ᠰᠦᠨ ᠱᠤᠤ ᠴᠸᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ — ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠤ ᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠳᠤ ᠸᠢᠳᠢᠤ᠋ ᠪᠠᠷ ᠤᠷᠤᠯᠴᠠᠪᠠ
ᠨᠡᠶᠢᠲᠡᠯᠡᠭᠰᠡᠨ ᠴᠠᠭ᠄
2024/10/15
ᠰᠦᠨ ᠱᠤᠤ ᠴᠸᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ  — ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠤ ᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠳᠤ ᠸᠢᠳᠢᠤ᠋ ᠪᠠᠷ ᠤᠷᠤᠯᠴᠠᠪᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠭᠠᠳᠠᠭᠠᠳᠤ ᠲᠠᠢ ᠬᠠᠷᠢᠯᠴᠠᠬᠤ ᠬᠡᠯᠲᠡᠰ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠯᠶᠤᠤᠨᠢᠩ ᠮᠤᠵᠢ ᠶᠢᠨ ᠬᠤᠷᠢᠶ᠎ᠠ᠂ ᠬᠢᠷᠢᠨ ᠮᠤᠵᠢ ᠶᠢᠨ ᠬᠤᠷᠢᠶ᠎ᠠ᠂ ᠬᠠᠷᠠᠮᠥ᠋ᠷᠡᠨ ᠮᠤᠵᠢ ᠶᠢᠨ ᠬᠤᠷᠢᠶ᠎ᠠ ᠶᠢᠨ ᠬᠢᠨ ᠤ 10 ᠳ᠋ᠤᠭᠠᠷ ᠰᠠᠷ᠎ᠠ ᠶᠢᠨ 14  ᠤ ᠡᠳᠦᠷ ᠬᠠᠮᠲᠤᠷᠠᠨ ᠡᠷᠬᠢᠯᠡᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ  — ᠰᠢ ᠵᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠤ ᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠬᠢᠷᠢᠨ ᠮᠤᠵᠢ ᠶᠢᠨ ᠴᠠᠩᠴᠦ᠋ᠨ ᠬᠤᠳᠠ ᠳᠤ ᠶᠠᠪᠤᠭᠳᠠᠪᠠ ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠸᠢᠳᠢᠤ᠋ ᠪᠠᠷ ᠪᠠᠶᠠᠷ ᠤᠨ ᠦᠭᠡ ᠬᠡᠯᠡᠭᠰᠡᠨ ᠪᠥᠭᠡᠳ ᠠᠰᠠᠭᠤᠯᠲᠠ ᠶᠢ ᠬᠠᠷᠢᠭᠤᠯᠵᠠᠢ᠃
 W020241015299099356117.jpg   
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠭᠠᠳᠠᠭᠠᠳᠤ ᠲᠠᠢ ᠬᠠᠷᠢᠯᠴᠠᠬᠤ ᠬᠡᠯᠲᠡᠰ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠯᠶᠤᠤᠨᠢᠩ ᠮᠤᠵᠢ ᠶᠢᠨ ᠬᠤᠷᠢᠶ᠎ᠠ᠂ ᠬᠢᠷᠢᠨ ᠮᠤᠵᠢ ᠶᠢᠨ ᠬᠤᠷᠢᠶ᠎ᠠ᠂ ᠬᠠᠷᠠᠮᠥ᠋ᠷᠡᠨ ᠮᠤᠵᠢ ᠶᠢᠨ ᠬᠤᠷᠢᠶ᠎ᠠ ᠶᠢᠨ ᠬᠢᠨ ᠤ 10 ᠳ᠋ᠤᠭᠠᠷ ᠰᠠᠷ᠎ᠠ ᠶᠢᠨ 14  ᠤ ᠡᠳᠦᠷ ᠬᠠᠮᠲᠤᠷᠠᠨ ᠡᠷᠬᠢᠯᠡᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ︱ ᠰᠢ ᠵᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠤ ᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠬᠢᠷᠢᠨ ᠮᠤᠵᠢ ᠶᠢᠨ ᠴᠠᠩᠴᠦ᠋ᠨ ᠬᠤᠳᠠ ᠳᠤ ᠶᠠᠪᠤᠭᠳᠠᠪᠠ ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠸᠢᠳᠢᠤ᠋ ᠪᠠᠷ ᠪᠠᠶᠠᠷ ᠤᠨ ᠦᠭᠡ ᠬᠡᠯᠡᠭᠰᠡᠨ ᠪᠥᠭᠡᠳ ᠠᠰᠠᠭᠤᠯᠲᠠ ᠶᠢ ᠬᠠᠷᠢᠭᠤᠯᠵᠤ ᠪᠠᠶᠢᠭ᠎ᠠ ᠨᠢ      ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ    ᠰᠦᠨ ᠱᠤᠤ ᠴᠧᠩ᠄ ︽ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠢ ᠲᠤᠶᠢᠯ ᠢᠶᠠᠷ ᠬᠠᠯᠠᠮᠵᠢᠯᠠᠵᠤ  ᠥᠪᠥᠷ ᠮᠣᠩᠭᠤᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠡᠶ᠎ᠡ ᠪᠠᠷ ᠢᠶᠠᠨ ᠵᠢᠷᠤᠭᠯᠠᠵᠤ ᠥᠪᠥᠷ ᠮᠣᠩᠭᠤᠯ ᠳᠤ ︿ᠲᠠᠪᠤᠨ ᠶᠡᠭᠡ ᠡᠭᠦᠷᠭᠡ ﹀ ᠲᠤᠰᠢᠶᠠᠬᠰᠠᠨ ᠶᠤᠮ᠃ ᠰᠢ ᠶᠢᠨ ᠫᠢᠩ ᠶᠡᠷᠦᠩᠬᠡᠢ ᠱᠦᠵᠢ  ᠪᠣᠯᠣᠨ ᠨᠠᠮ ᠤᠨ ᠲᠥᠪ ᠬᠤᠷᠢᠶᠠᠨ ᠤ ᠬᠠᠯᠠᠮᠵᠢᠯᠠᠯ  ᠢᠶᠠᠷ ᠥᠪᠥᠷ ᠮᠣᠩᠭᠤᠯ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷᠯᠢᠭ ᠬᠥᠭᠵᠢᠯᠲᠡ᠂ ︿ᠤᠮᠠᠷᠠᠲᠤ ᠶᠢᠨ ᠭᠤᠷᠪᠠᠨ ᠣᠷᠣᠨ ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢ ᠶᠡᠭᠡ ᠪᠠᠷ ᠬᠦᠷᠳᠡᠭᠰᠡᠨ ᠪᠠᠶᠢᠨ᠎ᠠ᠃ ᠨᠢᠳᠤᠨᠤᠨ ᠤ 10 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠪᠠᠰᠠ ︿ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ﹀ ᠢ ᠨᠡᠶᠢᠲᠡᠯᠡᠪᠡ᠂  ᠡᠨᠡ ᠪᠦᠬᠦᠨ ᠨᠢ ᠥᠪᠥᠷ ᠮᠣᠩᠭᠤᠯ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠬᠠᠩᠭᠠᠭᠰᠠᠨ ᠪᠠᠶᠢᠨ᠎ᠠ︾ ᠬᠡᠵᠡᠢ᠃
W020241015299099382320.jpg
     ᠰᠦᠨ ᠱᠤᠤ ᠴᠧᠩ᠄ ︽ᠥᠪᠥᠷ ᠮᠣᠩᠭᠤᠯ ᠤᠨ ᠬᠢᠨ ᠤᠷᠴᠢᠮ ᠤᠨ ᠵᠢᠯ ᠠᠴᠠ ᠰᠢ ᠶᠢᠨ ᠫᠢᠩ ᠶᠡᠷᠦᠩᠬᠡᠢ ᠱᠦᠵᠢ    ᠶᠢᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠭᠰᠡᠨ ᠢᠶᠠᠷ ᠠᠮᠢ ᠠᠬᠤᠢ ᠶᠢᠨ ᠣᠷᠴᠢᠨ ᠲᠣᠭᠤᠷᠢᠨ  ᠮᠠᠰᠢᠳᠠ ᠰᠠᠶᠢᠵᠢᠷᠠᠵᠤ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠡᠷᠴᠢᠮᠵᠢᠬᠡᠳ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠥᠷᠨᠢᠩᠭᠦᠢ ᠬᠥᠭᠵᠢᠵᠦ ᠭᠠᠳᠠᠭᠠᠳᠤ ᠨᠡᠭᠡᠭᠡᠯᠲᠡ ᠲᠠᠰᠤᠷᠠᠯᠳᠡ ᠦᠭᠡᠢ ᠦᠷᠬᠡᠵᠢᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠡᠬᠢᠯᠡᠯᠲᠡ ᠶᠢᠨ ᠬᠠᠨᠳᠤᠰᠢ ᠲᠠᠢ ᠪᠤᠯᠤᠭᠠᠳ ᠡᠯ᠎ᠡ ᠠᠵᠢᠯ ᠳᠤ ᠲᠤᠪᠤᠶᠢᠮ᠎ᠠ ᠠᠮᠵᠢᠯᠲᠠ ᠣᠯᠵᠠᠢ᠃ ᠬᠥᠭᠵᠢᠯᠲᠡ ᠶᠢ ᠠᠬᠢᠭᠤᠯᠬᠤ ᠶᠢᠨ ᠬᠠᠮᠲᠤ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ︿ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷ᠎ᠡ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠢᠨ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ﹀ ᠭᠡᠰᠡᠨ ᠴᠢᠬᠤᠯᠠ ᠱᠠᠭᠠᠷᠳᠠᠯᠭ᠎ᠠ  ᠶᠢ ᠬᠢᠨᠠᠮᠠᠭᠠᠢ ᠨᠠᠶᠢᠳᠠᠪᠤᠷᠢᠵᠢᠭᠤᠯᠵᠤ ᠠᠵᠢᠯ ᠣᠯᠭᠤᠯᠲᠠ᠂ ᠣᠷᠣᠯᠭ᠎ᠠ ᠶᠢᠨ ᠨᠡᠮᠡᠭᠳᠡᠯ ᠪᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦ ᠲᠠᠯᠪᠢᠨ ᠰᠠᠶᠢᠲᠤᠷ ᠬᠢᠭᠰᠡᠨ ᠢᠶᠠᠷ ᠠᠷᠠᠳ ᠤᠨ ᠠᠮᠢᠳᠤᠷᠠᠯ ᠤᠯᠠᠮ ᠰᠠᠶᠢᠵᠢᠷᠠᠵᠤ᠂ ᠵᠢᠷᠭᠠᠯᠳᠤ ᠲᠥᠷᠥᠭᠳᠡᠯ ᠤᠯᠠᠮ ᠠᠴᠠ ᠤᠯᠠᠮ  ᠴᠢᠩᠭᠠᠷᠠᠭᠠᠳ ᠬᠠᠨᠤᠮᠵᠢ ᠶᠢᠨ ᠬᠡᠮᠵᠢᠶ᠎ᠡ ᠤᠯᠠᠮ ᠠᠴᠠ ᠤᠯᠠᠮ ᠲᠡᠭᠡᠭᠰᠢᠯᠡᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠢ ᠰᠡᠳᠬᠢᠯ ᠤᠨ ᠤᠭ ᠠᠴᠠ ᠪᠠᠨ ᠳᠤᠷᠠᠰᠤᠨ ᠰᠠᠨᠠᠭᠠᠯᠵᠠᠵᠤ᠂  ᠰᠢ ᠶᠢᠨ ᠫᠢᠩ ᠶᠡᠷᠦᠩᠬᠡᠢ ᠱᠦᠵᠢ ᠶᠢᠨ ᠰᠠᠶᠢᠨ ᠢ ᠳᠤᠷᠠᠰᠤᠨ ᠰᠠᠨᠠᠭᠠᠯᠵᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠤᠨ ᠭᠦᠨ   ᠳᠤ ᠪᠠᠨ ᠬᠠᠳᠠᠩᠰᠢᠭᠤᠯᠤᠭᠠᠳ ᠤᠯᠠᠨ ᠢᠶᠠᠷ ᠢᠶᠠᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ  ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ  ᠬᠠᠮᠳᠤ ᠪᠠᠷ ᠪᠦᠲᠦᠭᠡᠨ ᠪᠠᠶᠢᠭᠤᠯᠵᠤ ᠰᠠᠶᠢᠨ ᠰᠠᠶᠢᠬᠠᠨ ᠠᠮᠢᠳᠤᠷᠠᠯ ᠢ  ᠴᠤᠭ ᠲᠤ ᠪᠠᠨ ᠴᠤᠬᠴᠠᠯᠠᠵᠤ ᠪᠠᠶᠢᠨ᠎ᠠ︾ ᠬᠡᠯ᠎ᠡ᠃    ᠰᠦᠨ ᠱᠤᠤ ᠴᠸᠡᠭ᠄ ︽ᠥᠪᠥᠷ ᠮᠣᠩᠭᠤᠯ ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠂ ᠥᠩᠭᠡ ᠦᠵᠡᠮᠵᠢ ᠰᠦᠷᠯᠢᠭ ᠰᠠᠶᠢᠬᠠᠨ᠂ ᠣᠷᠣᠨ ᠪᠠᠶᠢᠷᠢ ᠳᠠᠪᠠᠭᠤᠯᠢᠭ᠂ ᠬᠥᠭᠵᠢᠯᠲᠡ ᠶᠢᠨ ᠨᠥᠬᠦᠴᠡᠯ ᠤᠯᠠᠨ ᠠᠴᠠ ᠣᠨᠴᠠᠭᠠᠢ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠶᠤᠮ᠂ ᠪᠢᠳᠡ ᠬᠤᠯᠪᠣᠭᠳᠠᠯ ᠪᠦᠬᠦᠢ ᠤᠯᠤᠰ ᠣᠷᠣᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ  ᠳᠤᠷᠠᠲᠠᠶ᠎ᠠ ᠴᠢᠩᠭᠠᠳᠬᠠᠵᠤ᠂ ᠰᠠᠶᠢᠨ ᠰᠠᠶᠢᠬᠠᠨ ᠢᠷᠡᠭᠡᠳᠦᠢ ᠪᠠᠨ  ᠬᠠᠮᠳᠤ ᠪᠠᠷ ᠴᠤᠬᠴᠠᠯᠠᠨ᠎ᠠ︾ ᠭᠡᠵᠦ ᠬᠡᠯᠡᠪᠡ᠃   ᠰᠦᠨ ᠱᠤᠤ ᠴᠧᠩ ᠪᠠᠰᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠤᠷᠰᠢᠯᠭ᠎ᠠ ᠪᠣᠯᠣᠨ ᠳᠠᠷᠠᠭᠠᠴᠢ ᠶᠢᠨ  ᠲᠥᠯᠥᠪᠯᠡᠭᠡ ᠶᠢᠨ ᠲᠤᠬᠠᠢ ᠬᠥᠲᠥᠯᠥᠭᠴᠢ ᠶᠢᠨ ᠠᠰᠠᠭᠤᠯᠲᠠ ᠶᠢ ᠬᠠᠷᠢᠭᠤᠯᠵᠠᠢ     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠠᠩ ᠶᠢᠨ ᠨᠠᠷ ᠠᠵᠢᠯᠯᠠᠭ᠎ᠠ ᠳᠤ ᠣᠷᠣᠯᠴᠠᠪᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号