᠠᠷᠤᠯᠭ᠎ᠠ ᠶᠢ ᠲᠠᠩᠰᠠᠨ ᠳᠤ ᠪᠠᠨ ᠣᠷᠣᠭᠤᠯᠤᠨ᠎ᠠ᠃︾    ᠲᠤᠯᠤᠭ᠎ᠠ᠂ ᠬᠤᠷᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠪᠠᠳᠠᠭ ᠢ ᠬᠤᠷᠢᠨ ᠳᠣᠯᠣᠳᠤᠭᠠᠷ ᠵᠦᠢᠯ ᠪᠣᠯᠭᠠᠭᠠᠳ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠢᠯᠡ ᠪᠠᠷ ᠬᠠᠨᠳᠢᠪ ᠴᠤᠬᠯᠠᠭᠤᠯᠪᠠᠯ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ  ᠬᠢᠨ ᠤ ᠲᠣᠭᠲᠠᠭᠠᠭᠰᠠᠨ ᠢᠨᠲ᠋ᠧᠷ ᠰᠦᠯᠵᠢᠶᠡᠨ ᠤ ᠢᠯᠡ ᠪᠠᠷ ᠬᠠᠨᠳᠢᠪ ᠴᠤᠭᠯᠠᠭᠤᠯᠬᠤ ᠦᠢᠯᠡᠴᠢᠯᠡᠭᠡᠨ ᠤ ᠲᠠᠪᠴᠠᠩ ᠳᠤ ᠶᠠᠪᠤᠭᠳᠠᠭᠤᠯᠬᠤ ᠬᠡᠷᠡᠭᠲᠡᠢ ᠪᠥᠭᠡᠳ ᠦᠪᠡᠷ ᠤᠨ ᠰᠦᠯᠵᠢᠶᠡᠨ ᠤ ᠦᠷᠳᠡᠭᠡ ᠳᠤ ᠵᠡᠷᠬᠡ ᠪᠠᠷ ᠶᠠᠪᠤᠬᠳᠠᠭᠤᠯᠵᠤ ᠪᠤᠯᠤᠨ᠎ᠠ︾ ᠭᠡᠵᠤ ᠵᠠᠰᠠᠪᠠ᠃    ︽ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤ ᠲᠣᠭᠲᠠᠭᠠᠭᠰᠠᠨ ᠢᠨᠲ᠋ᠧᠷ ᠰᠦᠯᠵᠢᠶᠡᠨ ᠤ ᠢᠯᠡ ᠪᠠᠷ ᠬᠠᠨᠳᠢᠪ ᠴᠤᠭᠯᠠᠭᠤᠯᠬᠤ ᠦᠢᠯᠡᠴᠢᠯᠡᠭᠡᠨ ᠤ ᠲᠠᠪᠴᠠᠩ ᠨᠢ ᠢᠯᠡ ᠪᠠᠷ ᠬᠠᠨᠳᠢᠪ ᠴᠤᠭᠯᠠᠭᠤᠯᠬᠤ ᠮᠡᠳᠡᠭᠡ ᠵᠠᠩᠭᠢ ᠶᠢ ᠢᠯᠡᠵᠢᠬᠦᠯᠬᠦ᠂ ᠬᠠᠨᠳᠢᠪᠯᠠᠬᠰᠠᠨ ᠵᠣᠭᠤᠰ ᠮᠦᠡᠭᠭᠦ᠂ ᠬᠠᠨᠳᠢᠪᠯᠠᠬᠰᠠᠨ ᠡᠳ᠋ ᠬᠥᠷᠥᠩᠭᠡ ᠶᠢ ᠬᠡᠷᠡᠭᠯᠡᠭᠰᠡᠨ ᠪᠠᠶᠢᠳᠠᠯ ᠢ ᠯᠠᠪᠯᠠᠬᠤ ᠵᠡᠷᠭᠡ ᠦᠢᠯᠡᠴᠢᠯᠡᠭᠡ ᠬᠠᠩᠭᠠᠨ᠎ᠠ᠃ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠦᠢᠯᠡᠴᠢᠯᠡᠭᠡ ᠬᠠᠩᠭᠠᠬᠤ ᠶᠢ ᠲᠡᠪᠴᠢᠵᠦ ᠪᠣᠯᠬᠤ ᠦᠭᠡᠢ᠂ ᠲᠡᠳᠡᠨ ᠠᠴᠠ ᠰᠦᠢᠳᠬᠡᠯ ᠬᠤᠷᠢᠶᠠᠵᠤ ᠪᠣᠯᠬᠤ ᠦᠭᠡᠢ᠂ ᠢᠯᠡ ᠪᠠᠷ ᠬᠠᠨᠳᠢᠪ ᠴᠤᠭᠯᠠᠭᠤᠯᠤᠭᠰᠠᠨ ᠮᠡᠳᠡᠭᠡ ᠵᠠᠩᠭᠢ ᠶᠢᠨ ᠬᠠᠭᠤᠳᠠᠰᠤᠨ ᠳᠤ ᠬᠤᠳᠠᠯᠳᠤᠭᠠᠨ ᠤ ᠵᠠᠷ ᠪᠠ ᠬᠤᠳᠠᠯᠳᠤᠭᠠᠨ ᠤ ᠠᠵᠢᠯᠯᠠᠭ᠎ᠠ ᠶᠢᠨ ᠬᠤᠯᠪᠤᠭᠠᠰᠤ ᠶᠢ ᠬᠠᠪᠴᠢᠭᠤᠯᠵᠤ   ᠪᠣᠯᠬᠤ ᠦᠭᠡᠢ᠃︾    ᠨᠠᠢᠮᠠ᠂ ᠨᠢᠭᠡ ᠵᠦᠢᠯ ᠨᠡᠮᠡᠭᠡᠳ ᠳᠥᠴᠢᠨ ᠵᠢᠷᠭᠤᠳᠤᠭᠠᠷ ᠵᠦᠢᠯ ᠪᠣᠯᠭᠠᠪᠠ᠄ ︽ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠭᠴᠢ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠢᠶᠠᠨ ᠠᠰᠢᠭ ᠬᠦᠷᠳᠡᠭᠴᠢ ᠪᠠᠷ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠵᠤ ᠪᠣᠯᠬᠤ ᠦᠭᠡᠢ᠃︾   ︽ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠭᠴᠢ ᠨᠢ ᠠᠰᠢᠭ ᠬᠦᠷᠳᠡᠭᠴᠢ ᠶᠢ  ᠪᠠᠨ ᠲᠣᠭᠲᠠᠭᠠᠬᠤ ᠳᠤ ᠪᠠᠨ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠠᠷᠴᠢᠮ ᠢ ᠪᠠᠷᠢᠮᠲᠠᠯᠠᠬᠤ ᠬᠡᠷᠡᠭᠲᠡᠢ᠂ ᠨᠠᠶᠢᠳᠠᠯᠭ᠎ᠠ ᠬᠦᠯᠢᠶᠡᠭᠴᠢ ᠪᠠ ᠠᠵᠢᠯᠲᠠᠨ ᠲᠠᠢ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠢ ᠠᠰᠢᠭ ᠬᠦᠷᠳᠡᠭᠴᠢ ᠪᠠᠷ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠵᠤ ᠪᠣᠯᠬᠤ ᠦᠭᠡᠢ᠃︾    ᠶᠢᠰᠦ᠂ ᠵᠢᠷᠠᠳᠤᠭᠠᠷ ᠵᠦᠢᠯ ᠢ ᠵᠢᠷᠠᠨ ᠨᠢᠭᠡᠳᠦᠭᠡᠷ ᠵᠦᠢᠯ ᠪᠣᠯᠭᠠᠭᠠᠳ᠄ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠬᠢᠨ ᠨᠢᠭᠦᠯᠡᠰᠦᠩᠭᠦᠢ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠮᠢᠶᠠᠷᠤᠯᠲᠠ ᠶᠢᠨ ᠵᠠᠷᠤᠳᠠᠯ᠂ ᠬᠠᠨᠳᠢᠪ ᠴᠤᠭᠯᠠᠭᠤᠯᠬᠤ ᠥᠪᠡᠷ ᠤᠨ ᠦᠷᠳᠡᠭ ᠵᠡᠷᠭᠡ ᠬᠠᠮᠤᠭ ᠤᠨ ᠴᠢᠬᠤᠯᠠ ᠪᠦᠬᠦᠢ ᠵᠠᠷᠴᠢᠮ ᠢ ᠵᠢᠷᠤᠮᠯᠠᠨ᠂ ᠠᠯᠢ ᠴᠢᠳᠠᠬᠤ ᠪᠠᠷ ᠠᠷᠪᠢᠯᠠᠨ ᠭᠠᠮᠨᠠᠵᠤ᠂ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠂ ᠨᠢᠭᠦᠯᠡᠰᠦᠩᠭᠦᠢ ᠶᠢᠨ ᠡᠳ᠋ ᠬᠥᠷᠥᠩᠭᠡ ᠶᠢ ᠭᠦᠢᠴᠡᠳ ᠪᠥᠭᠡᠳ ᠪᠦᠲᠦᠮᠵᠢᠲᠡᠶ ᠪᠠᠷ ᠬᠡᠷᠡᠭᠯᠡᠬᠦ ᠬᠡᠷᠡᠭᠲᠡᠢ᠃ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠪᠦᠬᠦᠢ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠤ ᠨᠢᠭᠦᠯᠡᠰᠦᠩᠭᠦᠢ ᠶᠢᠨ ᠠᠵᠢᠯᠯᠠᠭ᠎ᠠ ᠥᠷᠨᠢᠭᠦᠯᠬᠦ ᠣᠨ ᠤ ᠵᠠᠷᠤᠯᠭ᠎ᠠ ᠨᠢ ᠲᠦᠷᠦᠭᠦᠦ ᠨᠢᠭᠡ ᠵᠢᠯ ᠤᠨ ᠪᠦᠬᠦ ᠣᠷᠣᠯᠭ᠎ᠠ ᠶᠢᠨ ᠵᠠᠭᠤᠨ ᠤ ᠳᠠᠯᠠ ᠪᠤᠶᠤ ᠲᠦᠷᠦᠭᠦᠦ ᠭᠤᠷᠪᠠᠨ ᠵᠢᠯ ᠤᠨ ᠣᠷᠣᠯᠭ᠎ᠠ ᠶᠢᠨ ᠳᠤᠮᠳᠠᠴᠢ ᠲᠣᠭᠠᠨ ᠤ ᠵᠠᠭᠤᠨ ᠤ ᠳᠠᠯᠠ ᠠᠴᠠ  ᠪᠠᠭ᠎ᠠ ᠪᠠᠶᠢᠵᠤ ᠪᠣᠯᠬᠤ ᠦᠭᠡᠢ᠃ ᠣᠨ ᠤ ᠬᠠᠮᠢᠶᠠᠷᠤᠯᠲᠠ ᠶᠢᠨ ᠵᠠᠷᠤᠳᠠᠯ ᠢ ᠲᠤᠰ ᠵᠢᠯ ᠤᠨ ᠪᠦᠬᠦ ᠵᠠᠷᠤᠯᠭ᠎ᠠ ᠶᠢᠨ ᠵᠠᠭᠤᠨ ᠤ ᠠᠷᠪᠠ ᠠᠴᠠ ᠬᠡᠲᠦᠷᠡᠭᠦᠯᠵᠦ ᠪᠣᠯᠬᠤ ᠦᠬᠡᠢ᠂ ᠣᠨᠴᠠᠭᠠᠶ ᠪᠠᠶᠢᠳᠠᠯ ᠳᠤ ᠣᠨ ᠤ ᠵᠠᠷᠤᠯᠭ᠎ᠠ ᠪᠠ ᠬᠠᠮᠢᠶᠠᠷᠤᠯᠲᠠ ᠶᠢᠨ ᠵᠠᠷᠤᠳᠠᠯ ᠨᠢ ᠡᠮᠦᠨ᠎ᠡ ᠳᠤᠷᠠᠳᠤᠭᠰᠠᠨ ᠲᠣᠭᠲᠠᠭᠠᠯ ᠳᠤ ᠨᠡᠶᠢᠴᠡᠬᠦ ᠳᠤ ᠪᠡᠷᠬᠡᠲᠡᠢ ᠪᠤᠯ ᠳᠠᠩᠰᠠᠯᠠᠭᠤᠯᠤᠭᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠪᠠᠨ ᠮᠡᠳᠡᠭᠦᠯᠬᠦ ᠶᠢᠨ ᠬᠠᠮᠲᠤ ᠪᠠᠶᠢᠳᠠᠯ ᠢᠶᠠᠨ ᠨᠡᠶᠢᠭᠡᠮ ᠨᠡᠶᠢᠳᠡ ᠳᠤ ᠢᠯᠡ ᠪᠠᠷ ᠲᠣᠳᠣᠷᠬᠠᠶᠢᠯᠠᠬᠤ ᠬᠡᠷᠡᠭᠲᠡᠢ︾ ᠭᠡᠵᠤ ᠵᠠᠰᠠᠯ᠎ᠠ᠃      ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠨᠢᠭᠦᠯᠡᠰᠦᠩᠭᠦᠢ ᠶᠢᠨ ᠠᠵᠢᠯᠯᠠᠭ᠎ᠠ ᠥᠷᠨᠢᠭᠦᠯᠬᠦ ᠣᠨ ᠤ ᠵᠠᠷᠤᠯᠭ᠎ᠠ᠂ ᠬᠠᠮᠢᠶᠠᠷᠤᠯᠲᠠ ᠶᠢᠨ ᠵᠠᠷᠤᠳᠠᠯ ᠪᠠ ᠬᠠᠨᠳᠢᠪ ᠴᠤᠭᠯᠠᠭᠤᠯᠬᠤ ᠥᠪᠡᠷ ᠤᠨ ᠦᠷᠳᠡᠭ ᠤᠨ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ  ᠬᠤᠷᠢᠶ᠎ᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠲᠣᠭᠲᠠᠭᠠᠨ᠎ᠠ᠃︾      ︽ᠬᠠᠨᠳᠢᠪᠯᠠᠬᠤ ᠬᠡᠯᠡᠯᠴᠡᠭᠡᠷ ᠲᠤ ᠭᠠᠭᠴᠨ ᠲᠦᠷᠤᠯ ᠤᠨ ᠡᠳ᠋ ᠬᠥᠷᠥᠩᠭᠡ ᠶᠢ ᠬᠠᠨᠳᠢᠪᠯᠠᠬᠤ ᠨᠢᠬᠦᠯᠡᠰᠤᠩᠭᠦᠢ  ᠶᠢᠨ ᠠᠵᠢᠯᠯᠠᠭ᠎ᠠ ᠶᠢᠨ ᠵᠠᠷᠤᠯᠭ᠎ᠠ ᠪᠠ ᠬᠠᠮᠢᠶᠠᠷᠤᠯᠲᠠ ᠶᠢᠨ ᠵᠠᠷᠤᠳᠠᠯ ᠤᠨ ᠲᠤᠬᠠᠢ ᠪᠤᠯᠵᠤᠬᠰᠠᠨ ᠪᠤᠯ ᠪᠤᠯᠵᠤᠭ᠎ᠠ ᠶᠣᠰᠣᠭᠠᠷ ᠭᠦᠢᠴᠡᠳᠬᠡᠨ᠎ᠡ᠃︾    ︽ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠣᠨ ᠤ ᠵᠠᠷᠤᠯᠭ᠎ᠠ ᠪᠠ ᠬᠠᠮᠢᠶᠠᠷᠤᠯᠲᠠ ᠶᠢᠨ ᠵᠠᠷᠤᠳᠠᠯ ᠤᠨ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠤᠨ ᠬᠢᠨ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠲᠣᠭᠲᠠᠭᠠᠨ᠎ᠠ᠃︾    ᠠᠷᠪᠠ᠂ ᠳᠣᠯᠣᠳᠤᠭᠠᠷ ᠪᠦᠯᠦᠭ ᠤᠨ ᠠᠷᠤ ᠳᠤ ︽ᠪᠠᠴᠢᠮ ᠢ ᠠᠷᠭᠠᠴᠠᠭᠠᠬᠤ ᠨᠢᠭᠦᠯᠡᠰᠦᠩᠭᠦᠢ︾ ᠬᠡᠮᠡᠬᠦ ᠪᠦᠯᠦᠭ ᠨᠡᠮᠡᠬᠡᠳ ᠨᠠᠢᠮᠠᠳᠤᠭᠠᠷ ᠪᠦᠯᠦᠭ ᠪᠣᠯᠭᠠᠪᠠ᠃ ᠭᠤᠴᠢᠳᠤᠭᠠᠷ ᠵᠦᠢᠯ ᠳᠤ ᠵᠠᠰᠠᠪᠤᠷᠢ ᠣᠷᠣᠭᠤᠯᠤᠭᠠᠳ ᠳᠠᠯᠠᠳᠤᠭᠠᠷ ᠵᠦᠢᠯ ᠪᠣᠯᠭᠠᠪᠠ᠃ ᠲᠦᠷᠪᠡᠨ ᠵᠦᠢᠯ ᠨᠡᠮᠡᠭᠡᠳ ᠲᠡᠯᠡᠠ ᠨᠢᠬᠡ ᠠᠴᠠ ᠲᠡᠯᠡᠠ ᠳᠥᠷᠪᠡᠳᠦᠭᠡᠷ ᠵᠦᠢᠯ ᠪᠣᠯᠭᠠᠪᠠ᠃ ᠠᠭᠤᠯᠭ᠎ᠠ ᠨᠢ ᠲᠠᠷᠠᠭᠠᠬᠢ ᠮᠡᠲᠦ᠄       ᠨᠠᠢᠮᠠᠳᠤᠭᠠᠷ ᠪᠦᠯᠦᠭ᠂ ᠪᠠᠴᠢᠮ ᠢ ᠠᠷᠭᠠᠴᠠᠭᠠᠬᠤ ᠨᠢᠭᠦᠯᠡᠰᠦᠩᠭᠦᠢ     ᠳᠠᠯᠠᠳᠤᠭᠠᠷ ᠵᠦᠢᠯ᠄ ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠦᠭᠡᠳ ᠦᠳᠲᠡᠷ ᠠᠪᠤᠷᠠᠨ ᠲᠤᠰᠠᠯᠠᠬᠤ ᠴᠢᠬᠤᠯᠠᠲᠠᠢ ᠦᠶ᠎ᠡ ᠳᠤ ᠨᠢᠭᠡᠳᠦᠯᠲᠡᠢ ᠤᠳᠤᠷᠢᠳᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠪᠤᠶᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ  ᠤ ᠬᠢᠨ ᠵᠣᠬᠢᠴᠠᠭᠤᠯᠬᠤ ᠲᠣᠭᠲᠠᠴᠠ ᠶᠢ ᠬᠠᠤᠯᠢ ᠶᠣᠰᠣᠭᠠᠷ ᠪᠠᠶᠢᠭᠤᠯᠵᠤ᠂ ᠲᠤᠰᠬᠠᠢ ᠪᠠᠶᠢᠭᠤᠯᠤᠮᠵᠢ᠂ ᠠᠵᠢᠯᠲᠠᠨ ᠢ ᠲᠣᠳᠣᠷᠬᠠᠶᠢᠯᠠᠵᠤ᠂ ᠬᠡᠷᠡᠭᠴᠡᠭᠡᠨ ᠤ ᠮᠡᠳᠡᠭᠡ ᠵᠠᠩᠭᠢ ᠶᠢ  ᠬᠠᠨᠭ᠍ᠭᠠᠨ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠰᠠᠶᠢᠨ ᠲᠤᠷᠠᠴᠤᠤᠯ ᠵᠡᠷᠭᠡ ᠨᠡᠶᠢᠭᠡᠮ ᠤᠨ ᠬᠦᠴᠦᠨ ᠢ ᠴᠠᠭ ᠲᠤᠬᠠᠢ  ᠳᠤ ᠨᠢ ᠡᠮᠬᠢ ᠵᠢᠷᠤᠮ ᠲᠠᠢ ᠵᠢᠯᠤᠭᠤᠳᠴᠤ ᠪᠠᠶᠢᠭᠠᠳ ᠬᠠᠨᠳᠢᠪ ᠴᠤᠭᠯᠠᠭᠤᠯᠬᠤ ᠪᠠ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ ᠬᠡᠷᠡᠭᠲᠡᠢ᠃    ᠲᠠᠯᠠᠨ ᠨᠢᠭᠡᠳᠦᠭᠡᠷ ᠵᠦᠢᠯ᠄ ᠤᠯᠤᠰ ᠠᠴᠠ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠪᠠᠴᠢᠮ ᠢ ᠠᠷᠭᠠᠴᠠᠭᠠᠬᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠤᠪᠢᠶᠠᠯᠴᠠᠬᠤ᠂ ᠵᠥᠪᠳᠡᠯᠴᠡᠨ ᠬᠠᠮᠲᠤᠷᠠᠯᠴᠠᠬᠤ ᠠᠵᠢᠯ ᠢ ᠴᠢᠩᠭᠠᠳᠬᠠᠵᠤ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠪᠠ ᠨᠢᠭᠦᠯᠡᠰᠦᠩᠭᠦᠢ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃     ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠦᠭᠰᠡᠨ ᠦᠶ᠎ᠡ ᠳᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠪᠠ ᠰᠠᠶᠢᠨ ᠲᠤᠷᠠᠴᠤᠤᠯ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠵᠣᠬᠢᠴᠠᠭᠤᠯᠭ᠎ᠠ ᠵᠢᠯᠣᠭᠤᠳᠤᠯᠭ᠎ᠠ  ᠪᠠᠷ ᠨᠢᠭᠦᠯᠡᠰᠦᠩᠭᠦᠢ ᠶᠢᠨ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠬᠦ ᠪᠤᠶᠤ ᠣᠷᠣᠯᠴᠠᠬᠤ ᠶᠢ ᠵᠣᠷᠢᠭᠵᠢᠭᠤᠯᠤᠨ᠎ᠠ     ᠲᠠᠯᠠᠨ ᠬᠤᠶᠠᠳᠤᠭᠠᠷ ᠵᠦᠢᠯ᠄ ᠬᠦᠨᠳᠦ ᠶᠡᠭᠡ ᠭᠡᠨᠡᠳᠲᠡ ᠶᠢᠨ ᠬᠡᠷᠡᠭ ᠢ  ᠠᠷᠭᠠᠴᠠᠭᠠᠬᠤ ᠶᠢᠨ ᠲᠥᠯᠥᠭᠡ ᠢᠯᠡ ᠪᠠᠷ ᠬᠠᠨᠳᠢᠪ ᠴᠤᠭᠯᠠᠭᠤᠯᠬᠤ ᠳᠤ ᠴᠤᠭᠯᠠᠭᠤᠯᠵᠤ ᠣᠯᠣᠭᠰᠠᠨ ᠵᠣᠭᠤᠰ ᠮᠥᠩᠭᠦ ᠡᠳ᠋ ᠪᠣᠳᠠᠰ ᠢ ᠴᠠᠭ ᠲᠤᠬᠠᠢ  ᠳᠤ ᠨᠢ ᠬᠤᠪᠢᠶᠠᠷᠢᠯᠠᠬᠤ ᠪᠤᠶᠤ ᠬᠡᠷᠡᠭᠯᠡᠵᠦ᠂ ᠪᠠᠴᠢᠮ ᠢ  ᠠᠷᠭᠠᠴᠠᠭᠠᠬᠤ ᠪᠠ ᠠᠪᠤᠷᠠᠨ ᠲᠤᠰᠠᠯᠠᠬᠤ ᠱᠠᠲᠤᠨ ᠳᠤ ᠴᠤᠭᠯᠠᠭᠤᠯᠵᠤ ᠣᠯᠣᠭᠰᠠᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠤᠭᠰᠠᠨ ᠪᠠᠶᠢᠳᠠᠯ ᠢᠶᠠᠨ ᠠᠳᠠᠭ ᠲᠤ ᠪᠠᠨ ᠲᠠᠪᠤ ᠬᠤᠨᠤᠭ ᠲᠤᠳᠤᠮ ᠢᠯᠡᠵᠢᠬᠦᠯᠵᠤ᠂ ᠬᠤᠪᠢᠶᠠᠷᠢᠯᠠᠭᠰᠠᠨ᠂ ᠬᠡᠷᠡᠭᠯᠡᠭᠰᠡᠨ ᠪᠠᠶᠢᠳᠠᠯ ᠢᠶᠠᠨ ᠴᠦ ᠴᠠᠭ ᠲᠤᠬᠠᠢ ᠳᠤ  ᠨᠢ ᠢᠯᠡᠵᠢᠬᠦᠯᠬᠦ ᠬᠡᠷᠡᠭᠲᠡᠢ᠃    ᠲᠠᠯᠠᠨ ᠭᠤᠷᠪᠠᠳᠤᠭᠠᠷ ᠵᠦᠢᠯ᠄ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠶᠢᠨ ᠲᠥᠯᠥᠭᠡ ᠢᠯᠡ ᠪᠠᠷ ᠬᠠᠨᠳᠢᠪ ᠴᠤᠭᠯᠠᠭᠤᠯᠬᠤ ᠳᠤ ᠬᠠᠨᠳᠢᠪ ᠴᠤᠭᠯᠠᠭᠤᠯᠬᠤ ᠠᠵᠢᠯᠯᠠᠭ᠎ᠠ ᠠᠴᠠ ᠡᠮᠦᠨ᠎ᠡ ᠬᠠᠨᠳᠢᠪ ᠴᠤᠭᠯᠠᠭᠤᠯᠬᠤ ᠲᠥᠰᠥᠯ ᠢᠶᠠᠨ ᠳᠠᠩᠰᠠᠯᠠᠭᠤᠯᠬᠤ ᠶᠢᠨ ᠠᠷᠭ᠎ᠠ ᠦᠭᠡᠢ ᠪᠤᠯ ᠠᠵᠢᠯᠯᠠᠭ᠎ᠠ ᠡᠬᠢᠯᠡᠭᠰᠡᠨ ᠤ ᠠᠷᠪᠠᠨ ᠬᠤᠨᠤᠭ ᠲᠤ ᠳᠠᠩᠰᠠᠯᠠᠭᠤᠯᠬᠤ ᠭᠠᠷ ᠭᠦᠢᠴᠡᠳᠬᠡᠯ ᠢ ᠨᠦᠬᠦᠪᠤᠷᠢᠯᠡᠬᠦ ᠬᠡᠷᠡᠭᠲᠡᠢ᠃     ᠲᠠᠯᠠᠨ ᠳᠥᠷᠪᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠬᠠᠨᠳᠢᠪᠯᠠᠬᠰᠠᠨ ᠵᠣᠭᠤᠰ ᠮᠥᠩᠭᠦ ᠡᠳ᠋ ᠪᠣᠳᠠᠰ ᠢ ᠬᠤᠪᠢᠶᠠᠷᠢᠯᠠᠨ ᠬᠦᠷᠭᠡᠬᠦ ᠳᠤ ᠲᠦᠬᠦᠮ ᠨᠥᠬᠦᠴᠡᠯ ᠬᠠᠩᠭᠠᠬᠤ ᠬᠡᠷᠡᠭᠲᠡᠢ᠂ ᠰᠤᠮᠤ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ  ᠬᠠᠨᠳᠢᠪᠯᠠᠬᠰᠠᠨ ᠵᠣᠭᠤᠰ ᠮᠥᠩᠭᠦ ᠡᠳ᠋ ᠪᠣᠳᠠᠰ ᠢ ᠬᠤᠪᠢᠶᠠᠷᠢᠯᠠᠨ ᠬᠦᠷᠭᠡᠬᠦ᠂ ᠮᠡᠳᠡᠭᠡ ᠵᠠᠩᠭᠢ ᠶᠢ ᠪᠦᠷᠢᠳᠬᠡᠬᠦ ᠵᠡᠷᠭᠡ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠬᠦ ᠬᠡᠷᠡᠭᠲᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号